ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠡᠯ᠎ᠡ ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2022-03-01

       ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 2021 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠪᠠᠯᠠ ᠮᠥᠩᠭᠥ ᠵᠢ ᠲᠡᠰᠦᠯᠦᠨ ᠪᠤᠳᠤᠵᠤ ᠭᠤᠶᠤᠴᠢᠯᠠᠨ ᠮᠡᠳᠡᠭᠦᠯᠬᠦ ᠠᠵᠢᠯ᠎ᠢ ᠬᠤᠭᠤᠴᠠᠭ᠎ᠠ ᠶᠣᠰᠣᠭ᠋ᠠᠷ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠵᠤ᠂ ᠠᠵᠢᠯ᠎ᠤᠨ ᠲᠤᠰᠬᠠᠶ ᠠᠩᠭᠢ ᠪᠠᠶ᠋ᠢᠭᠤᠯᠤᠨ᠂ ᠬᠢᠵᠢᠭ᠎ᠤᠨ ᠬᠦᠴᠢᠷᠳᠡᠯ᠎ᠢ ᠴᠢᠷᠮᠠᠶ᠋ᠢᠨ ᠢᠯᠡᠨ ᠳᠠᠪᠠᠵᠤ᠂ ᠡᠯ᠎ᠡ ᠭᠠᠵᠠᠷ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ᠃
       ᠪᠥᠬᠥ ᠣᠷᠣᠨ᠎ᠤ ᠡᠯ᠎ᠡ ᠱᠠᠲᠤᠨ᠎ᠤ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠂ ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠵᠠᠭᠪᠤᠷ᠎ᠲᠤ ᠰᠢᠨ᠎ᠡ ᠵᠢ ᠡᠭᠦᠳᠦᠨ᠂ ᠠᠵᠢᠯ᠎ᠤᠨ ᠰᠣᠯᠢᠯᠴᠠᠭ᠋ᠠᠨ᠎ᠤ ᠲᠠᠪᠴᠠᠩ ᠪᠠᠶ᠋ᠢᠭᠤᠯᠵᠤ᠂ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠴᠤᠪᠤᠷᠠᠯ ᠵᠶ᠋ᠠᠨ ᠵᠢᠷᠤᠮᠵᠢᠭᠤᠯᠵᠤ᠂ ᠲᠤᠷᠰᠢᠯᠭ᠎ᠠ᠎ᠪᠠᠨ ᠬᠤᠪᠢᠶᠠᠯᠴᠠᠨ᠂ ᠮᠠᠲᠠᠭ᠎ᠲᠠᠢ ᠠᠰᠠᠭᠤᠳᠠᠯ᠎ᠢ ᠰᠢᠢ᠍ᠳᠪᠦᠷᠢᠯᠡᠵᠦ᠂ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠤᠤᠷ᠎ᠠ᠂ ᠴᠠᠭ ᠨᠡᠮᠡᠵᠦ ᠠᠵᠢᠯᠯᠠᠨ ᠬᠠᠮᠢᠶ᠎ᠠ ᠪᠥᠬᠥᠶ ᠮᠡᠳᠡᠭᠡ ᠵᠠᠩᠭᠢ ᠵᠢ ᠨᠠᠷᠢᠨ ᠬᠢᠨᠠᠮᠠᠭ᠋ᠠᠶ ᠬᠢᠨᠠᠨ ᠬᠠᠷᠭᠤᠭᠤᠯᠵᠤ᠂ ᠬᠢᠵᠢᠭ᠎ᠢ ᠰᠡᠷᠭᠡᠶ᠋ᠢᠯᠡᠬᠦ ᠪᠠ ᠲᠤᠬᠠᠶ᠋ᠢᠯᠠᠭᠰᠠᠨ ᠠᠵᠢᠯ᠎ᠤᠨ ᠠᠯᠢ ᠵᠢ᠎ᠨᠢ ᠴᠦ᠍ ᠰᠠᠭ᠋ᠠᠲᠠᠭ᠋ᠠᠬᠤ ᠥᠬᠡᠶ ᠪᠠᠶ᠋ᠢᠬᠤ ᠵᠢ ᠪᠡᠶᠡᠯᠡᠭᠦᠯᠪᠡ᠃
       ᠬᠥᠬᠡᠬᠣᠲᠠ ᠵᠢᠨ ᠢᠦᠶ ᠴᠢᠤᠸᠠᠨ ᠲᠣᠭᠣᠷᠢᠭ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠶᠢᠦ ᠵᠢᠶᠦ᠋ᠨ ᠨᠥᠬᠥᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠡᠷᠡᠭᠴᠡᠭᠡ᠎ᠠᠴᠠ ᠪᠣᠯᠵᠣ ᠪᠠᠭᠤᠳᠠᠯ᠎ᠳᠤ ᠲᠤᠰᠠᠭ᠋ᠠᠷᠯᠠᠬᠤ ᠴᠢᠬᠤᠯᠠᠲᠠᠶ ᠪᠣᠯᠤᠭᠰᠠᠨ ᠪᠣᠯᠪᠠᠴᠤ ᠲᠡᠷᠡ ᠡᠭᠦᠨ᠎ᠠᠴᠠ ᠪᠣᠯᠵᠣ ᠠᠵᠢᠯ ᠵᠶ᠋ᠠᠨ ᠬᠠᠶᠠᠭᠰᠠᠨ ᠥᠬᠡᠶ᠂ ᠪᠠᠭᠤᠳᠠᠯ᠎ᠳᠤ ᠵᠠᠯᠭ᠋ᠠᠭ᠋ᠠᠳ ᠴᠠᠭ ᠨᠡᠮᠡᠵᠦ ᠠᠵᠢᠯᠯᠠᠭᠰᠠᠨ ᠪᠠᠶ᠋ᠢᠨ᠎ᠠ᠂ ᠲᠡᠷᠡ ᠬᠡᠯᠡᠬᠦ᠎ᠳᠡᠭᠡᠨ᠄ 《ᠬᠥᠮᠦᠨ᠎ᠨᠢ ᠬᠠᠮᠢᠭ᠎ᠠ ᠪᠠᠶ᠋ᠢᠭᠰᠠᠨ ᠴᠤ᠌ ᠲᠡᠷᠡ᠂ ᠨᠥᠬᠥᠴᠡᠯ᠎ᠲᠠᠢ ᠯᠡ ᠶᠤᠮ ᠪᠣᠯ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠠᠴᠠ ᠣᠯᠭᠣᠬᠤ ᠨᠥᠬᠥᠪᠥᠷᠢ ᠵᠢᠨ ᠪᠠᠯᠠ ᠮᠥᠩᠭᠥ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠬᠡᠷᠡᠭᠲᠡᠶ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠢ ᠬᠣᠶ᠋ᠢᠰᠢᠯᠠᠭᠤᠯᠵᠤ ᠪᠣᠯᠬᠤ ᠥᠬᠡᠶ᠂ ᠡᠨᠡ᠎ᠨᠢ ᠠᠷᠠᠳ ᠣᠯᠠᠨ᠎ᠤ ᠠᠮᠢ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠵᠤ ᠪᠠᠶ᠋ᠢᠳᠠᠭ》 ᠭᠡᠵᠡᠢ᠃
      ᠬᠥᠬᠡᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ ᠠᠯᠪᠠᠯᠠᠬᠤ ᠲᠣᠭᠣᠷᠢᠭ ᠡᠨᠡ ᠤᠳᠠᠭ᠎ᠠ ᠵᠢᠨ ᠬᠢᠵᠢᠭ᠎ᠤᠨ ᠪᠠᠶ᠋ᠢᠳᠠᠯ᠎ᠳᠤ ᠲᠤᠰᠠᠭ᠋ᠠᠷᠯᠠᠭᠳᠠᠪᠠ᠂ ᠭᠡᠪᠡᠴᠦ ᠠᠵᠢᠯ ᠵᠶ᠋ᠠᠨ ᠣᠷᠬᠢᠭᠳᠠᠭᠤᠯᠤᠭᠰᠠᠨ ᠦᠭᠡᠢ᠂ ᠺᠠᠳ᠋ᠷ ᠠᠵᠢᠯᠳᠠᠨ ᠴᠠᠭ ᠨᠡᠮᠡᠨ ᠠᠵᠢᠯᠯᠠᠵᠤ᠂ ᠡᠮᠬᠢ ᠴᠡᠭᠴᠡ᠎ᠲᠠᠢ᠎ᠪᠠᠷ ᠭᠠᠷᠳᠠᠨ ᠬᠢᠬᠦ ᠲᠤᠬᠠᠶ᠋ᠢᠯᠠᠭᠰᠠᠨ ᠠᠵᠢᠯ ᠵᠶ᠋ᠠᠨ ᠥᠷᠨᠢᠭᠦᠯᠵᠦ ᠪᠠᠶ᠋ᠢᠨ᠎ᠠ᠃


全区各级社保经办机构全面开展2021年度城乡居民基本养老保险中央财政补助资金数据核实上报工作1.jpg


    (ᠬᠥᠬᠡᠬᠣᠲᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠠᠵᠢᠯᠲᠠᠨ ᠲᠤᠰᠠᠭ᠋ᠠᠷᠯᠠᠭᠰᠠᠨ ᠠᠯᠪᠠᠯᠠᠬᠤ ᠲᠣᠭᠣᠷᠢᠭ᠎ᠲᠤ ᠡᠮᠬᠢ ᠵᠢᠷᠤᠮ᠎ᠲᠠᠢ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠢ ᠥᠷᠨᠢᠭᠦᠯᠪᠡ)
      ᠪᠤᠭᠤᠲᠤ ᠬᠣᠲᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠬᠣᠯᠪᠣᠭᠳᠠᠯ ᠪᠥᠬᠥᠶ ᠤᠳᠤᠷᠢᠳᠤᠯᠭ᠎ᠠ ᠲᠦᠷᠦᠭᠦᠯᠡᠨ ᠴᠠᠭ ᠨᠡᠮᠡᠵᠦ ᠠᠵᠢᠯᠯᠠᠨ᠂ ᠳᠡᠭᠡᠭᠰᠢ ᠮᠡᠳᠡᠭᠦᠯᠬᠦ ᠴᠤᠪᠤᠷᠠᠯ ᠪᠠ ᠠᠮᠠᠷᠬᠠᠨ ᠭᠠᠷᠬᠤ ᠠᠰᠠᠭᠤᠳᠠᠯ᠎ᠢ ᠪᠥᠬᠥ ᠲᠠᠯ᠎ᠠ᠎ᠪᠠᠷ ᠡᠮᠬᠢᠯᠡᠵᠦ᠂ 《ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠥᠪ᠎ᠤᠨ ᠡᠳ᠋᠎ᠤᠨ ᠵᠠᠰᠠᠭ᠎ᠤᠨ ᠨᠥᠬᠥᠪᠥᠷᠢ ᠪᠠᠯᠠ ᠮᠥᠩᠭᠥ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ᠎ᠤᠨ ᠬᠡᠷᠡᠭᠵᠢᠭᠦᠯᠬᠦ ᠠᠯᠬᠤᠮ ᠳᠠᠷᠠᠭ᠎ᠠ》 ᠵᠢ ᠲᠣᠭᠲᠠᠭ᠋ᠠᠵᠤ᠂ ᠪᠥᠬᠥ ᠣᠷᠣᠨ᠎ᠳᠤ ᠳᠡᠯᠭᠡᠷᠡᠭᠦᠯᠦᠨ ᠰᠤᠷᠤᠯᠴᠠᠭᠤᠯᠵᠤ ᠲᠣᠯᠢᠯᠠᠭᠤᠯᠤᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃


全区各级社保经办机构全面开展2021年度城乡居民基本养老保险中央财政补助资金数据核实上报工作2.png


    (ᠮᠠᠨ᠎ᠤ ᠣᠷᠣᠨ᠎ᠤ ᠬᠡᠰᠡᠭ ᠦᠨᠳᠦᠰᠦᠨ ᠱᠠᠲᠤᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠴᠠᠭ ᠨᠡᠮᠡᠵᠦ ᠠᠵᠢᠯᠯᠠᠭᠰᠠᠨ ᠰᠡᠭᠦᠳᠡᠷ)
      ᠬᠢᠵᠢᠭ᠎ᠤᠨ ᠪᠠᠶ᠋ᠢᠳᠠᠯ ᠬᠠᠶ᠋ᠢᠷ᠎ᠠ ᠨᠠᠶ᠋ᠢᠷ ᠦᠭᠡᠢ᠂ ᠬᠥᠮᠦᠨ᠎ᠤ ᠣᠷᠴᠢᠯᠠᠩ ᠬᠠᠶ᠋ᠢᠷ᠎ᠠ ᠰᠡᠳᠬᠢᠯᠭᠡ᠎ᠲᠠᠢ᠃ ᠡᠮᠦᠨ᠎ᠡ ᠹᠷᠣᠨᠲ᠎ᠲᠤ ᠬᠢᠵᠢᠭ᠎ᠲᠠᠢ ᠲᠡᠮᠡᠴᠡᠵᠦ ᠬᠡᠷ᠎ᠲᠡᠭᠡᠨ ᠠᠯᠪᠠᠯᠠᠪᠠ᠃
       ᠡᠨᠡ ᠪᠣᠯ ᠪᠥᠬᠥ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷ ᠭᠦᠢ᠍ᠴᠡᠳᠭᠡᠯ᠎ᠤᠨ ᠬᠤᠷᠢᠶᠠᠩᠭᠤᠶ ᠳᠦᠷᠰᠦ ᠪᠣᠯᠤᠨ᠎ᠠ᠃ ᠡᠨᠡᠬᠦ ᠣᠨᠴᠠᠭ᠋ᠠᠢ ᠴᠠᠭ ᠦᠶ᠎ᠡ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠨᠡᠶ᠋ᠢᠭᠡᠮ᠎ᠤᠨ ᠪᠠᠲᠤᠯᠠᠪᠤᠷᠢ ᠵᠢᠨ ᠰᠠᠯᠠᠭ᠎ᠠ ᠮᠥᠴᠢᠷ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ ᠵᠶ᠋ᠠᠷ ᠭᠣᠣᠯ ᠪᠣᠯᠭ᠋ᠠᠬᠤ᠂ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠬᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ ᠨᠡᠶ᠋ᠢᠭᠡᠮ᠎ᠤᠨ ᠪᠠᠳᠤᠯᠠᠭ᠎ᠠ ᠵᠢᠨ ᠬᠥᠮᠦᠨ᠎ᠤ ᠵᠣᠷᠢᠭ ᠰᠠᠨᠠᠭ᠎ᠠ ᠵᠢ ᠢᠯᠡᠷᠡᠭᠦᠯᠵᠡᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠪᠣᠶ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ ᠪᠠ ᠲᠤᠰᠬᠠᠶ ᠮᠡᠷᠭᠡᠵᠢᠯᠲᠡᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠪᠠ
2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠶ ᠮᠡᠷᠭᠡᠵᠢᠯᠲᠡᠨ᠎ᠤ ᠦᠨᠳᠦᠰᠦᠨ ᠱᠠᠲᠤᠨ᠎ᠳᠤ ᠦᠢ᠍ᠯᠡᠴᠢᠯᠡᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠨᠣᠣᠯᠤᠷ᠎ᠤᠨ ᠢᠮᠠᠭ᠋ᠠᠨ᠎ᠤ ᠪᠠᠷᠢᠮᠵᠢᠶᠠᠵᠢᠭᠤᠯᠤᠭᠰᠠᠨ ᠴᠢᠨᠠᠷ ᠰᠠᠶ᠋ᠢᠲᠠᠶ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠤ ᠲᠥᠷᠥᠯ ᠵᠦᠢ᠍ᠯ᠎ᠢ ᠣᠲᠣᠭ ᠬᠣᠰᠢᠭᠤᠨ᠎ᠳᠤ ᠤᠷᠤᠭᠰᠢᠲᠠᠶ ᠡᠬᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠶ ᠶᠢᠩ ᠵᠢᠶᠦ᠋ᠨ ᠨᠡᠷ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠪᠠ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠮᠠᠨ᠎ᠤ ᠣᠷᠣᠨ᠎ᠳᠤ ᠠᠮᠵᠢᠯᠲᠠ᠎ᠲᠠᠢ ᠶᠠᠪᠤᠭᠳᠠᠪᠠ
 
            