ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2022-08-15

   全区人力资源社会保障工作推进调度会召开1.jpg  


      2022 ᠣᠨ᠎ᠤ 8 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠠᠬᠢᠭᠤᠯᠬᠤ ᠲᠣᠬᠢᠷᠠᠭᠤᠯᠤᠯᠲᠠ ᠵᠢᠨ ᠬᠤᠷᠠᠯ ᠬᠢᠪᠠ᠃ ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠨᠡ ᠵᠢᠯ᠎ᠠᠴᠠ ᠨᠠᠭ᠋ᠠᠰᠢᠬᠢ ᠡᠯ᠎ᠡ ᠠᠵᠢᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠣᠬᠢᠷᠠᠭᠤᠯᠤᠯᠲᠠ ᠬᠢᠵᠦ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠳᠠᠯᠵᠤ᠂ ᠡᠯ᠎ᠡ ᠭᠠᠵᠠᠷ᠎ᠤᠨ ᠰᠠᠨᠠᠯ ᠰᠠᠨᠠᠭᠤᠯᠭ᠎ᠠ ᠵᠢ ᠰᠣᠨᠣᠰᠴᠤ᠂ ᠲᠠᠷᠠᠭ᠋ᠠᠴᠢ ᠵᠢᠨ ᠱᠠᠲᠤᠨ᠎ᠤ ᠭᠤᠤᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃


全区人力资源社会保障工作推进调度会召开2.jpg 


      ᠬᠤᠷᠠᠯ᠎ᠠᠴᠠ ᠵᠢᠭ᠋ᠠᠭᠰᠠᠨ᠎ᠨᠢ᠂ ᠡᠨᠡ ᠵᠢᠯ᠎ᠠᠴᠠ ᠨᠠᠭ᠋ᠠᠰᠢ᠂ ᠡᠯ᠎ᠡ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ᠂ ᠠᠵᠤ ᠠᠬᠤᠶ ᠪᠠᠭᠤᠷᠠᠬᠤ ᠳᠠᠷᠤᠯᠲᠠ ᠪᠣᠯᠤᠨ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠠᠰᠢᠭ ᠥᠬᠡᠶ ᠨᠥᠯᠥᠭᠡ ᠵᠢ ᠢᠯᠡᠨ ᠳᠠᠪᠠᠵᠤ᠂ ᠬᠦᠴᠢᠷ᠎ᠢ ᠰᠥᠷᠥᠨ ᠤᠷᠤᠭᠰᠢᠯᠠᠵᠤ᠂ ᠵᠠᠮ ᠨᠡᠭᠡᠭᠡᠨ ᠤᠷᠤᠭᠰᠢᠯᠠᠨ ᠳᠡᠪᠰᠢᠵᠦ᠂ ᠠᠵᠢᠯ ᠤᠯᠭᠤᠵᠤ ᠦᠢ᠍ᠯᠡᠰ ᠪᠤᠰᠬᠠᠬᠤ᠂ ᠨᠡᠶ᠋ᠢᠭᠡᠮ᠎ᠤᠨ ᠪᠠᠲᠤᠯᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ᠂ ᠬᠥᠳᠡᠯᠮᠦᠷᠢ ᠵᠢᠨ ᠬᠠᠷᠢᠴᠠᠭ᠎ᠠ ᠵᠡᠷᠭᠡ ᠡᠯ᠎ᠡ ᠵᠦᠶᠯ᠎ᠤᠨ ᠠᠵᠢᠯ ᠢᠳᠡᠪᠬᠢᠲᠡᠶ ᠠᠬᠢᠴᠠ᠎ᠲᠠᠢ ᠪᠣᠯᠵᠠᠶ᠃
         ᠬᠤᠷᠠᠯ᠎ᠠᠴᠠ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠠᠷᠢᠯᠴᠠᠬᠤ ᠬᠤᠷᠠᠯ ᠪᠣᠯᠤᠨ ᠪᠥᠬᠥ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠲᠣᠬᠢᠷᠠᠭᠤᠯᠤᠨ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠶ ᠡᠮᠬᠢᠯᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠣᠶ᠋ᠢᠯᠭ᠋ᠠᠨ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠲᠣᠪᠣᠶ᠋ᠢᠮ᠎ᠠ ᠵᠥᠷᠢᠴᠡᠯ ᠠᠰᠠᠭᠤᠳᠠᠯ᠎ᠢ ᠤᠯᠠᠮ ᠨᠢᠭᠡ ᠠᠯᠬᠤᠮ ᠡᠷᠢᠵᠦ᠂ ᠠᠵᠢᠯ ᠣᠯᠭᠣᠯᠲᠠ ᠵᠢᠨ ᠪᠠᠶ᠋ᠢᠳᠠᠯ᠎ᠤᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠪᠥᠬᠥ ᠬᠦᠴᠦᠨ ᠵᠶ᠋ᠠᠷ ᠵᠶ᠋ᠠᠨ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠢ ᠢᠳᠡᠪᠬᠢᠲᠡᠶ ᠠᠬᠢᠭᠤᠯᠤᠨ᠂ ᠡᠯ᠎ᠡ ᠵᠦᠢ᠍ᠯ᠎ᠤᠨ ᠴᠢᠳᠠᠪᠤᠷᠢᠲᠠᠨ ᠪᠠ ᠠᠵᠢᠯᠲᠠᠨ᠎ᠤ ᠶᠠᠪᠤᠳᠠᠯ᠎ᠤᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠯᠮᠦᠷᠢ ᠵᠢᠨ ᠬᠠᠷᠢᠴᠠᠭ᠎ᠠ ᠵᠢᠨ ᠶᠡᠷᠦᠩᠬᠡᠶ᠎ᠳᠡᠭᠡᠨ ᠡᠶ᠎ᠡ ᠵᠣᠬᠢᠴᠠᠩᠭᠤᠶ ᠲᠣᠭᠲᠠᠭᠤᠨ ᠪᠠᠶ᠋ᠢᠬᠤ ᠵᠢ ᠪᠠᠲᠤᠯᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠰᠠᠭᠤᠷᠢ ᠵᠢ ᠪᠥᠬᠥ ᠲᠠᠯ᠎ᠠ᠎ᠪᠠᠷ ᠪᠡᠬᠢᠵᠢᠭᠦᠯᠵᠦ᠂ ᠪᠥᠬᠥ ᠵᠢᠯ᠎ᠤᠨ ᠡᠯ᠎ᠡ ᠵᠦᠶᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ᠎ᠠᠴᠠ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠡᠮᠡᠴᠡᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠰᠢᠯᠭ᠋ᠠᠯᠲᠠ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠱᠠᠭ᠋ᠠᠷᠳᠠᠯᠭ᠎ᠠ ᠪᠣᠯᠤᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠬᠠᠮᠲᠤ᠎ᠪᠠᠷ ᠠᠬᠢᠭᠤᠯᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠠᠯᠳᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠶ ᠭᠡᠵᠦ ᠱᠠᠭ᠋ᠠᠷᠳᠠᠪᠠ᠃


全区人力资源社会保障工作推进调度会召开3.jpg 

 

     ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠣᠭᠣᠷᠢᠨ ᠪᠠᠶ᠋ᠢᠴᠠᠭ᠋ᠠᠬᠤ ᠲᠤᠰᠬᠠᠶ ᠲᠤᠰᠢᠶᠠᠯᠲᠠᠨ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠭᠤᠤᠯ ᠬᠠᠷᠢᠭᠤᠴᠠᠯᠭ᠋ᠠᠲᠠᠨ ᠨᠥᠬᠥᠳ᠂ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠬᠡᠷ᠂ ᠬᠠᠷᠢᠶ᠎ᠠ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃
       ᠬᠤᠷᠠᠯ ᠳᠡᠭᠡᠷ᠎ᠡ᠂ ᠡᠯ᠎ᠡ ᠠᠶ᠋ᠢᠮᠠᠭ ᠬᠣᠲᠠ ᠵᠢᠨ᠎ᠬᠢᠨ ᠲᠣᠰ ᠲᠣᠰ ᠠᠬᠢᠴᠠ ᠵᠢᠨ ᠪᠠᠶ᠋ᠢᠳᠠᠯ᠂ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ ᠪᠣᠯᠤᠨ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ᠎ᠪᠠᠨ ᠬᠠᠷᠢᠭᠤ ᠮᠡᠳᠡᠭᠦᠯᠦᠭᠰᠡᠨ ᠪᠥᠭᠡᠳ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠠᠭᠤᠴᠢᠨ ᠭᠠᠩ ᠹᠠᠩ ᠨᠡᠶ᠋ᠢᠭᠡᠮ ᠲᠣᠭᠣᠷᠢᠭ᠎ᠲᠤ ᠬᠦᠷᠴᠦ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠪᠠ᠃



 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠲᠤᠰᠠᠯᠠᠮᠵᠢ ᠵᠢᠨ 《ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ》 ᠵᠢᠨ ᠶᠣᠰᠣᠯᠠᠯ ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠡᠬᠢᠯᠡᠪᠡ
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ ᠤᠯᠠᠨ ᠲᠦᠮᠡᠨ᠎ᠢ ᠳᠣᠲᠣᠨᠣ ᠬᠥᠮᠦᠨ ᠵᠶ᠋ᠠᠨ ᠪᠣᠯᠭ᠋ᠠᠵᠤ᠂ ᠣᠯᠠᠨ ᠲᠦᠮᠡᠨ᠎ᠢ ᠬᠥᠮᠦᠨ᠎ᠢ ᠭᠤᠶᠤᠬᠤ ᠥᠬᠡᠶ᠎ᠪᠠᠷ ᠪᠡᠶᠡᠯᠡᠭᠦᠯᠵᠦ ᠳᠡᠶ᠋ᠢᠯᠬᠦ ᠪᠣᠯᠭ᠋ᠠᠬᠤ ᠬᠡᠷᠡᠭᠲᠡᠶ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠮᠤᠷ ᠲᠦᠪᠰᠢᠨ᠎ᠤ ᠱᠤᠭᠤᠮ᠎ᠢ ᠪᠠᠲᠤ ᠴᠣᠭᠴᠠᠯᠠᠬᠤ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠨ᠎ᠡ
2022 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠤᠨ᠎ᠤ ᠤᠯᠠᠷᠢᠯ᠎ᠤᠨ ᠠᠵᠢᠯᠳᠠᠨ ᠡᠯᠰᠡᠬᠦ ᠴᠤᠭᠯᠠᠭ᠋ᠠᠨ ᠦᠪᠡᠳᠡᠭᠰᠢ ᠶᠡᠬᠡ᠎ᠪᠠᠷ ᠡᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 2022 ᠣᠨ᠎ᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
 
            