8 ᠰᠠᠷ᠎ᠠ ᠵᠢᠨ 27᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠬᠥᠬᠡᠬᠣᠲᠠ᠎ᠳᠤ ᠡᠬᠢᠯᠡᠪᠡ᠃


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠠᠶᠠᠷ᠎ᠤᠨ ᠵᠠᠬᠢᠳᠠᠯ ᠢᠯᠡᠭᠡᠵᠦ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠤᠷᠤᠯᠳᠤᠭ᠋ᠠᠨ ᠡᠬᠢᠯᠡᠭᠰᠡᠨ᠎ᠢ ᠵᠠᠷᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ ᠡᠬᠢᠯᠡᠯᠲᠡ ᠵᠢᠨ ᠶᠣᠰᠣᠯᠠᠯ᠎ᠢ ᠡᠷᠭᠢᠯᠡᠭᠰᠡᠨ ᠪᠥᠭᠡᠳ ᠪᠠᠶᠠᠷ᠎ᠤᠨ ᠵᠠᠬᠢᠳᠠᠯ᠎ᠢ ᠤᠩᠰᠢᠨ ᠨᠡᠶ᠋ᠢᠲᠡᠯᠡᠪᠡ᠃ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢᠨ ᠵᠤᠷᠭ᠋ᠠᠨ᠎ᠤ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠸᠠᠩ ᠰᠢᠶᠤᠤ ᠵᠢᠶᠦ᠋ᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ᠂ ᠬᠥᠬᠡᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠾᠧ ᠬᠠᠶ ᠳ᠋ᠦᠩ ᠲᠣᠰ ᠲᠣᠰ ᠪᠠᠶᠠᠷ᠎ᠤᠨ ᠦᠭᠡ ᠬᠡᠯᠡᠪᠡ᠃
ᠰᠦᠨ ᠱᠤᠤ ᠴᠧᠩ ᠪᠠᠶᠠᠷ᠎ᠤᠨ ᠵᠠᠬᠢᠳᠠᠯ᠎ᠳᠠᠭᠠᠨ ᠤᠷᠤᠯᠳᠤᠭ᠋ᠠᠨ᠎ᠢ ᠡᠷᠬᠢᠯᠡᠭᠰᠡᠡ᠎ᠳᠤ ᠬᠠᠯᠠᠭᠤᠨ ᠪᠠᠶᠠᠷ
ᠬᠦᠷᠭᠡᠵᠦ᠂ ᠤᠷᠤᠯᠳᠤᠭ᠋ᠠᠨ᠎ᠳᠤ ᠣᠷᠣᠯᠴᠠᠭᠰᠠᠳ ᠪᠣᠯᠤᠨ ᠥᠷᠭᠡᠨ ᠤᠯᠠᠨ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃ ᠲᠡᠷᠡ ᠪᠠᠶᠠᠷ᠎ᠤᠨ ᠵᠠᠬᠢᠳᠠᠯ᠎ᠳᠠᠭᠠᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠬᠢᠯᠡᠬᠦ᠎ᠨᠢ ᠥᠷᠭᠡᠨ ᠤᠯᠠᠨ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠳᠤ ᠤᠷ᠎ᠠ ᠴᠢᠳᠠᠪᠤᠷᠢ᠎ᠪᠠᠨ ᠢᠯᠡᠷᠡᠭᠦᠯᠬᠦ᠂ ᠤᠷ᠎ᠠ ᠮᠡᠷᠭᠡᠵᠢᠯ ᠵᠶ᠋ᠠᠨ ᠰᠣᠯᠢᠯᠴᠠᠬᠤ ᠲᠠᠪᠴᠠᠩ ᠬᠠᠩᠭ᠋ᠠᠵᠤ᠂ ᠪᠦᠬᠦ ᠣᠷᠣᠨ᠎ᠤ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠶ᠋ᠢᠷᠠᠭᠤᠯᠬᠤ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠢᠳᠡᠪᠬᠢ ᠦᠢ᠍ᠯᠡᠳᠦᠯ᠎ᠲᠠᠢ ᠶᠤᠮ᠃ ᠤᠷᠤᠯᠳᠤᠭ᠋ᠠᠨ᠎ᠳᠤ ᠣᠷᠣᠯᠴᠠᠭᠰᠠᠳ ᠡᠷᠡᠯᠬᠡᠭᠯᠡᠨ ᠲᠡᠮᠡᠴᠡᠵᠦ᠂ ᠬᠡᠪ ᠨᠠᠮᠪᠠ᠎ᠪᠠᠨ ᠭᠠᠶ᠋ᠢᠬᠠᠭᠤᠯᠵᠤ᠂ ᠰᠢᠯᠢᠳᠡᠭ ᠬᠢᠷᠢ ᠪᠦᠲᠦᠮᠵᠢ ᠵᠢ ᠴᠢᠷᠮᠠᠶ᠋ᠢᠨ ᠡᠭᠦᠳᠴᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠷ᠎ᠠ ᠮᠡᠷᠭᠡᠰᠢᠯ᠎ᠤᠨ ᠴᠢᠳᠠᠪᠤᠷᠢᠲᠠᠨ᠎ᠤ ᠰᠢᠨ᠎ᠡ ᠴᠣᠭ ᠵᠢᠪᠬᠤᠭ᠎ᠠ ᠵᠢ ᠢᠯᠡᠷᠡᠭᠦᠯᠬᠦ ᠵᠢ ᠬᠦᠰᠡᠵᠦ ᠪᠠᠶ᠋ᠢᠨ᠎ᠠ᠃ ᠰᠢᠨ᠎ᠡ ᠴᠠᠭ ᠦᠶ᠎ᠡ᠎ᠳᠤ ᠥᠪᠥᠷ ᠮᠣᠩᠭᠣᠯ᠎ᠤᠨ ᠬᠥᠭᠵᠢᠯᠲᠡ᠎ᠳᠤ ᠤᠷ᠎ᠠ ᠴᠢᠳᠠᠪᠤᠷᠢ᠎ᠲᠠᠢ ᠴᠢᠳᠠᠪᠤᠷᠢᠲᠠᠨ ᠨᠡᠩ ᠢᠯᠡᠭᠦᠦ ᠱᠠᠭ᠋ᠠᠷᠳᠠᠭᠳᠠᠨ᠎ᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠷ᠎ᠠ ᠴᠢᠳᠠᠪᠤᠷᠢ᠎ᠲᠠᠢ ᠴᠢᠳᠠᠪᠤᠷᠢᠲᠠᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠲᠦᠷᠢᠮ᠎ᠢ ᠪᠦᠷᠢᠨᠰᠢᠬᠦᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠨ᠂ ᠶᠡᠬᠡ ᠬᠡᠪᠴᠢᠶ᠎ᠡ᠎ᠪᠠᠷ ᠥᠷᠨᠢᠭᠦᠯᠵᠦ᠂ ᠪᠦᠬᠦ ᠨᠡᠶ᠋ᠢᠭᠡᠮ᠎ᠳᠤ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ ᠪᠠ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠨᠡᠩ ᠤᠯᠠᠨ ᠬᠥᠳᠡᠯᠮᠦᠷᠢᠴᠢᠨ ᠢᠯᠠᠩᠭᠤᠶ᠎ᠠ ᠵᠠᠯᠠᠭᠤ ᠨᠢᠭᠡ ᠦᠶ᠎ᠡ ᠵᠢᠨ᠎ᠬᠢᠨ᠎ᠤ ᠤᠷ᠎ᠠ ᠴᠢᠳᠠᠪᠤᠷᠢ᠎ᠲᠠᠢ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ ᠵᠠᠮ ᠵᠶ᠋ᠠᠷ ᠵᠠᠮᠨᠠᠬᠤ ᠵᠢ ᠵᠣᠷᠢᠭᠵᠢᠭᠤᠯᠤᠨ ᠬᠦᠳᠦᠯᠦᠨ ᠵᠢᠯᠣᠭᠣᠳᠴᠤ᠂ ᠤᠳᠤᠬᠢᠴᠢᠯᠠᠯᠳᠠ ᠵᠢᠨ ᠪᠦᠳᠦᠭᠡᠨ ᠪᠠᠶ᠋ᠢᠭᠤᠯᠤᠯᠲᠠ ᠵᠢᠨ ᠭᠠᠯ ᠬᠠᠯᠠᠭᠤᠨ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠡᠢ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠤᠷ᠎ᠠ ᠮᠡᠷᠭᠡᠵᠢᠯ᠎ᠲᠠᠢ ᠴᠢᠳᠠᠪᠤᠷᠢᠲᠠᠨ᠎ᠤ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠮᠡᠷᠭᠡᠵᠢᠯ ᠴᠢᠳᠠᠪᠤᠷᠢ ᠵᠢᠨ ᠥᠪᠥᠷ ᠮᠣᠩᠭᠣᠯ᠎ᠤᠨ ᠠᠵᠢᠯᠯᠠᠭ᠎ᠠ》 ᠵᠢ ᠭᠦᠨᠵᠡᠭᠡᠶ ᠬᠡᠷᠡᠭᠵᠢᠬᠦᠯᠦᠨ᠂ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠠᠵᠢᠯ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠵᠢ ᠲᠠᠰᠤᠷᠠᠯ ᠦᠭᠡᠢ ᠲᠡᠭᠦᠯᠳᠡᠷᠵᠢᠬᠦᠯᠦᠨ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠲᠦᠷᠭᠡᠰᠦᠨ᠂ ᠨᠢᠭᠡ ᠪᠦᠯᠦᠭ ᠮᠡᠷᠭᠡᠵᠢᠯ ᠰᠠᠶ᠋ᠢᠨ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ ᠴᠤᠯᠭᠤᠷᠠᠨ ᠭᠠᠷᠴᠠᠢ᠂ 7 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠤᠷ᠎ᠠ ᠮᠡᠷᠭᠡᠵᠢᠯ᠎ᠲᠠᠢ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 363 ᠲᠦᠮᠡᠨ ᠬᠥᠮᠦᠨ᠎ᠳᠤ ᠬᠥᠷᠪᠡ᠂ ᠡᠭᠦᠨ᠎ᠳᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ 108 ᠲᠦᠮᠡ ᠪᠠᠶ᠋ᠢᠨ᠎ᠠ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠢ
ᠠᠬᠢᠭᠤᠯᠬᠤ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ 2022 ᠣᠨ᠎ᠠᠴᠠ ᠡᠬᠢᠯᠡᠨ ᠬᠣᠶᠠᠷ ᠵᠢᠯ ᠪᠦᠷᠢ᠎ᠳᠤ ᠨᠢᠭᠡ ᠬᠤᠭᠤᠴᠠᠭ᠋ᠠᠨ᠎ᠤ ᠪᠥᠬᠥ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠵᠦ᠂ ᠲᠠᠷᠠᠭ᠋ᠠᠴᠢ ᠵᠢᠨ ᠬᠤᠭᠤᠴᠠᠭ᠋ᠠᠨ᠎ᠤ ᠤᠷᠤᠯᠳᠤᠭ᠋ᠠᠨ᠎ᠢ ᠪᠤᠭᠤᠲᠤ ᠬᠣᠲᠠ᠎ᠳᠤ ᠶᠠᠪᠤᠭᠳᠠᠭᠤᠯᠬᠤ ᠪᠣᠯᠤᠨ᠎ᠠ᠃
ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠬᠡᠬᠣᠲᠠ ᠵᠢᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠭᠢᠯᠡᠵᠦ᠂ 《ᠮᠡᠷᠭᠡᠵᠢᠯ ᠵᠶ᠋ᠠᠷ ᠤᠮᠠᠷᠠᠲᠤ ᠬᠢᠯᠢ᠎ᠪᠠᠨ ᠮᠠᠨᠳᠤᠭᠤᠯᠬᠤ᠂ ᠢᠷᠡᠭᠡᠳᠦᠶ᠎ᠪᠠᠨ ᠴᠣᠭᠴᠠᠯᠠᠬᠤ》᠎ᠪᠠᠷ ᠭᠤᠤᠯ ᠰᠡᠳᠦᠪ ᠪᠣᠯᠭ᠋ᠠᠨ᠂ 5 ᠶᠡᠬᠡ ᠲᠥᠷᠥᠯ 50 ᠤᠷᠤᠯᠳᠤᠭ᠋ᠠᠨ᠎ᠤ ᠲᠥᠷᠥᠯ ᠵᠦᠢ᠍ᠯ᠎ᠢ ᠲᠤᠬᠢᠷᠠᠭᠤᠯᠵᠤ᠂ ᠪᠥᠬᠥ ᠣᠷᠣᠨ᠎ᠤ ᠡᠯ᠎ᠡ ᠭᠠᠵᠠᠷ᠎ᠤᠨ 941 ᠰᠢᠯᠢᠳᠡᠭ ᠤᠷ᠎ᠠ ᠴᠢᠳᠠᠪᠤᠷᠢ ᠵᠢᠨ ᠤᠷᠤᠯᠴᠠᠭᠴᠢ ᠤᠷᠤᠯᠳᠤᠭ᠋ᠠᠨ᠎ᠳᠤ ᠣᠷᠣᠯᠴᠠᠵᠤ᠂ ᠥᠪᠥᠷ ᠮᠣᠩᠭᠣᠯ᠎ᠤᠨ ᠣᠲᠣ ᠪᠣᠯᠲᠠᠯ᠎ᠠ ᠡᠷᠭᠢᠯᠡᠭᠰᠡᠨ ᠬᠡᠪ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠠᠷ ᠬᠠᠮᠤᠭ᠎ᠤᠨ ᠶᠡᠬᠡ᠂ ᠲᠥᠷᠥᠯ ᠵᠦᠢ᠍ᠯ ᠵᠶ᠋ᠠᠷ ᠬᠠᠮᠤᠭ᠎ᠤᠨ ᠣᠯᠠᠨ ᠨᠢᠭᠡ ᠤᠳᠠᠭ᠋ᠠᠨ᠎ᠤ ᠪᠥᠬᠥ ᠣᠷᠣᠨ᠎ᠤ ᠶᠡᠷᠦᠩᠬᠡᠶ᠋ᠢᠯᠡᠭᠰᠡᠨ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠤᠯᠤᠨ᠎ᠠ᠂ ᠤᠷᠤᠯᠳᠤᠭ᠋ᠠᠨ᠎ᠤ ᠬᠤᠭᠤᠴᠠᠭ᠋ᠠᠨ᠎ᠳᠤ᠂ ᠡᠯ᠎ᠡ ᠠᠶ᠋ᠢᠮᠠᠭ ᠬᠣᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠦᠵᠡᠭᠦᠯᠭᠡ᠂ ᠭᠣᠴᠣ ᠮᠡᠷᠭᠡᠵᠢᠯ᠎ᠤᠨ ᠲᠣᠭᠯᠠᠯᠲᠠ ᠵᠡᠷᠭᠡ ᠠᠵᠢᠯᠯᠠᠭ᠎ᠠ ᠵᠢ ᠡᠷᠬᠢᠯᠡᠨ᠎ᠡ᠃