ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠲᠤᠰᠠᠯᠠᠮᠵᠢ ᠵᠢᠨ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢᠨ ᠶᠣᠰᠣᠯᠠᠯ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2022-07-31

援助暖民心 1.jpg

  

      7 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠬᠠᠮᠲᠤᠷᠠᠨ ᠳᠠᠭ᠋ᠠᠭ᠋ᠠᠴᠢᠯᠠᠨ ᠡᠷᠭᠢᠯᠡᠭᠰᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠲᠤᠰᠠᠯᠠᠬᠤ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠭᠤᠤᠯ ᠬᠤᠷᠠᠯ᠎ᠤᠨ ᠲᠠᠯᠠᠪᠠᠶ᠎ᠳᠤ ᠵᠢᠩᠬᠢᠨᠢ᠎ᠪᠠᠷ ᠡᠬᠢᠯᠡᠭᠦᠯᠵᠦ᠂ ᠡᠯ᠎ᠡ ᠠᠶ᠋ᠢᠮᠠᠭ ᠬᠣᠲᠠ ᠵᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠵᠡᠷᠭᠡᠪᠡᠷ ᠡᠬᠢᠯᠡᠭᠦᠯᠪᠡ᠃ ᠬᠥᠬᠡᠬᠣᠲᠠ ᠵᠢᠨ ᠳᠡᠳ᠋ ᠳᠠᠷᠤᠭ᠎ᠠ ᠸᠠᠩ ᠶᠠᠨ ᠵᠢᠶᠦ᠋ᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠴᠤᠭ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠬᠡᠷᠡᠭ ᠡᠷᠬᠢᠯᠡᠭᠴᠢᠳ᠎ᠤᠨ ᠳᠡᠳ᠋ ᠳᠠᠷᠤᠭ᠎ᠠ ᠲᠠᠨ᠎ᠠ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠡᠬᠢᠯᠡᠯᠲᠡ ᠵᠢᠨ ᠶᠣᠰᠣᠯᠠᠯ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠯᠢᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠡᠷᠬᠢᠯᠡᠭᠴᠢ ᠹᠦ᠋ ᠯᠢᠩ ᠲᠤᠤ ᠠᠵᠢᠯᠯᠠᠭ᠎ᠠ᠎ᠳᠤ ᠣᠷᠣᠯᠴᠠᠪᠠ᠃


援助暖民心 2.jpg   


     2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠳᠤ ᠲᠤᠰᠠᠯᠠᠮᠵᠢ ᠦᠵᠡᠭᠦᠯᠬᠦ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢ ᠡᠷᠭᠢᠯᠡᠬᠦ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠪᠠᠲᠤᠯᠠᠬᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠦᠢ᠍ᠯᠡᠴᠢᠯᠡᠬᠦ᠂ ᠬᠣᠷᠢᠭ᠎ᠠ ᠱᠤᠭᠤᠮ᠎ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠵᠢᠯ ᠤᠯᠬᠤ᠎ᠳᠤ ᠬᠦᠴᠢᠷᠲᠡᠶ ᠬᠥᠮᠦᠰ᠎ᠲᠤ ᠲᠥᠪᠯᠡᠷᠡᠭᠦᠯᠦᠨ ᠠᠵᠢᠯ᠎ᠤᠨ ᠪᠠᠶ᠋ᠢᠷᠢ᠂ ᠦᠢ᠍ᠯᠡᠴᠢᠯᠡᠭᠡ᠂ ᠲᠥᠷᠥ ᠵᠢᠨ ᠪᠣᠳᠣᠯᠭ᠎ᠠ᠂ ᠬᠠᠶ᠋ᠢᠷ᠎ᠠ ᠬᠠᠯᠠᠮᠵᠢ ᠬᠦᠷᠭᠡᠬᠦ ᠠᠷᠭ᠎ᠠ ᠬᠡᠯᠪᠡᠷᠢ ᠵᠢ ᠠᠪᠴᠤ᠂ ᠪᠥᠬᠥ ᠨᠡᠶ᠋ᠢᠭᠡᠮ᠎ᠤᠨ ᠬᠦᠴᠦᠨ᠎ᠢ ᠲᠥᠪᠯᠡᠷᠡᠭᠦᠯᠦᠨ ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠵᠦ ᠠᠮᠵᠢᠯᠲᠠ᠎ᠲᠠᠢ᠎ᠪᠠᠷ ᠠᠵᠢᠯ ᠣᠯᠭᠤᠬᠤ ᠪᠤᠯᠤᠨ᠎ᠠ᠃


援助暖民心 3.jpg 

 

      ᠠᠵᠢᠯᠯᠠᠭ᠎ᠠ᠎ᠨᠢ 《ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ᠂ ᠠᠵᠢᠯ ᠣᠯᠭᠣᠯᠲᠠ ᠵᠢ ᠲᠤᠰᠠᠯᠠᠬᠤ᠂ ᠠᠷᠠᠳ᠎ᠤᠨ ᠵᠣᠪᠠᠭᠤᠷᠢ ᠵᠢ ᠠᠷᠢᠯᠭ᠋ᠠᠬᠤ》᠎ᠪᠠᠷ ᠭᠤᠤᠯ ᠰᠡᠳᠦᠪ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ᠂ 12 ᠠᠶ᠋ᠢᠮᠠᠭ ᠬᠣᠲᠠ᠂ 2 ᠠᠰ᠎ᠲᠠᠭᠠᠨ ᠲᠥᠯᠥᠪᠯᠡᠭᠡ ᠬᠢᠬᠦ ᠬᠣᠲᠠ ᠬᠣᠯᠪᠣᠭ᠋ᠠᠯᠠᠨ ᠬᠥᠳᠡᠯᠦᠯᠴᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 《1 + 12 + 2》᠎ᠤᠨ ᠵᠠᠭᠪᠤᠷ᠎ᠢ ᠬᠡᠷᠡᠭᠯᠡᠨ ᠥᠷᠨᠢᠭᠦᠯᠵᠦ᠂ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠪᠠ ᠰᠦᠯᠵᠢᠶ᠎ᠡ᠎ᠪᠠᠷ ᠠᠵᠢᠯᠲᠠᠨ ᠡᠯᠰᠡᠬᠦ᠂ 《ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ》 ᠵᠡᠷᠭᠡ ᠠᠵᠢᠯᠯᠠᠭ᠎ᠠ ᠵᠢ ᠵᠡᠷᠭᠡ᠎ᠪᠠᠷ ᠡᠷᠭᠢᠯᠡᠵᠦ᠂ ᠭᠤᠤᠯᠳᠠᠭᠤ 1 ᠵᠢᠯ᠎ᠠᠴᠠ ᠳᠡᠭᠡᠭᠰᠢ ᠠᠵᠢᠯ ᠠᠯᠳᠠᠭᠰᠠᠨ᠂ ᠨᠠᠰᠤ ᠠᠭᠢᠭᠰᠠᠨ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠶ᠋ᠢᠭ᠎ᠠ ᠬᠡᠷ ᠪᠦᠯᠢ᠂ ᠵᠡᠮᠳᠡᠭ ᠳᠠᠩᠰᠠᠯᠠᠭᠤᠯᠤᠭᠰᠠᠨ ᠠᠵᠢᠯ ᠠᠯᠳᠠᠭᠰᠠᠳ᠂ ᠨᠡᠯᠢᠶᠡᠳ ᠣᠷᠳᠣ ᠬᠤᠭᠤᠴᠠᠭ᠎ᠠ᠎ᠪᠠᠷ ᠠᠵᠢᠯ ᠣᠯᠤᠭ᠋ᠠᠳᠤᠶ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠠᠵᠢᠯ ᠤᠯᠬᠤ᠎ᠳᠤ ᠬᠦᠴᠢᠷᠲᠡᠶ ᠬᠥᠮᠦᠰ ᠵᠢᠴᠢ ᠪᠤᠰᠤᠳ ᠭᠤᠤᠯᠳᠠᠯᠭ᠎ᠠ᠎ᠲᠠᠢ ᠬᠦᠮᠦᠰ᠎ᠳᠤ  ᠬᠠᠨᠳᠤᠨ᠎ᠠ᠃ 7 ᠰᠠᠷ᠎ᠠ ᠵᠢᠨ 31᠎ᠤ ᠡᠳᠦᠷ ᠪᠣᠯᠲᠠᠯ᠎ᠠ᠂ ᠠᠵᠢᠯᠯᠠᠭ᠎ᠠ᠎ᠨᠢ ᠨᠡᠶ᠋ᠢᠲᠡ 683 ᠠᠵᠤ ᠠᠬᠤᠶ᠋ᠢᠯᠠᠯ᠎ᠢ ᠡᠯᠰᠡᠨ ᠴᠤᠭᠯᠠᠭᠤᠯᠵᠤ᠂ ᠡᠭᠦᠨ᠎ᠳᠤ ᠰᠦᠯᠵᠢᠶᠡᠨ ᠳᠡᠭᠡᠷᠡᠬᠢ ᠠᠵᠤ ᠠᠬᠤᠶ᠋ᠢᠯᠠᠯ 603᠂ ᠰᠦᠯᠵᠢᠶᠡᠨ ᠭᠠᠳᠠᠨᠠᠬᠢ ᠠᠵᠤ ᠠᠬᠤᠶ᠋ᠢᠯᠠᠯ 80 ᠪᠠᠶ᠋ᠢᠵᠤ᠂ ᠨᠡᠶ᠋ᠢᠲᠡ 3.08 ᠲᠦᠮᠡᠨ ᠠᠵᠢᠯ᠎ᠤᠨ ᠪᠠᠶ᠋ᠢᠷᠢ ᠬᠠᠩᠭ᠋ᠠᠪᠠ᠃


援助暖民心 4.jpg


        ᠭᠤᠤᠯ ᠬᠤᠷᠠᠯ᠎ᠤᠨ ᠲᠠᠯᠠᠪᠠᠶ᠎ᠳᠤ ᠠᠵᠢᠯᠲᠠᠨ ᠡᠯᠰᠡᠬᠦ ᠦᠢ᠍ᠯᠡᠴᠢᠯᠡᠭᠡᠨ᠎ᠤ ᠲᠤᠰᠬᠠᠶ ᠲᠣᠭᠣᠷᠢᠭ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠲᠤᠰᠬᠠᠶ ᠲᠣᠭᠣᠷᠢᠭ᠂ ᠠᠵᠢᠯ ᠣᠯᠭᠣᠯᠲᠠ ᠵᠢ ᠵᠢᠯᠣᠭᠣᠳᠬᠤ ᠲᠤᠰᠬᠠᠶ ᠲᠣᠭᠣᠷᠢᠭ᠂ ᠡᠬᠢᠯᠡᠯᠲᠡ ᠵᠢᠨ ᠶᠣᠰᠣᠯᠠᠯ ᠨᠡᠶ᠋ᠢᠲᠡᠯᠡᠬᠦ ᠲᠣᠭᠣᠷᠢᠭ ᠵᠡᠷᠭᠡ 4 ᠲᠤᠰᠬᠠᠶ ᠲᠣᠭᠣᠷᠢᠭ ᠭᠠᠷᠭ᠋ᠠᠪᠠ᠃ ᠠᠵᠢᠯᠯᠠᠭ᠎ᠠ ᠵᠢᠨ ᠬᠤᠭᠤᠴᠠᠭ᠋ᠠᠨ᠎ᠳᠤ ᠪᠠᠰᠠ ᠪᠥᠬᠥ ᠤᠯᠤᠰ᠎ᠤᠨ ᠠᠵᠢᠯ ᠤᠯᠬᠤ᠎ᠳᠤ ᠬᠦᠴᠢᠷᠲᠡᠶ ᠬᠥᠮᠦᠰ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠠᠭᠤᠰᠤᠯᠴᠠᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠳᠥᠷᠪᠡ ᠵᠢ ᠨᠢᠭᠡ ᠴᠣᠭᠴᠠᠵᠢᠭᠤᠯᠬᠤ》 ᠠᠵᠢᠯ ᠣᠯᠭᠣᠬᠤ  ᠦᠢ᠍ᠯᠡᠴᠢᠯᠡᠭᠡᠨ᠎ᠤ ᠡᠭᠦᠯᠡᠨ ᠲᠠᠪᠴᠠᠩ ᠵᠶ᠋ᠠᠷ ᠳᠠᠮᠵᠢᠭᠤᠯᠤᠨ᠂ ᠡᠯ᠎ᠡ ᠲᠥᠷᠥᠯ᠎ᠤᠨ ᠬᠦᠴᠢᠷᠳᠡᠯᠲᠡᠶ ᠬᠥᠮᠦᠰ᠎ᠲᠤ ᠠᠵᠢᠯ ᠣᠯᠭᠣᠬᠤ ᠪᠠ ᠬᠥᠮᠦᠨ ᠬᠡᠷᠡᠭᠯᠡᠬᠦ ᠨᠢᠭᠡᠴᠢ ᠵᠢᠨ ᠠᠵᠢᠯᠲᠠᠨ ᠡᠯᠰᠡᠬᠦ᠎ᠳᠤ ᠨᠠᠷᠢᠨ ᠣᠨᠣᠪᠴᠢᠲᠠᠶ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠪᠣᠯᠤᠨ᠎ᠠ᠃
        ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠬᠣᠶᠠᠷ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠷᠠᠳ᠎ᠤᠨ ᠶᠠᠪᠤᠳᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠤᠨ ᠬᠠᠮᠢᠶ᠎ᠠ ᠪᠥᠬᠥᠶ ᠭᠠᠵᠠᠷ ᠬᠡᠷ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠂ ᠲᠦᠮᠡᠳ ᠵᠡᠭᠦᠨ ᠬᠣᠰᠢᠭᠤᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠪᠣᠯᠤᠨ ᠬᠥᠮᠦᠨ ᠬᠡᠷᠡᠭᠯᠡᠬᠦ ᠨᠢᠭᠡᠴᠢ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠲᠥᠯᠥᠭᠡᠯᠡᠭᠴᠢ ᠭᠤᠤᠯ ᠬᠤᠷᠠᠯ᠎ᠤᠨ ᠲᠠᠯᠠᠪᠠᠶ ᠵᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ ᠤᠯᠠᠨ ᠲᠦᠮᠡᠨ᠎ᠢ ᠳᠣᠲᠣᠨᠣ ᠬᠥᠮᠦᠨ ᠵᠶ᠋ᠠᠨ ᠪᠣᠯᠭ᠋ᠠᠵᠤ᠂ ᠣᠯᠠᠨ ᠲᠦᠮᠡᠨ᠎ᠢ ᠬᠥᠮᠦᠨ᠎ᠢ ᠭᠤᠶᠤᠬᠤ ᠥᠬᠡᠶ᠎ᠪᠠᠷ ᠪᠡᠶᠡᠯᠡᠭᠦᠯᠵᠦ ᠳᠡᠶ᠋ᠢᠯᠬᠦ ᠪᠣᠯᠭ᠋ᠠᠬᠤ ᠬᠡᠷᠡᠭᠲᠡᠶ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠮᠤᠷ ᠲᠦᠪᠰᠢᠨ᠎ᠤ ᠱᠤᠭᠤᠮ᠎ᠢ ᠪᠠᠲᠤ ᠴᠣᠭᠴᠠᠯᠠᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠨ᠎ᠡ
2022 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠤᠨ᠎ᠤ ᠤᠯᠠᠷᠢᠯ᠎ᠤᠨ ᠠᠵᠢᠯᠳᠠᠨ ᠡᠯᠰᠡᠬᠦ ᠴᠤᠭᠯᠠᠭ᠋ᠠᠨ ᠦᠪᠡᠳᠡᠭᠰᠢ ᠶᠡᠬᠡ᠎ᠪᠠᠷ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 2022 ᠣᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
ᠥᠪᠥᠷ ᠮᠣᠩᠭᠣᠯ᠎ᠤᠨ ᠲᠦᠷᠦᠭᠦᠦ ᠪᠦᠯᠦᠭ᠎ᠤᠨ ᠠᠵᠢᠯ ᠦᠢ᠍ᠯᠡᠰ᠎ᠤᠨ ᠨᠢᠭᠡᠴᠡ ᠵᠢᠨ 《ᠡᠭᠦᠯᠡᠨ ᠡᠯᠰᠡᠯᠳᠡ》 ᠵᠢᠨ ᠨᠢᠭᠤᠷᠲᠠᠨ ᠰᠢᠯᠭ᠋ᠠᠯᠲᠠ ᠵᠢᠨ ᠬᠤᠪᠢ ᠲᠣᠭᠲᠠᠭ᠋ᠠᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ
 
            