ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠠᠢ ᠶᠢᠩ ᠵᠢᠶᠦ᠋ᠨ ᠳᠠᠭ᠋ᠠᠭ᠋ᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ ᠲᠣᠰᠬᠣᠨ᠎ᠳᠤ ᠬᠦᠷᠴᠦ ᠬᠦᠴᠢᠷᠳᠡᠯᠲᠡᠢ ᠤᠯᠠᠨ ᠲᠦᠮᠡᠨ ᠪᠣᠯᠤᠨ ᠲᠣᠰᠬᠣᠨ᠎ᠳᠤ ᠰᠠᠭᠤᠭ᠎ᠠ ᠺᠠᠳ᠋ᠷ᠎ᠢ ᠪᠣᠯᠭᠣᠭ᠋ᠠᠨ ᠲᠣᠬᠣᠨᠢᠭᠤᠯᠪᠠ
ᠨᠡᠶ᠋ᠢᠲᠡᠯᠡᠭᠰᠡᠨ ᠴᠠᠭ᠄ 2022-01-25

       1 ᠰᠠᠷ᠎ᠠ ᠵᠢᠨ 22᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠳᠤᠭᠤᠶ᠋ᠢᠯᠠᠩ ᠳᠠᠭ᠋ᠠᠭᠤᠯᠤᠨ ᠤᠯᠠᠭ᠋ᠠᠨᠴᠠᠪ ᠬᠣᠲᠠ ᠵᠢᠨ ᠬᠤᠸᠠᠳᠧ ᠰᠢᠶᠠᠨ᠎ᠤ ᠰᠢᠨ᠎ᠡ ᠤᠰᠤ ᠲᠣᠰᠬᠣᠨ᠂ ᠰᠢᠨ ᠹᠦ᠋ ᠲᠣᠰᠬᠣᠨ᠎ᠳᠤ ᠭᠦᠨᠵᠡᠭᠡᠶ᠋ᠢᠷᠡᠵᠦ᠂ ᠬᠦᠴᠢᠷᠳᠡᠯᠲᠡᠶ ᠣᠯᠠᠨ ᠲᠦᠮᠡᠨ ᠪᠠ ᠡᠮᠦᠨ᠎ᠡ ᠹᠷᠣᠨᠲ᠎ᠢ ᠪᠠᠲᠤ ᠰᠠᠬᠢᠵᠤ ᠪᠠᠶ᠋ᠢᠭ᠎ᠠ ᠲᠣᠰᠬᠣᠨ᠎ᠳᠤ ᠰᠠᠭᠤᠭ᠎ᠠ ᠺᠠᠳ᠋ᠷ᠎ᠢ ᠪᠣᠯᠭᠣᠭ᠋ᠠᠨ ᠲᠣᠬᠣᠨᠢᠭᠤᠯᠵᠤ᠂ ᠲᠡᠳᠡᠨ᠎ᠳᠤ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠬᠦᠷᠭᠡᠵᠦ᠂ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠪᠡ᠃


翟瑛珺赴包联帮扶村看望慰问困难群众和驻村干部 1.jpg


       ᠵᠠᠢ ᠶᠢᠩ ᠵᠢᠶᠦ᠋ᠨ ᠰᠢᠨ᠎ᠡ ᠤᠰᠤ ᠲᠣᠰᠬᠣᠨ᠎ᠤ ᠲᠢᠶᠠᠨ ᠸᠸᠨ ᠵᠢᠨ᠎ᠤ ᠨᠢᠭᠡ ᠭᠡᠷ᠎ᠤᠨ᠎ᠬᠢᠨ᠂ ᠭᠦᠸᠧ ᠵᠧᠨ ᠶᠦᠨ᠎ᠤ ᠨᠢᠭᠡ ᠭᠡᠷ᠎ᠤᠨ᠎ᠬᠢᠨ ᠪᠣᠯᠤᠨ ᠰᠢᠨ ᠹᠦ᠋ ᠲᠣᠰᠬᠣᠨ᠎ᠤ ᠯᠦᠸᠧ ᠵᠢᠶᠦ᠋ᠨ᠎ᠤ ᠨᠢᠭᠡ ᠭᠡᠷ᠎ᠤᠨ᠎ᠬᠢᠨ᠎ᠢ ᠲᠣᠬᠣᠨᠢᠭᠤᠯᠵᠤ᠂ ᠲᠡᠳᠡᠨ᠎ᠳᠤ ᠠᠮᠤ ᠪᠤᠳᠠᠭ᠎ᠠ᠂ ᠭᠤᠯᠢᠷ᠂ ᠲᠤᠰᠤ ᠵᠡᠷᠭᠡ ᠠᠮᠢᠳᠤᠷᠠᠯ᠎ᠤᠨ ᠬᠡᠷᠡᠭᠰᠡᠯ ᠵᠢᠴᠢ ᠲᠣᠬᠣᠨᠢᠭᠤᠯᠬᠤ ᠮᠥᠩᠭᠥ ᠬᠦᠷᠭᠡᠵᠦ᠂ ᠲᠡᠳᠡᠨ᠎ᠤ ᠠᠮᠢᠳᠤᠷᠠᠯ᠂ ᠡᠮ ᠡᠮᠨᠡᠯᠭᠡ᠂ ᠦᠷ᠎ᠡ ᠬᠡᠦᠬᠡᠳ᠎ᠤᠨ ᠠᠵᠢᠯ ᠣᠯᠭᠣᠯᠲᠠ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠴᠠᠭ ᠢᠮᠠᠭᠲᠠ ᠬᠦᠴᠢᠷᠳᠡᠯᠲᠡᠢ ᠤᠯᠠᠨ ᠲᠦᠮᠡᠨ᠎ᠢ ᠰᠡᠳᠬᠢᠯ᠎ᠳᠡᠭᠡᠨ ᠪᠤᠳᠤᠵᠤ᠂ ᠲᠡᠳᠡᠨ᠎ᠢ ᠬᠠᠪᠰᠤᠷᠤᠨ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ ᠲᠤᠯᠭ᠋ᠠᠷᠠᠭᠰᠠᠨ ᠠᠰᠠᠭᠤᠳᠠᠯ ᠪᠣᠯᠤᠨ ᠬᠦᠴᠢᠷᠳᠡᠯ᠎ᠢ᠎ᠨᠢ ᠴᠠᠭ ᠲᠤᠬᠠᠢ᠎ᠳᠤᠨᠢ

ᠰᠢᠢ᠍ᠳᠪᠦᠷᠢᠯᠡᠵᠦ᠂ ᠲᠡᠳᠡᠨ᠎ᠳᠤ ᠨᠠᠮ ᠪᠣᠯᠤᠨ ᠵᠠᠰᠠᠭ᠎ᠤᠨ ᠣᠷᠳᠣᠨ᠎ᠤ ᠬᠠᠶ᠋ᠢᠷ᠎ᠠ ᠬᠠᠯᠠᠮᠵᠢ ᠵᠢ ᠦᠨᠡᠨ ᠬᠦ᠌ ᠮᠡᠳᠡᠷᠡᠭᠦᠯᠬᠦ ᠬᠡᠷᠡᠭᠲᠡᠢ ᠭᠡᠵᠦ ᠵᠠᠬᠢᠪᠠ᠃


翟瑛珺赴包联帮扶村看望慰问困难群众和驻村干部 2.jpg


       ᠰᠢᠨ᠎ᠡ ᠤᠰᠤ ᠲᠣᠰᠬᠣᠨ᠎ᠳᠤ ᠰᠠᠭᠤᠭ᠎ᠠ ᠺᠠᠳ᠋ᠷ ᠰᠢᠶᠧ ᠬᠣᠩ ᠪᠤᠯᠤᠨ ᠰᠢᠨ ᠹᠦ᠋ ᠲᠣᠰᠬᠣᠨ᠎ᠳᠤ ᠰᠠᠭᠤᠭ᠎ᠠ ᠺᠠᠳ᠋ᠷ ᠪᠠ ᠯᠢᠶᠠᠩ᠎ᠢ ᠪᠣᠯᠭᠣᠭ᠋ᠠᠨ ᠦᠵᠡᠬᠦ᠎ᠳᠡᠭᠡᠨ᠂ ᠵᠠᠢ ᠶᠢᠩ ᠵᠢᠶᠦ᠋ᠨ ᠲᠡᠲᠡᠨ᠎ᠲᠠᠢ ᠲᠤᠰ ᠲᠤᠰ ᠭᠦᠨᠵᠡᠭᠡᠢ ᠶᠠᠷᠢᠯᠴᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠤᠲᠤᠭ᠎ᠲᠠᠭᠠᠨ ᠪᠤᠴᠠᠵᠤ ᠠᠵᠢᠯ ᠣᠯᠬᠤ᠂ ᠬᠠᠮᠲᠤ ᠵᠢᠨ ᠠᠵᠤ ᠠᠬᠤᠶ ᠵᠢᠨ ᠬᠥᠭᠵᠢᠯᠲᠡ ᠵᠡᠷᠭᠡ ᠪᠠᠢ᠍ᠳᠠᠯ ᠵᠢᠴᠢ ᠲᠣᠰᠬᠣᠨ᠎ᠳᠤ ᠰᠠᠭᠤᠬᠤ ᠠᠵᠢᠯ᠎ᠢ ᠥᠷᠨᠢᠭᠦᠯᠬᠦ ᠳᠤᠮᠳᠠ ᠣᠷᠣᠰᠢᠵᠤ ᠪᠠᠢ᠍ᠭ᠎ᠠ ᠬᠦᠴᠢᠷᠳᠡᠯ᠎ᠢ ᠨᠠᠷᠢᠨ ᠤᠢ᠌ᠯᠠᠭ᠋ᠠᠵᠤ᠂ ᠲᠣᠰᠬᠣᠨ᠎ᠳᠤ ᠰᠠᠭᠤᠭ᠎ᠠ ᠺᠠᠳ᠋ᠷ ᠪᠣᠯᠤᠨ ᠲᠣᠰᠬᠣᠨ᠎ᠤ 《ᠬᠣᠶᠠᠷ ᠵᠥᠪᠯᠡᠯ》᠎ᠤᠨ ᠰᠠᠨᠠᠯ ᠰᠠᠨᠠᠭᠤᠯᠭ᠎ᠠ ᠵᠢ ᠭᠦᠢ᠍ᠴᠡᠳ ᠰᠤᠨᠤᠰᠤᠨ᠂ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠰᠢᠷᠭ᠋ᠠᠭᠤ ᠴᠢᠷᠮᠠᠶ᠋ᠢᠯᠭ᠎ᠠ᠎ᠳᠤ ᠲᠠᠯᠠᠷᠬᠠᠵᠤ ᠪᠠᠶ᠋ᠢᠬᠤ᠎ᠪᠠᠨ ᠢᠯᠡᠳᠭᠡᠵᠦ᠂ ᠲᠡᠳᠡᠨ᠎ᠤ ᠬᠦᠴᠢᠷᠳᠡᠯ᠎ᠲᠠᠢ ᠤᠯᠠᠨ ᠲᠦᠮᠡᠨ᠎ᠤ ᠠᠮᠢᠳᠤᠷᠠᠯ᠎ᠤᠨ ᠪᠠᠶ᠋ᠢᠳᠠᠯ᠎ᠢ ᠴᠠᠭ ᠲᠤᠬᠠᠢ᠎ᠳᠤᠨᠢ ᠤᠢ᠌ᠯᠠᠭ᠋ᠠᠨ᠂ ᠬᠠᠮᠤᠭ᠎ᠤᠨ ᠶᠡᠬᠡ ᠴᠢᠷᠮᠠᠶ᠋ᠢᠯᠭ᠎ᠠ᠎ᠪᠠᠷ ᠬᠦᠴᠢᠷᠳᠡᠯᠲᠡᠶ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠦᠭᠴᠦ᠂ ᠲᠣᠰᠬᠣᠨ᠎ᠳᠤ ᠰᠠᠭᠤᠭ᠎ᠠ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢᠨ ᠲᠠᠨᠢᠯᠲᠠ᠎ᠪᠠᠨ ᠦᠷᠭᠦᠯᠵᠢᠯᠡᠨ ᠳᠡᠭᠡᠭᠰᠢᠯᠡᠬᠦᠯᠵᠦ᠂ ᠬᠦᠴᠢᠷᠳᠡᠯᠲᠡᠢ ᠤᠯᠠᠨ ᠲᠦᠮᠡᠨ᠎ᠢ 《ᠰᠡᠳᠬᠢᠯ᠎ᠳᠡᠭᠡᠨ ᠪᠤᠳᠤᠬᠤ》 ᠳᠡᠭᠡᠷ᠎ᠡ ᠬᠦᠴᠦ ᠲᠠᠯᠪᠢᠨ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠡᠭᠦᠷᠭᠡᠯᠡᠵᠦ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ 《ᠪᠣᠳᠠᠲᠠᠶ》 ᠳᠡᠭᠡᠷ᠎ᠡ ᠨᠠᠢ᠌ᠳᠠᠪᠤᠷᠢᠵᠢᠭᠤᠯᠬᠤ ᠵᠢ ᠬᠦᠰᠡᠵᠡᠢ᠃ ᠲᠠᠷᠠᠭ᠋ᠠᠴᠢ ᠵᠢᠨ ᠠᠵᠢᠯ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠳᠤ ᠰᠠᠭᠤᠷᠢᠯᠠᠵᠤ᠂ ᠲᠣᠰᠬᠣᠨ᠎ᠤ 《ᠬᠣᠶᠠᠷ ᠵᠥᠪᠯᠡᠯ》᠎ᠲᠠᠢ ᠬᠠᠮᠲᠤ᠎ᠪᠠᠷ ᠪᠠᠶ᠋ᠢᠴᠠᠭ᠋ᠠᠨ ᠰᠤᠳᠤᠯᠤᠯᠲᠠ ᠥᠷᠨᠢᠭᠦᠯᠵᠦ᠂ ᠰᠠᠯᠠᠭ᠎ᠠ ᠮᠥᠴᠢᠷ᠎ᠤᠨ ᠬᠠᠷᠠᠭ᠋ᠠᠰᠤ᠎ᠠᠴᠠ ᠳᠠᠭ᠋ᠠᠭ᠋ᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ ᠲᠣᠰᠬᠣᠨ᠎ᠤ ᠪᠣᠳᠠᠲᠠᠶ ᠠᠰᠠᠭᠤᠳᠠᠯ᠎ᠢ ᠦᠨᠡᠨ ᠬᠦ᠌ ᠵᠣᠬᠢᠴᠠᠭᠤᠯᠤᠨ ᠰᠢᠢ᠍ᠳᠪᠦᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠰᠤᠳᠤᠯᠵᠤ᠂ ᠲᠣᠰᠬᠣᠨ᠎ᠤ 《ᠬᠣᠶᠠᠷ ᠵᠥᠪᠯᠡᠯ》᠎ᠤᠨ ᠠᠵᠢᠯ ᠵᠶ᠋ᠠᠨ ᠥᠷᠨᠢᠭᠦᠯᠬᠦ᠎ᠳᠤ ᠪᠥᠬᠥ ᠬᠦᠴᠦᠨ ᠵᠶ᠋ᠠᠷ ᠵᠶ᠋ᠠᠨ ᠬᠠᠮᠵᠢᠯᠴᠠᠵᠤ᠂ 2022 ᠣᠨ᠎ᠤ ᠠᠵᠢᠯ᠎ᠢ ᠰᠠᠶ᠋ᠢᠲᠤᠷ ᠲᠥᠯᠥᠪᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃


翟瑛珺赴包联帮扶村看望慰问困难群众和驻村干部 3.jpg


      ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ 2021 ᠣᠨ᠎ᠤ 10 ᠰᠠᠷ᠎ᠠ᠎ᠳᠤ᠂ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠵᠤ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠰᠢᠶᠸ ᠬᠣᠩ᠂ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠪᠠ ᠯᠢᠶᠠᠩ ᠬᠣᠶᠠᠷ ᠨᠥᠬᠥᠷ ᠲᠣᠰ ᠲᠣᠰ ᠤᠯᠠᠭ᠋ᠠᠨᠴᠠᠪ ᠬᠣᠲᠠ ᠵᠢᠨ ᠬᠤᠸᠠᠳᠧ ᠰᠢᠶᠠᠨ᠎ᠤ ᠰᠢᠨ᠎ᠡ ᠤᠰᠤ ᠲᠣᠰᠬᠣᠨ᠂ ᠰᠢᠨ ᠹᠦ᠋ ᠲᠣᠰᠬᠣᠨ᠎ᠳᠤ ᠬᠦᠷᠴᠦ ᠬᠣᠶᠠᠷ ᠵᠢᠯ᠎ᠤᠨ ᠬᠤᠭᠤᠴᠠᠭ᠎ᠠ᠎ᠲᠠᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠥᠷᠨᠢᠭᠦᠯᠵᠦ᠂ ᠰᠢᠶᠠᠨ᠎ᠤ ᠬᠠᠮᠢᠶ᠎ᠠ ᠪᠥᠬᠥᠶ ᠨᠥᠬᠥᠳ᠎ᠲᠠᠢ ᠬᠠᠮᠲᠤ ᠲᠣᠰᠬᠣᠨ᠎ᠳᠤ ᠰᠠᠭᠤᠬᠤ ᠠᠵᠢᠯᠯᠠᠬᠤ ᠠᠩᠭᠢ ᠪᠠᠶ᠋ᠢᠭᠤᠯᠪᠠ᠃ ᠲᠣᠰᠬᠣᠨ᠎ᠳᠤ ᠰᠠᠭᠤᠬᠤ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠮᠦᠰ᠎ᠤᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠂ ᠡᠷᠦᠬᠡ ᠵᠢᠨ ᠵᠣᠷᠯᠣᠩ᠎ᠢ ᠴᠡᠭᠴᠡᠯᠡᠨ ᠰᠠᠶ᠋ᠢᠵᠢᠷᠠᠭᠤᠯᠬᠤ ᠵᠢ ᠲᠥᠪᠯᠡᠷᠡᠭᠦᠯᠦᠨ ᠪᠣᠭᠣᠮᠲᠠ ᠰᠢᠪᠲᠤᠯᠬᠤ᠂ ᠲᠠᠩᠰᠠ ᠡᠪᠬᠡᠮᠡᠯ᠎ᠢ ᠡᠮᠬᠢᠯᠡᠬᠦ ᠵᠡᠷᠭᠡ ᠠᠵᠢᠯ᠎ᠢ ᠬᠢᠵᠦ᠂ 《ᠶᠡᠬᠡ ᠬᠡᠷ》᠎ᠤᠨ ᠲᠦᠯᠦᠭᠡ 《ᠪᠠᠭ᠎ᠠ ᠭᠡᠷ》 ᠵᠶ᠋ᠠᠨ ᠤᠮᠠᠷᠳᠠᠨ᠂ ᠠᠮᠢᠳᠤᠷᠠᠯ᠂ ᠬᠡᠷ ᠪᠦᠯᠢ ᠪᠣᠯᠤᠨ ᠠᠵᠢᠯ᠎ᠤᠨ ᠲᠠᠯ᠎ᠠ᠎ᠪᠠᠷ᠎ᠬᠢ ᠬᠦᠴᠢᠷᠳᠡᠯ᠎ᠢ ᠴᠢᠷᠮᠠᠶ᠋ᠢᠨ ᠢᠯᠡᠨ ᠳᠠᠪᠠᠵᠤ᠂ ᠬᠥᠳᠡᠭᠡ ᠲᠣᠰᠬᠣᠨ᠎ᠳᠤ ᠭᠦᠨᠵᠡᠭᠡᠶ᠋ᠢᠷᠡᠨ ᠠᠵᠢᠯᠯᠠᠵᠤ᠂ ᠥᠷᠭᠡᠨ ᠣᠯᠠᠨ ᠲᠣᠰᠬᠣᠨ᠎ᠤ ᠠᠷᠠᠳ᠎ᠤᠨ ᠮᠠᠭᠲᠠᠭ᠋ᠠᠯ ᠰᠠᠶ᠋ᠢᠰᠢᠶᠠᠯ᠎ᠢ ᠤᠯᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠡᠯ᠎ᠡ ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠣᠶ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠶ ᠮᠡᠷᠭᠡᠵᠢᠯᠲᠡᠨ᠎ᠤ ᠦᠨᠳᠦᠰᠦᠨ ᠱᠠᠲᠤᠨ᠎ᠳᠤ ᠦᠢ᠍ᠯᠡᠴᠢᠯᠡᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠨᠣᠣᠯᠤᠷ᠎ᠤᠨ ᠢᠮᠠᠭ᠋ᠠᠨ᠎ᠤ ᠪᠠᠷᠢᠮᠵᠢᠶᠠᠵᠢᠭᠤᠯᠤᠭᠰᠠᠨ ᠴᠢᠨᠠᠷ ᠰᠠᠶ᠋ᠢᠲᠠᠶ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠤ ᠲᠥᠷᠥᠯ ᠵᠦᠢ᠍ᠯ᠎ᠢ ᠣᠲᠣᠭ ᠬᠣᠰᠢᠭᠤᠨ᠎ᠳᠤ ᠤᠷᠤᠭᠰᠢᠲᠠᠶ ᠡᠬᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠪᠠ
 
            