
5 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠭᠰᠡᠨ 2022 ᠣᠨ᠎ᠤ ᠪᠥᠬᠥ ᠣᠷᠣᠨ᠎ᠤ ᠠᠵᠢᠯ ᠣᠯᠭᠤᠵᠤ ᠦᠢ᠍ᠯᠡᠰ ᠪᠦᠳᠦᠭᠡᠬᠦ ᠵᠢ ᠠᠬᠢᠭᠤᠯᠬᠤ ᠬᠤᠷᠠᠯ ᠵᠢᠴᠢ ᠵᠣᠨ᠎ᠤ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ᠎ᠳᠤ ᠵᠢᠩᠬᠢᠨᠢ᠎ᠪᠠᠷ ᠡᠬᠢᠯᠡᠵᠦ᠂ ᠡᠯ᠎ᠡ ᠠᠶ᠋ᠢᠮᠠᠭ ᠬᠣᠲᠠ ᠵᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠵᠡᠷᠭᠡ᠎ᠪᠡᠷ ᠡᠬᠢᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠵᠦᠪᠯᠡᠯ᠎ᠤᠨ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠬᠤᠸᠠᠩ ᠶᠠ ᠯᠢ᠂ ᠬᠥᠬᠡᠬᠣᠲᠠ ᠵᠢᠨ ᠳᠡᠳ᠋ ᠬᠣᠲᠠ ᠵᠢᠨ ᠳᠠᠷᠤᠭ᠎ᠠ ᠸᠠᠩ ᠶᠠᠨ ᠵᠢᠶᠦ᠋ᠨ ᠵᠢᠴᠢ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ
ᠲᠣᠰ ᠤᠳᠠᠭ᠋ᠠᠨ᠎ᠤ ᠰᠢᠷᠢᠰ ᠠᠵᠢᠯᠲᠠᠨ ᠡᠯᠰᠡᠬᠦ ᠠᠵᠢᠯᠯᠠᠭ᠎ᠠ᠎ᠨᠢ 《ᠠᠵᠢᠯ᠎ᠤᠨ ᠪᠠᠢ᠌ᠷᠢ ᠲᠠᠨ᠎ᠢ ᠬᠦᠯᠢᠶᠡᠵᠦ ᠪᠠᠢ᠌ᠨ᠎ᠠ᠂ ᠬᠠᠮᠲᠤ᠎ᠪᠠᠷ ᠠᠵᠢᠯ ᠡᠷᠢᠵᠡᠭᠡᠶᠡ》 ᠭᠡᠬᠦ ᠭᠤᠤᠯ ᠰᠡᠳᠦᠪ᠎ᠲᠠᠢ᠂ 《1+14》 ᠵᠢᠨ ᠵᠠᠭᠪᠤᠷ ᠵᠶ᠋ᠠᠷ ᠥᠷᠨᠢᠭᠦᠯᠵᠦ᠂ ᠭᠤᠤᠯᠳᠠᠭᠤ 2022 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭ᠋ᠠᠨ᠎ᠤ ᠠᠵᠢᠯ ᠣᠯᠤᠭ᠋ᠠᠳᠤᠶ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ᠂ ᠴᠡᠷᠢᠭ᠎ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ᠎ᠲᠠᠢ ᠬᠥᠮᠦᠰ ᠵᠢᠴᠢ ᠠᠵᠢᠯ ᠡᠷᠢᠬᠦ ᠬᠦᠰᠡᠯ ᠡᠷᠡᠮᠡᠯᠵᠡᠯ᠎ᠲᠠᠢ ᠪᠤᠰᠤᠳ ᠡᠯ᠎ᠡ ᠲᠥᠷᠥᠯ᠎ᠤᠨ ᠬᠥᠮᠦᠰ ᠪᠠ ᠠᠵᠢᠯᠲᠠᠨ ᠡᠯᠰᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠬᠥᠮᠦᠨ ᠬᠡᠷᠡᠭᠯᠡᠬᠦ ᠨᠢᠭᠡᠴᠢ᠎ᠳᠤ ᠬᠠᠨᠳᠤᠭᠤᠯᠤᠨ᠂ ᠰᠦᠯᠵᠢᠶ᠎ᠡ᠎ᠪᠠᠷ ᠠᠵᠢᠯᠲᠠᠨ ᠡᠯᠰᠡᠬᠦ᠂ ᠰᠢᠨ᠎ᠡ᠎ᠪᠠᠷ ᠬᠥᠭᠵᠢᠭᠰᠡᠨ ᠵᠠᠭᠤᠴᠢᠯᠠᠭᠤᠷ᠎ᠤᠨ ᠲᠠᠨᠢᠯᠴᠠᠭᠤᠯᠭ᠎ᠠ᠂ 《ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ》 ᠵᠡᠷᠭᠡ ᠣᠯᠠᠨ ᠠᠷᠭ᠎ᠠ ᠬᠡᠯᠪᠡᠷᠢ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ ᠠᠵᠢᠯ ᠣᠯᠭᠣᠯᠲᠠ ᠵᠢ ᠵᠣᠯᠭ᠋ᠠᠭᠤᠯᠬᠤ ᠦᠢ᠍ᠯᠡᠴᠢᠯᠡᠭᠡ
ᠥᠷᠨᠢᠭᠦᠯᠵᠦ᠂ ᠣᠲᠣ ᠪᠣᠯᠲᠠᠯ᠎ᠠ ᠨᠡᠶ᠋ᠢᠲᠡ 2525 ᠠᠵᠤ ᠠᠬᠤᠶ᠋ᠢᠯᠠᠯ ᠡᠯᠰᠡᠵᠦ᠂ 63106 ᠠᠵᠢᠯ᠎ᠤᠨ ᠪᠠᠢ᠌ᠷᠢ ᠬᠠᠩᠭ᠋ᠠᠪᠠ᠃

ᠥᠪᠡᠷᠲᠡᠭᠡᠨ ᠵᠠᠰᠠᠬᠤ ᠣᠷᠣᠨ᠎ᠤ ᠭᠤᠤᠯ ᠬᠤᠷᠠᠯ᠎ᠤᠨ ᠲᠠᠯᠠᠪᠠᠶ᠎ᠳᠤ ᠵᠠᠭᠤᠨ ᠡᠳᠦᠷ᠎ᠤᠨ ᠮᠢᠩᠭ᠋ᠠᠨ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ᠂ ᠲᠥᠷᠥ ᠵᠢᠨ ᠪᠣᠳᠣᠯᠭ᠎ᠠ ᠵᠢᠨ ᠡᠭᠦᠯᠡᠨ ᠤᠬᠠᠭᠤᠯᠭ᠎ᠠ᠂ ᠠᠵᠢᠯ ᠣᠯᠭᠣᠯᠲᠠ ᠵᠢᠨ ᠡᠭᠦᠯᠡᠨ ᠵᠢᠯᠣᠭᠣᠳᠣᠯᠭ᠎ᠠ᠂ ᠦᠢ᠍ᠯᠡᠰ ᠪᠦᠳᠦᠭᠡᠬᠦ ᠡᠭᠦᠯᠡᠨ ᠦᠢ᠍ᠯᠡᠴᠢᠯᠡᠭᠡ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠡᠭᠦᠯᠡᠨ ᠦᠢ᠍ᠯᠡᠴᠢᠯᠡᠭᠡ᠂ ᠵᠠᠭᠤᠴᠢᠯᠠᠭᠤᠷ᠎ᠤᠨ ᠲᠥᠪ ᠵᠡᠷᠭᠡ 6 ᠲᠤᠰᠬᠠᠶ ᠪᠤᠯᠤᠩ ᠭᠠᠷᠭ᠋ᠠᠭᠰᠠᠨ ᠪᠥᠭᠡᠳ 《ᠵᠠᠭᠤᠨ ᠡᠳᠦᠷ᠎ᠤᠨ ᠮᠢᠩᠭ᠋ᠠᠨ ᠲᠦᠮᠡᠨ ᠠᠵᠢᠯ᠎ᠤᠨ ᠪᠠᠢ᠌ᠷᠢ ᠬᠠᠩᠭ᠋ᠠᠬᠤ ᠰᠦᠯᠵᠢᠶ᠎ᠡ᠎ᠪᠠᠷ ᠠᠵᠢᠯᠲᠠᠨ ᠡᠯᠰᠡᠬᠦ》 ᠲᠤᠰᠬᠠᠶ ᠠᠵᠢᠯᠯᠠᠭ᠎ᠠ᠂ 《ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠠᠵᠢᠯᠯᠠᠭ᠎ᠠ᠂ ᠶᠡᠬᠡ ᠳᠤᠮᠳᠠ ᠬᠣᠲᠠ ᠵᠢᠨ ᠬᠠᠮᠲᠤᠷᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠲᠤᠰᠬᠠᠶ ᠠᠵᠢᠯᠯᠠᠭ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠰᠠᠷ᠎ᠠ ᠵᠢᠨ ᠠᠵᠢᠯᠯᠠᠭ᠎ᠠ ᠵᠡᠷᠭᠡ ᠳᠥᠷᠪᠡᠨ ᠵᠦᠢ᠍ᠯ᠎ᠤᠨ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠷᠢᠰ ᠠᠵᠢᠯᠯᠠᠭ᠎ᠠ ᠦᠷᠨᠢᠬᠦᠯᠦᠨ᠎ᠡ᠃ ᠠᠵᠢᠯᠲᠠᠨ ᠡᠯᠰᠡᠬᠦ ᠠᠵᠢᠯᠯᠠᠭ᠎ᠠ᠎ᠨᠢ 8 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠦᠷᠭᠦᠯᠵᠢᠯᠡᠵᠦ᠂ ᠡᠬᠢᠯᠡᠭᠰᠡᠨ ᠲᠤᠬᠠᠶ ᠵᠢᠨ ᠡᠳᠦᠷ᠎ᠲᠤ ᠰᠦᠯᠵᠢᠶᠡᠨ ᠳᠡᠭᠡᠷᠡᠬᠢ ᠵᠠᠭᠪᠤᠷ ᠵᠶ᠋ᠠᠷ ᠶᠠᠪᠤᠭᠳᠠᠵᠤ᠂ ᠪᠤᠰᠤᠳ ᠴᠠᠭ᠎ᠲᠤ ᠠᠵᠢᠯᠲᠠᠨ ᠡᠯᠰᠡᠬᠦ ᠠᠷᠭ᠎ᠠ ᠬᠡᠯᠪᠡᠷᠢ ᠵᠢ ᠡᠯ᠎ᠡ ᠠᠶ᠋ᠢᠮᠠᠭ ᠬᠣᠲᠠ᠎ᠠᠴᠠ ᠲᠣᠰ ᠭᠠᠵᠠᠷ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠣᠳᠠᠲᠠᠶ᠎ᠲᠠᠢ᠎ᠪᠠᠨ ᠤᠶᠠᠯᠳᠤᠭᠤᠯᠤᠨ ᠥᠪᠡᠰᠦᠪᠡᠨ ᠲᠣᠬᠢᠷᠠᠭᠤᠯᠤᠨ᠎ᠠ᠃