ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠲᠦᠷᠦᠭᠦᠦ ᠪᠦᠯᠦᠭ᠎ᠤᠨ ᠠᠵᠢᠯ ᠦᠢ᠍ᠯᠡᠰ᠎ᠤᠨ ᠨᠢᠭᠡᠴᠡ ᠵᠢᠨ 《ᠡᠭᠦᠯᠡᠨ ᠡᠯᠰᠡᠯᠳᠡ》 ᠵᠢᠨ ᠨᠢᠭᠤᠷᠲᠠᠨ ᠰᠢᠯᠭ᠋ᠠᠯᠲᠠ ᠵᠢᠨ ᠬᠤᠪᠢ ᠲᠣᠭᠲᠠᠭ᠋ᠠᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ
ᠨᠡᠶ᠋ᠢᠲᠡᠯᠡᠭᠰᠡᠨ ᠴᠠᠭ᠄ 2022-06-25

       ᠥᠪᠥᠷ ᠮᠣᠩᠭᠣᠯ᠎ᠤᠨ ᠲᠦᠷᠦᠭᠦᠦ ᠪᠦᠯᠦᠭ᠎ᠤᠨ ᠠᠵᠢᠯ ᠦᠢ᠍ᠯᠡᠰ᠎ᠤᠨ ᠨᠢᠭᠡᠴᠡ ᠵᠢᠨ 《ᠡᠭᠦᠯᠡᠨ ᠡᠯᠰᠡᠯᠳᠡ》 ᠵᠢᠨ ᠨᠢᠭᠤᠷᠲᠠᠨ ᠰᠢᠯᠭ᠋ᠠᠯᠲᠠ ᠵᠢᠨ ᠬᠤᠪᠢ ᠲᠣᠭᠲᠠᠭ᠋ᠠᠬᠤ ᠠᠵᠢᠯ 6 ᠰᠠᠷ᠎ᠠ ᠵᠢᠨ 21᠎ᠤ ᠡᠳᠦᠷ᠂ 22᠎ᠤᠨ ᠡᠳᠦᠷ ᠬᠥᠬᠡᠬᠣᠲᠠ᠎ᠳᠤ ᠶᠠᠪᠤᠭᠳᠠᠵᠤ᠂ 587 ᠠᠵᠢᠯᠲᠠᠨ ᠡᠯᠰᠡᠬᠦ᠎ᠪᠠᠷ ᠲᠦᠯᠦᠪᠯᠡᠵᠦ᠂ 1610 ᠰᠢᠯᠭ᠋ᠠᠭᠤᠯᠤᠭᠴᠢ ᠨᠢᠭᠤᠷᠲᠠᠨ ᠰᠢᠯᠭ᠋ᠠᠯᠲᠠ᠎ᠳᠤ ᠣᠷᠣᠯᠴᠠᠪᠠ᠃ ᠲᠣᠰ ᠤᠳᠠᠭ᠋ᠠᠨ᠎ᠤ ᠨᠢᠭᠤᠷᠲᠠᠨ ᠰᠢᠯᠭ᠋ᠠᠯᠲᠠ ᠵᠢᠨ ᠬᠢᠷᠢ ᠪᠦᠲᠦᠮᠵᠢ᠂ ᠶᠡᠷᠦᠩᠬᠡᠶ ᠬᠢᠷᠢ ᠪᠦᠲᠦᠮᠵᠢ ᠵᠢ 6 ᠳ᠋ᠤᠭ᠋ᠠᠷ ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠪᠠ ᠪᠣᠯᠪᠠᠰᠤᠷᠠᠯ᠎ᠤᠨ ᠰᠦᠯᠵᠢᠶᠡᠨ ᠳᠡᠭᠡᠷ᠎ᠡ ᠨᠢᠭᠡᠨᠲᠡ ᠨᠡᠶ᠋ᠢᠲᠡᠯᠡᠪᠡ᠃ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠳᠤ 17 ᠬᠤᠪᠢ ᠲᠣᠭᠲᠠᠭ᠋ᠠᠬᠤ ᠲᠠᠰᠤᠭ ᠲᠣᠬᠢᠷᠠᠭᠤᠯᠵᠤ᠂ ᠡᠭᠦᠨ᠎ᠳᠤ 1 ᠮᠣᠩᠭᠣᠯ ᠬᠢᠲᠠᠳ ᠬᠡᠯᠡᠨ᠎ᠳᠤ ᠨᠡᠪᠲᠡᠷᠡᠭᠰᠡᠨ ᠬᠤᠪᠢ ᠲᠣᠭᠲᠠᠭ᠋ᠠᠬᠤ ᠲᠠᠰᠤᠭ ᠪᠣᠶ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠥᠬᠥᠷ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠾᠧ ᠹᠸᠩ ᠨᠥᠬᠥᠷ ᠪᠡᠶ᠎ᠡ᠎ᠪᠠᠷ ᠵᠶ᠋ᠡᠨ ᠬᠤᠪᠢ ᠲᠣᠭᠲᠠᠭ᠋ᠠᠬᠤ ᠠᠵᠢᠯ᠎ᠤᠨ ᠠᠬᠤᠶ ᠲᠠᠯᠠᠪᠠᠶ᠎ᠳᠤ ᠬᠦᠷᠴᠦ᠂ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠪᠥᠬᠥ ᠶᠠᠪᠤᠴᠠ ᠵᠢ ᠪᠠᠶ᠋ᠢᠴᠠᠭ᠋ᠠᠵᠤ᠂ ᠵᠢᠯᠣᠭᠣᠳᠴᠤ᠂ ᠬᠢᠨᠠᠯᠲᠠ ᠲᠠᠯᠪᠢᠪᠠ᠃ 

 

11.jpg 

  

    ᠲᠣᠰ ᠤᠳᠠᠭ᠋ᠠᠨ᠎ᠤ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 119 ᠰᠢᠯᠭ᠋ᠠᠭᠴᠢ᠂ 3 ᠣᠷᠴᠢᠭᠤᠯᠤᠭᠴᠢ᠂ 17 ᠬᠢᠨᠠᠯᠲᠠ ᠲᠠᠯᠪᠢᠭᠴᠢ ᠵᠢᠴᠢ 14 ᠠᠵᠢᠯᠲᠠᠨ᠎ᠢ ᠲᠣᠰ ᠤᠳᠠᠭ᠋ᠠᠨ᠎ᠤ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠳᠤ ᠣᠷᠣᠯᠴᠠᠭᠤᠯᠤᠭᠰᠠᠨ ᠪᠥᠭᠡᠳ ᠰᠢᠯᠭ᠋ᠠᠯᠲᠠ ᠵᠢᠨ ᠶᠠᠪᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠰᠢᠯᠭ᠋ᠠᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠠᠯ᠎ᠠ᠎ᠪᠠᠷ ᠬᠦᠴᠦ ᠣᠷᠣᠭᠤᠯᠵᠤ᠂ ᠬᠤᠪᠢ ᠲᠣᠭᠲᠠᠭ᠋ᠠᠬᠤ ᠠᠵᠢᠯ᠎ᠤᠨ ᠠᠮᠤᠷ ᠲᠦᠪᠰᠢᠨ ᠡᠮᠬᠢ ᠵᠢᠷᠤᠮ᠎ᠲᠠᠢ ᠶᠠᠪᠤᠭᠳᠠᠬᠤ ᠵᠢ ᠬᠦᠴᠦᠲᠡᠶ ᠪᠠᠲᠤᠯᠠᠪᠠ᠃

 

22.jpg

 


       ᠨᠢᠭᠡ᠎ᠳᠤ᠂ ᠨᠢᠭᠡᠳᠦᠯᠲᠡᠶ ᠲᠥᠯᠥᠪᠯᠡᠨ ᠬᠠᠮᠲᠤᠷᠠᠨ ᠬᠥᠳᠡᠯᠦᠯᠴᠡᠵᠦ᠂ ᠠᠵᠢᠯ᠎ᠤᠨ ᠠᠮᠤᠷ ᠲᠦᠪᠰᠢᠨ ᠡᠮᠬᠢ ᠵᠢᠷᠤᠮ᠎ᠲᠠᠢ ᠪᠠᠶ᠋ᠢᠬᠤ ᠵᠢ ᠦᠨᠡᠨᠬᠦ ᠪᠠᠳᠤᠯᠠᠪᠠ᠃ ᠲᠣᠰ ᠤᠳᠠᠭ᠋ᠠᠨ᠎ᠤ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠳᠤ ᠴᠢᠭᠯᠡᠭᠦᠯᠦᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠡᠭᠦᠯᠡᠨ ᠡᠯᠰᠡᠯᠳᠡ〉 ᠨᠢᠭᠤᠷᠲᠠᠨ ᠰᠢᠯᠭ᠋ᠠᠬᠤ ᠰᠢᠯᠭ᠋ᠠᠯᠲᠠ ᠵᠢᠨ ᠶᠠᠪᠤᠳᠠᠯ᠎ᠤᠨ ᠠᠵᠢᠯ᠎ᠤᠨ ᠭᠠᠷ ᠳᠡᠪᠲᠡᠷ》᠎ᠢ ᠲᠣᠭᠲᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠰᠦᠯ᠎ᠨᠢ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠬᠠᠮᠲᠤ 6 ᠳ᠋ᠤᠭ᠋ᠠᠷ ᠰᠠᠷ᠎ᠠ ᠵᠢᠨ 20 ᠎ᠤ ᠡᠳᠦᠷ᠎ᠤᠨ ᠦᠳᠡ ᠵᠢᠨ ᠬᠣᠶ᠋ᠢᠨ᠎ᠠ 《ᠡᠭᠦᠯᠡᠨ ᠡᠯᠰᠡᠯᠳᠡ》 ᠵᠢᠨ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠤᠨ ᠪᠣᠯᠪᠠᠰᠤᠷᠠᠯ᠎ᠤᠨ ᠬᠤᠷᠠᠯ ᠬᠢᠵᠦ᠂ ᠠᠵᠢᠯ᠎ᠤᠨ ᠶᠠᠪᠤᠴᠠ ᠵᠢ ᠡᠮᠬᠢᠯᠡᠨ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠠᠵᠢᠯ᠎ᠤᠨ ᠰᠠᠬᠢᠯᠭ᠎ᠠ ᠪᠠᠲᠤ ᠵᠢ ᠴᠢᠬᠤᠯᠠᠴᠢᠯᠠᠪᠠ᠃ 
       ᠬᠣᠶᠠᠷ᠎ᠲᠤ᠂ ᠤᠯᠠᠨ ᠳᠠᠪᠬᠤᠷ ᠬᠢᠨᠠᠯᠲᠠ ᠬᠠᠮᠢᠶᠠᠷᠤᠯᠲᠠ ᠬᠢᠵᠦ᠂ ᠡᠯ᠎ᠡ ᠵᠦᠢ᠍ᠯ᠎ᠤᠨ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠠᠴᠠ ᠵᠦᠷᠢᠴᠡᠬᠦ ᠵᠢ ᠴᠢᠩᠭ᠎ᠠ ᠰᠡᠷᠭᠡᠢ᠌ᠯᠡᠪᠡ᠃ ᠰᠢᠯᠭ᠋ᠠᠯᠲᠠ᠎ᠠᠴᠠ ᠵᠠᠶ᠋ᠢᠯᠠᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠬᠤᠪᠢ ᠲᠣᠭᠲᠠᠭ᠋ᠠᠵᠤ ᠰᠢᠯᠭ᠋ᠠᠭᠴᠢ ᠪᠠ ᠲᠤᠬᠠᠶ ᠵᠢᠨ ᠲᠠᠯᠠᠪᠠᠶ ᠵᠢᠨ ᠠᠵᠢᠯᠲᠠᠨ ᠬᠢᠭᠡᠳ ᠰᠢᠯᠭ᠋ᠠᠯᠲᠠ᠎ᠳᠤ ᠣᠷᠣᠯᠴᠠᠭᠰᠠᠳ᠎ᠤᠨ ᠬᠣᠭᠣᠷᠣᠨᠳᠣ ᠵᠠᠶ᠋ᠢᠯᠠᠬᠤ ᠬᠠᠷᠢᠴᠠᠭ᠎ᠠ᠎ᠲᠠᠢ ᠪᠤᠶᠤ ᠪᠤᠰᠤᠳ ᠰᠢᠯᠲᠠᠭ᠋ᠠᠨ᠎ᠠᠴᠠ ᠪᠣᠯᠵᠣ ᠵᠠᠶ᠋ᠢᠯᠠᠬᠤ ᠴᠢᠬᠤᠯᠠᠲᠠᠶ ᠪᠣᠯ ᠴᠥᠮ ᠵᠠᠶ᠋ᠢᠯᠠᠬᠤ ᠵᠢ ᠬᠡᠷᠡᠭᠵᠢᠭᠦᠯᠵᠦ᠂ ᠲᠣᠰ ᠤᠳᠠᠭ᠋ᠠᠨ᠎ᠤ ᠬᠤᠪᠢ ᠲᠣᠭᠲᠠᠭ᠋ᠠᠬᠤ ᠠᠵᠢᠯ᠎ᠳᠤ ᠣᠷᠣᠯᠴᠠᠬᠤ ᠥᠬᠡᠶ᠃ ᠬᠤᠪᠢ ᠲᠣᠭᠲᠠᠭ᠋ᠠᠬᠤ ᠲᠠᠯᠠᠪᠤᠷ᠎ᠲᠤ ᠪᠢᠲᠡᠭᠦᠮᠵᠢᠯᠡᠭᠰᠡᠨ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠳᠤᠭᠤᠶ᠋ᠢᠯᠠᠩ ᠪᠦᠷᠢ᠎ᠳᠤ ᠨᠢᠭᠡ ᠬᠢᠨᠠᠯᠲᠠ ᠲᠠᠯᠪᠢᠭᠴᠢ ᠲᠣᠬᠢᠷᠠᠭᠤᠯᠵᠤ ᠬᠤᠪᠢ ᠲᠣᠭᠲᠠᠭ᠋ᠠᠬᠤ ᠪᠥᠬᠥ ᠶᠠᠪᠤᠴᠠ᠎ᠳᠤ ᠬᠢᠨᠠᠯᠲᠠ ᠲᠠᠯᠪᠢᠪᠠ᠃ ᠪᠣᠶ ᠪᠥᠬᠥᠶ ᠰᠢᠯᠭ᠋ᠠᠭᠴᠢ᠂ ᠬᠢᠨᠠᠯᠲᠠ ᠲᠠᠯᠪᠢᠭᠴᠢ ᠵᠢᠴᠢ ᠪᠤᠰᠤᠳ ᠰᠢᠯᠭ᠋ᠠᠯᠲᠠ ᠵᠢᠨ ᠶᠠᠪᠤᠳᠠᠯ᠎ᠤᠨ ᠠᠵᠢᠯᠲᠠᠨ᠎ᠤ ᠴᠢᠮᠡᠭᠡ ᠬᠣᠯᠪᠣᠭ᠋ᠠᠨ᠎ᠤ ᠪᠠᠭ᠋ᠠᠵᠢ ᠵᠢ ᠬᠢᠨᠠᠯᠲᠠ ᠲᠠᠯᠪᠢᠭᠴᠢ᠎ᠳᠤ ᠲᠤᠰᠢᠶᠠᠨ ᠨᠢᠭᠡᠳᠦᠯᠲᠡᠶ ᠪᠢᠲᠡᠭᠦᠮᠵᠢᠯᠡᠨ ᠬᠠᠮᠢᠶᠠᠷᠤᠭᠤᠯᠬᠤ ᠵᠢᠨ ᠬᠠᠮᠲᠤ ᠨᠢᠭᠤᠴᠠ ᠵᠢ ᠬᠠᠮᠠᠭ᠋ᠠᠯᠠᠬᠤ ᠠᠮᠠᠯᠠᠯᠲᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ ᠲᠣᠰ ᠲᠣᠰ᠎ᠤᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠭᠡᠪᠡ᠃
       ᠭᠤᠷᠪᠠ᠎ᠳᠤ᠂ ᠬᠤᠤᠰ ᠴᠢᠭᠯᠡᠯ ᠵᠶ᠋ᠡᠷ ᠰᠢᠪᠠᠭ᠎ᠠ ᠰᠤᠭᠤᠯᠵᠤ᠂ ᠰᠢᠯᠭ᠋ᠠᠯᠲᠠ ᠵᠢᠨ ᠶᠠᠪᠤᠳᠠᠯ᠎ᠤᠨ ᠲᠠᠰ ᠳᠠᠷᠠᠭ᠋ᠠᠯᠠᠯ᠎ᠨᠢ ᠲᠥᠪ ᠭᠤᠤᠯᠴᠢ ᠪᠥᠭᠡᠳ ᠲᠦᠷᠭᠡᠨ᠃ ᠰᠢᠯᠭ᠋ᠠᠭᠴᠢ ᠡᠳᠦᠷ ᠪᠦᠷᠢ ᠦᠳᠡ ᠵᠢᠨ ᠡᠮᠦᠨ᠎ᠡ᠂ ᠦᠳᠡ ᠵᠢᠨ ᠬᠣᠶ᠋ᠢᠨ᠎ᠠ 《ᠬᠤᠤᠰ ᠰᠢᠪᠠᠭ᠎ᠠ ᠰᠤᠭᠤᠯᠬᠤ》 ᠲᠦᠷᠢᠮ᠎ᠢ ᠬᠡᠷᠡᠭᠵᠢᠭᠦᠯᠵᠦ᠂ ᠬᠤᠪᠢ ᠲᠣᠭᠲᠠᠭ᠋ᠠᠬᠤ ᠠᠵᠢᠯ᠎ᠳᠤ ᠣᠷᠣᠯᠴᠠᠭᠰᠠᠨ ᠰᠢᠯᠭ᠋ᠠᠭᠴᠢ ᠬᠢᠨᠠᠯᠲᠠ ᠲᠠᠯᠪᠢᠭᠴᠢ ᠵᠢᠨ ᠬᠢᠨᠠᠯᠲᠠ ᠳᠤᠤᠷ᠎ᠠ ᠪᠡᠶ᠎ᠡ ᠵᠢᠨ ᠦᠨᠡᠮᠯᠡᠯ ᠵᠶ᠋ᠡᠨ ᠰᠢᠷᠪᠢᠵᠦ᠂ ᠺᠣᠮᠫᠢᠦ᠋ᠲ᠋ᠧᠷ᠎ᠤᠨ ᠲᠠᠰᠢᠷᠠᠮ ᠳᠠᠭ᠋ᠠᠤ ᠨᠠᠶ᠋ᠢᠷᠠᠭᠤᠯᠤᠨ ᠵᠢᠭᠰᠠᠭ᠋ᠠᠬᠤ ᠭᠠᠵᠠᠷ᠎ᠠᠴᠠ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠲᠠᠰᠤᠭ᠎ᠤᠨ ᠳ᠋ᠤᠭ᠋ᠠᠷ᠎ᠲᠤ ᠣᠴᠢᠨ᠎ᠠ᠃ ᠰᠢᠯᠭ᠋ᠠᠭᠴᠢ ᠰᠢᠪᠠᠭ᠎ᠠ ᠰᠤᠭᠤᠯᠵᠤ ᠲᠣᠭᠲᠠᠭ᠋ᠠᠭᠰᠠᠨ ᠨᠢᠭᠤᠷᠲᠠᠨ ᠰᠢᠯᠭ᠋ᠠᠬᠤ ᠬᠤᠪᠢ ᠲᠣᠭᠲᠠᠭ᠋ᠠᠬᠤ ᠲᠠᠰᠤᠭ᠎ᠲᠤ ᠤᠷᠤᠭᠰᠠᠨ᠎ᠤ ᠳᠠᠷᠠᠭ᠎ᠠ ᠳᠠᠬᠢᠨ ᠬᠢᠨᠠᠭᠴᠢ᠎ᠠᠴᠠ ᠰᠢᠯᠭ᠋ᠠᠭᠴᠢ ᠵᠢ ᠵᠣᠬᠢᠶᠠᠨ ᠪᠠᠶ᠋ᠢᠭᠤᠯᠵᠤ ᠳᠤᠭᠤᠶ᠋ᠢᠯᠠᠩ᠎ᠤᠨ ᠳᠣᠲᠣᠷ᠎ᠠ᠎ᠪᠠᠨ ᠰᠢᠪᠠᠭ᠎ᠠ ᠰᠤᠭᠤᠯᠵᠤ᠂ ᠰᠢᠯᠭ᠋ᠠᠭᠴᠢ ᠵᠢᠨ ᠳᠤᠭᠤᠶ᠋ᠢᠯᠠᠩ᠎ᠤᠨ ᠳᠣᠲᠣᠭ᠋ᠠᠳᠤ ᠰᠢᠯᠭ᠋ᠠᠭᠴᠢ ᠵᠢᠨ ᠳ᠋ᠤᠭ᠋ᠠᠷ᠎ᠢ ᠲᠣᠭᠲᠠᠭ᠋ᠠᠨ᠎ᠠ᠃ ᠰᠢᠯᠭ᠋ᠠᠭᠤᠯᠤᠭᠴᠢ ᠵᠢᠨ ᠸᠢᠳᠢᠣ᠋ ᠮᠠᠲ᠋ᠧᠷᠢᠶᠠᠯ᠎ᠢ ᠳᠠᠬᠢᠨ ᠲᠠᠰᠢᠷᠠᠮ ᠵᠶ᠋ᠠᠷ ᠨᠠᠶ᠋ᠢᠷᠠᠭᠤᠯᠤᠨ ᠵᠢᠭᠰᠠᠭ᠋ᠠᠵᠤ᠂ ᠰᠢᠯᠭ᠋ᠠᠭᠤᠯᠤᠭᠴᠢ ᠵᠢᠨ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠳ᠋ᠤᠭ᠋ᠠᠷᠯᠠᠯ᠎ᠢ ᠲᠣᠭᠲᠠᠭ᠋ᠠᠨ᠎ᠠ᠃ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠤᠨ ᠪᠥᠬᠥ ᠶᠠᠪᠤᠴᠠ᠎ᠳᠤ ᠲᠠᠭᠤ ᠳᠦᠷᠰᠦ ᠵᠢ ᠰᠢᠩᠭᠡᠭᠡᠪᠡ᠃ 
       ᠳᠥᠷᠪᠡ᠎ᠳᠤ᠂ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠲᠠᠭ᠋ᠠᠯᠠᠮᠵᠢᠲᠠᠶ ᠬᠤᠪᠢ ᠣᠯᠭᠣᠬᠤ ᠣᠷᠴᠢᠨ ᠨᠥᠬᠥᠴᠡᠯ᠎ᠢ ᠪᠣᠶ ᠪᠤᠯᠭ᠋ᠠᠪᠠ᠃ ᠬᠤᠪᠢ ᠲᠣᠭᠲᠠᠭ᠋ᠠᠬᠤ ᠲᠥᠬᠥᠭᠡᠷᠦᠮᠵᠢ᠎ᠳᠤ᠂ ᠠᠩᠬ᠎ᠠ ᠤᠳᠠᠭ᠎ᠠ ᠴᠠᠭ᠋ᠠᠰᠤ ᠥᠬᠡᠶ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠰᠢᠰᠲ᠋ᠧᠮ᠎ᠢ ᠬᠡᠷᠡᠭᠯᠡᠵᠦ᠂ ᠨᠢᠭᠤᠷᠲᠠᠨ ᠰᠢᠯᠭ᠋ᠠᠬᠤ ᠶᠠᠪᠤᠴᠠ᠎ᠳᠠᠬᠢ ᠰᠢᠯᠭ᠋ᠠᠯᠲᠠ ᠵᠢᠨ ᠶᠠᠪᠤᠳᠠᠯ᠎ᠤᠨ ᠶᠠᠪᠤᠴᠠ ᠵᠢ ᠤᠶᠤᠨᠴᠢᠯᠠᠬᠤ ᠵᠢ ᠪᠡᠶᠡᠯᠡᠭᠦᠯᠵᠦ᠂ ᠭᠠᠷ ᠵᠶ᠋ᠠᠷ ᠬᠤᠪᠢ ᠬᠠᠷᠭᠤᠭᠤᠯᠬᠤ ᠵᠢᠨ ᠠᠯᠳᠠᠭ᠎ᠠ ᠪᠤᠷᠤᠭᠤ ᠭᠠᠷᠭ᠋ᠠᠬᠤ᠂ ᠪᠥᠬᠥ ᠶᠠᠪᠤᠴᠠ ᠵᠢᠨ ᠵᠠᠮ ᠮᠥᠷ᠎ᠤᠨ ᠲᠡᠮᠳᠡᠭᠯᠡᠯ ᠬᠢᠬᠦ ᠵᠢ ᠡᠷᠡᠰ ᠬᠣᠷᠢᠭᠯᠠᠵᠤ᠂ ᠬᠤᠪᠢ ᠲᠣᠭᠲᠠᠭ᠋ᠠᠬᠤ ᠶᠠᠪᠤᠴᠠ ᠵᠢ ᠮᠥᠷᠳᠡᠵᠦ ᠪᠣᠯᠬᠤ ᠪᠥᠭᠡᠳ ᠰᠡᠷᠭᠦᠭᠡᠵᠦ ᠪᠣᠯᠬᠤ ᠵᠢ ᠪᠠᠲᠤᠯᠠᠵᠤ᠂ ᠨᠢᠭᠤᠷᠲᠠᠨ ᠰᠢᠯᠭ᠋ᠠᠵᠤ ᠬᠤᠪᠢ ᠲᠣᠭᠲᠠᠭ᠋ᠠᠬᠤ ᠠᠵᠢᠯ᠎ᠢ ᠨᠠᠩ ᠣᠨᠣᠪᠴᠢᠲᠠᠶ᠂ ᠨᠠᠩ ᠥᠨᠳᠥᠷ ᠪᠦᠲᠦᠮᠵᠢᠲᠡᠶ

ᠪᠣᠯᠭ᠋ᠠᠪᠠ᠃ ᠬᠤᠪᠢ ᠲᠣᠭᠲᠠᠭ᠋ᠠᠬᠤ ᠦᠢ᠍ᠯᠡᠴᠢᠯᠡᠭᠡ ᠵᠢᠨ ᠲᠠᠯ᠎ᠠ᠎ᠪᠠᠷ᠂ ᠬᠤᠪᠢ ᠲᠣᠭᠲᠠᠭ᠋ᠠᠬᠤ ᠴᠡᠭ᠎ᠲᠤ ᠲᠤᠰᠬᠠᠶ ᠡᠮᠨᠡᠯᠭᠡ ᠵᠢᠨ ᠶᠠᠪᠤᠳᠠᠯ᠎ᠤᠨ ᠲᠠᠰᠤᠭ ᠭᠠᠷᠭ᠋ᠠᠭᠰᠠᠨ ᠪᠥᠭᠡᠳ ᠡᠯ᠎ᠡ ᠬᠤᠪᠢ ᠲᠣᠭᠲᠠᠭ᠋ᠠᠬᠤ ᠲᠠᠰᠤᠭ᠎ᠤᠨ ᠭᠠᠳᠠᠨ᠎ᠠ ᠰᠢᠯᠭ᠋ᠠᠭᠴᠢ ᠪᠠ ᠠᠵᠢᠯᠲᠠᠨ᠎ᠳᠤ ᠬᠢᠵᠢᠭ᠎ᠢ ᠰᠡᠷᠭᠡᠶ᠋ᠢᠯᠡᠬᠦ ᠬᠡᠷᠡᠭᠰᠡᠯ᠎ᠢ ᠥᠭᠴᠦ᠂ ᠬᠤᠪᠢ ᠲᠣᠭᠲᠠᠭ᠋ᠠᠬᠤ ᠠᠵᠢᠯ᠎ᠤᠨ ᠠᠮᠤᠷ ᠲᠦᠪᠰᠢᠨ᠎ᠢ ᠨᠠᠩ ᠢᠯᠡᠭᠦᠦ ᠲᠤᠳᠤᠨᠤᠰᠤᠭ ᠪᠣᠯᠭ᠋ᠠᠪᠠ᠃
       ᠲᠦᠷᠦᠭᠦᠦ ᠪᠦᠯᠦᠭ᠎ᠤᠨ 《ᠡᠭᠦᠯᠡᠨ ᠡᠯᠰᠡᠯᠳᠡ》 ᠵᠢᠨ ᠨᠢᠭᠤᠷᠲᠠᠨ ᠰᠢᠯᠭ᠋ᠠᠬᠤ ᠲᠠᠪᠴᠠᠩ᠎ᠢ ᠪᠠᠶ᠋ᠢᠭᠤᠯᠤᠭᠰᠠᠨ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ᠎ᠤ 《ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠪᠠᠲᠤᠯᠠᠬᠤ》 ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠰᠢᠯᠭ᠋ᠠᠭᠤᠯᠤᠭᠴᠢ ᠵᠢᠨ ᠲᠠᠷᠠᠬᠠᠶ ᠪᠤᠲᠠᠷᠬᠠᠶ ᠮᠠᠶᠢᠭ᠎ᠤᠨ᠂ ᠬᠡᠷ᠎ᠲᠡᠭᠡᠨ ᠰᠠᠭᠤᠬᠤ ᠮᠠᠶᠢᠭ᠎ᠤᠨ ᠰᠢᠯᠭ᠋ᠠᠯᠲᠠ ᠵᠢ ᠦᠨᠡᠨ ᠬᠦ᠌ ᠪᠡᠶᠡᠯᠡᠭᠦᠯᠵᠦ᠂ ᠰᠦᠯᠵᠢᠶᠡᠨ ᠭᠠᠳᠠᠨᠠᠬᠢ ᠤᠯᠠᠮᠵᠢᠯᠠᠯᠲᠤ ᠰᠢᠯᠭ᠋ᠠᠯᠲᠠ ᠵᠢᠨ ᠵᠠᠭᠪᠤᠷ᠎ᠠᠴᠠ ᠪᠣᠯᠤᠭᠰᠠᠨ ᠬᠥᠮᠦᠰ ᠲᠥᠪᠯᠡᠷᠡᠬᠦ᠂ ᠦᠷ᠎ᠡ ᠪᠦᠲᠦᠮᠵᠢ ᠳᠤᠤᠷ᠎ᠠ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠵᠦ᠂ ᠣᠷᠣᠨ ᠵᠠᠶ ᠪᠠ ᠴᠠᠭ᠎ᠤᠨ ᠬᠢᠵᠠᠭ᠋ᠠᠷᠯᠠᠯ᠎ᠢ ᠡᠪᠳᠡᠵᠦ᠂ ᠬᠢᠵᠢᠭ᠎ᠢ ᠰᠡᠷᠭᠡᠶ᠋ᠢᠯᠡᠨ ᠬᠣᠷᠢᠭᠯᠠᠬᠤ ᠪᠠᠢ᠌ᠢ᠍ᠩᠭᠤᠵᠢᠭᠰᠠᠨ ᠪᠠᠶ᠋ᠢᠳᠠᠯ ᠳᠤᠤᠷᠠᠬᠢ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠡᠯᠰᠡᠬᠦ ᠰᠢᠯᠭ᠋ᠠᠯᠲᠠ ᠵᠢᠨ ᠴᠣ᠋ ᠰᠢᠨ᠎ᠡ ᠰᠥᠪᠡᠭᠴᠢᠯᠡᠯᠲᠡ ᠪᠠ ᠪᠦᠲᠦᠮᠵᠢᠲᠡᠶ ᠦᠢ᠍ᠯᠡᠳᠦᠯᠭᠡ ᠪᠣᠯᠤᠭᠰᠠᠨ ᠪᠠᠶ᠋ᠢᠨ᠎ᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠤᠯᠤᠰ᠎ᠠᠴᠠ ᠡᠯᠰᠡᠬᠦ ᠠᠵᠢᠯᠯᠠᠭ᠎ᠠ》 ᠤᠯᠤᠰ᠎ᠤᠨ ᠲᠠᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠣᠷᠣᠵᠤ ᠰᠢᠭᠤᠳ ᠨᠡᠪᠲᠡᠷᠡᠭᠦᠯᠭᠡ᠎ᠪᠠᠷ ᠠᠵᠢᠯᠲᠠᠨ ᠡᠯᠰᠡᠪᠡ
ᠵᠠᠢ ᠶᠢᠩ ᠵᠢᠶᠦ᠋ᠨ ᠳᠠᠭ᠋ᠠᠭ᠋ᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ ᠲᠣᠰᠬᠣᠨ᠎ᠳᠤ ᠬᠦᠷᠴᠦ ᠬᠦᠴᠢᠷᠳᠡᠯᠲᠡᠢ ᠤᠯᠠᠨ ᠲᠦᠮᠡᠨ ᠪᠣᠯᠤᠨ ᠲᠣᠰᠬᠣᠨ᠎ᠳᠤ ᠰᠠᠭᠤᠭ᠎ᠠ ᠺᠠᠳ᠋ᠷ᠎ᠢ ᠪᠣᠯᠭᠣᠭ᠋ᠠᠨ ᠲᠣᠬᠣᠨᠢᠭᠤᠯᠪᠠ
ᠪᠥᠬᠥ ᠣᠷᠣᠨ᠎ᠤ ᠡᠯ᠎ᠡ ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠣᠶ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
 
            