11 ᠰᠠᠷ᠎ᠠ ᠵᠢᠨ 22᠎ᠤᠨ ᠡᠳᠦᠷ᠎ᠠᠴᠠ 23᠎ᠤ ᠡᠳᠦᠷ ᠪᠣᠯᠲᠠᠯ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠭᠤᠸᠠᠩᠳᠦ᠋ᠩ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠭᠰᠡᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠶᠡᠬᠡ ᠬᠤᠷᠠᠯ ᠱᠧᠨᠵᠧᠨ᠎ᠳᠤ ᠶᠠᠪᠤᠭᠳᠠᠵᠤ᠂ ᠥᠪᠥᠷ ᠮᠣᠩᠭᠣᠯ 《ᠪᠦᠯᠬᠦᠮ ᠪᠠᠢ᠌ᠭᠤᠯᠵᠤ》 ᠶᠡᠬᠡ ᠬᠤᠷᠠᠯ᠎ᠳᠤ ᠣᠷᠣᠯᠴᠠᠪᠠ᠃

ᠲᠣᠰ ᠤᠳᠠᠭ᠎ᠠ ᠵᠢᠨ ᠶᠡᠬᠡ ᠬᠤᠷᠠᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠤ ᠳᠠᠷᠠᠭ᠎ᠠ ᠡᠷᠭᠢᠯᠡᠭᠰᠡᠨ ᠠᠩᠬᠠᠳᠠᠭᠴᠢ ᠪᠥᠬᠥ ᠤᠯᠤᠰ᠎ᠤᠨ ᠴᠢᠨᠠᠷᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠶᠡᠬᠡ ᠬᠤᠷᠠᠯ ᠮᠥᠨ᠂ ᠮᠠᠨ᠎ᠤ ᠤᠯᠤᠰ᠎ᠤᠨ ᠪᠠᠷᠢᠮᠵᠢᠶ᠎ᠠ᠎ᠪᠠᠷ ᠥᠨᠳᠥᠷ᠂ ᠬᠡᠪᠴᠢᠶ᠎ᠡ᠎ᠪᠠᠷ ᠶᠡᠬᠡ᠂ ᠨᠥᠯᠥᠭᠡᠯᠡᠬᠦ ᠬᠦᠴᠦᠨ ᠵᠶ᠋ᠡᠷ ᠥᠷᠭᠡᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠠᠵᠢᠯ ᠲᠥᠷᠥᠯ᠎ᠤᠨ ᠦᠪᠡᠳᠡᠭᠰᠢ ᠬᠤᠷᠠᠯ ᠮᠥᠨ᠃ ᠶᠡᠬᠡ ᠬᠤᠷᠠᠯ᠎ᠨᠢ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠥᠳᠡᠯᠭᠡᠬᠦ ᠬᠦᠴᠦᠨ᠎ᠢ ᠬᠥᠭᠵᠢᠭᠡᠵᠦ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠎ᠳᠤ ᠬᠦᠴᠦᠨ ᠴᠢᠳᠠᠯ᠎ᠢ ᠨᠢᠭᠲᠠᠷᠠᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠡᠬᠢᠯᠡᠯᠲᠡ ᠵᠢᠨ ᠶᠣᠰᠣᠯᠠᠯ ᠲᠡᠭᠦᠰᠬᠦ ᠠᠵᠢᠯᠯᠠᠭ᠎ᠠ ᠵᠢ ᠲᠣᠬᠢᠷᠠᠭᠤᠯᠵᠤ᠂ ᠵᠢᠴᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠰᠤᠳᠤᠯᠤᠨ ᠶᠠᠷᠢᠯᠴᠠᠵᠤ ᠰᠣᠯᠢᠯᠴᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢ ᠵᠥᠪᠳᠡᠯᠴᠡᠨ ᠵᠣᠯᠭ᠋ᠠᠭᠤᠯᠬᠤ ᠪᠠ ᠳᠡᠯᠭᠡᠨ ᠦᠵᠡᠭᠦᠯᠬᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠤᠷᠤᠯᠳᠤᠭ᠋ᠠᠨ ᠪᠠ ᠤᠷ᠎ᠠ ᠮᠡᠷᠭᠡᠵᠢᠯ᠎ᠤᠨ ᠤᠷᠤᠯᠳᠤᠭ᠋ᠠᠨ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠵᠠᠯᠠᠭᠤ ᠴᠢᠳᠠᠪᠤᠷᠢᠲᠠᠨ᠎ᠢ ᠤᠷᠢᠵᠤ ᠡᠯᠰᠡᠬᠦ ᠴᠤᠭᠯᠠᠭ᠋ᠠᠨ ᠵᠡᠷᠭᠡ ᠳᠥᠷᠪᠡᠨ ᠶᠡᠬᠡ ᠲᠤᠰᠬᠠᠢ ᠠᠵᠢᠯᠯᠠᠭ᠎ᠠ ᠵᠢ ᠡᠷᠬᠢᠯᠡᠵᠤ᠂ ᠠᠵᠢᠯ ᠳᠦᠷᠦᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠴᠢᠩᠭ᠋ᠠᠳᠬᠠᠬᠤ᠂ ᠠᠵᠢᠯ ᠳᠦᠷᠦᠯ᠎ᠤᠨ ᠰᠣᠯᠢᠯᠴᠠᠭ᠎ᠠ ᠵᠢ ᠠᠬᠢᠭᠤᠯᠬᠤ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠵᠢ ᠬᠥᠲᠥᠯᠥᠨ ᠳᠠᠭ᠋ᠠᠭᠤᠯᠬᠤ᠂ ᠲᠤᠰᠬᠠᠢ ᠲᠠᠯᠠᠪᠤᠷ ᠠᠵᠢᠯᠲᠠᠨ ᠠᠵᠢᠯᠴᠢᠨ᠎ᠢ ᠤᠷᠢᠵᠤ ᠡᠯᠰᠡᠬᠦ ᠴᠤᠭᠯᠠᠭ᠋ᠠᠨ᠎ᠢ ᠡᠷᠬᠢᠯᠡᠬᠦ᠎ᠪᠠᠷ ᠳᠠᠮᠵᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨ᠎ᠡ ᠨᠡᠮᠡᠭᠳᠡᠯ᠎ᠤᠨ ᠴᠡᠭ᠎ᠢ ᠪᠣᠢ᠌ᠵᠢᠭᠤᠯᠵᠤ᠂ ᠰᠢᠨ᠎ᠡ ᠬᠥᠳᠡᠯᠭᠡᠬᠦ ᠬᠦᠴᠦᠨ᠎ᠢ ᠪᠦᠷᠢᠯᠳᠦᠭᠦᠯᠵᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠨᠡᠩ ᠰᠠᠶ᠋ᠢᠲᠤᠷ ᠠᠬᠢᠭᠤᠯᠵᠤ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠪᠠ᠃
ᠲᠣᠰ ᠬᠤᠭᠤᠴᠠᠭ᠋ᠠᠨ᠎ᠤ ᠶᠡᠬᠡ ᠬᠤᠷᠠᠯ᠎ᠳᠤ ᠣᠷᠣᠯᠴᠠᠭᠰᠠᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠨᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠵᠢᠴᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠡᠰᠡᠭ ᠦᠢ᠍ᠯᠡᠴᠢᠯᠡᠭᠡᠨ᠎ᠤ ᠪᠠᠢ᠌ᠭᠤᠯᠤᠮᠵᠢ᠂ ᠭᠣᠣᠯᠳᠠᠯᠭ᠎ᠠ᠎ᠲᠠᠢ ᠬᠥᠮᠥᠨ ᠬᠡᠷᠡᠭᠯᠡᠬᠦ ᠨᠢᠭᠡᠴᠢ᠂ ᠠᠵᠢᠯ ᠲᠥᠷᠥᠯ᠎ᠤᠨ ᠨᠡᠢ᠌ᠭᠡᠮᠯᠢᠭ ᠵᠡᠷᠭᠡ 86 ᠬᠥᠮᠥᠨ ᠵᠶ᠋ᠡᠷ ᠪᠦᠷᠢᠯᠳᠦᠵᠡᠢ᠃ ᠡᠭᠦᠨ᠎ᠳᠤ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠬᠤᠪᠢ ᠡᠵᠡᠮᠳᠡᠭᠰᠡᠨ (ᠪᠦᠯᠦᠭᠯᠡᠯ) ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠥᠩ ᠴᠢᠩ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠬᠥᠷᠥᠩᠭᠡ ᠵᠢᠨ ᠡᠵᠡᠩᠨᠡᠯᠲᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠳ᠋ᠢᠶᠠᠨ ᠫᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠢᠵᠠᠭ᠋ᠠᠷᠲᠤ ᠺᠣᠮᠫᠠᠨᠢ᠎ᠨᠢ ᠳᠡᠯᠭᠡᠨ ᠦᠵᠡᠭᠦᠯᠭᠡ᠂ ᠤᠷᠢᠳᠴᠢᠯᠠᠨ ᠲᠠᠨᠢᠯᠴᠠᠭᠤᠯᠵᠤ ᠤᠬᠠᠭᠤᠯᠬᠤ᠂ ᠴᠢᠨᠠᠷ ᠰᠠᠢ᠌ᠲᠠᠢ ᠲᠥᠷᠥᠯ ᠵᠦᠢ᠍ᠯ᠎ᠤᠨ ᠭᠡᠷ᠎ᠡ ᠲᠣᠭᠲᠠᠬᠤ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠤᠷᠤᠯᠳᠤᠭ᠋ᠠᠨ ᠵᠡᠷᠭᠡ ᠲᠥᠷᠥᠯ ᠵᠦᠢ᠍ᠯ᠎ᠳᠤ ᠣᠷᠣᠯᠴᠠᠵᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ ᠵᠡᠷᠭᠡ 5 ᠭᠣᠣᠯᠳᠠᠯᠭ᠎ᠠ᠎ᠲᠠᠢ ᠬᠥᠮᠥᠨ ᠬᠡᠷᠡᠭᠯᠡᠬᠦ ᠨᠢᠭᠡᠴᠢ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠵᠠᠯᠠᠭᠤ ᠴᠢᠳᠠᠪᠤᠷᠢᠲᠠᠨ᠎ᠢ ᠤᠷᠢᠵᠤ ᠡᠯᠰᠡᠬᠦ ᠴᠤᠭᠯᠠᠭ᠋ᠠᠨ᠎ᠳᠤ ᠣᠷᠣᠯᠴᠠᠪᠠ᠃ ᠡᠭᠦᠨ᠎ᠤ ᠬᠠᠮᠲᠤ᠂ ᠲᠤᠬᠠᠢ ᠵᠢᠨ ᠲᠠᠯᠠᠪᠠᠢ᠎ᠳᠤ ᠨᠡᠭᠦᠳᠡᠯ ᠦᠷ᠎ᠡ ᠪᠦᠲᠦᠭᠡᠯ᠎ᠤᠨ ᠦᠵᠡᠭᠦᠯᠭᠡ ᠵᠢ ᠲᠣᠬᠢᠷᠠᠭᠤᠯᠵᠤ᠂ ᠮᠠᠨ᠎ᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠭᠦᠢ᠍ᠴᠡᠳ ᠳᠡᠯᠭᠡᠨ ᠦᠵᠡᠭᠦᠯᠪᠡ᠃ ᠶᠡᠬᠡ ᠬᠤᠷᠠᠯ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠪᠠᠰᠠ ᠪᠤᠰᠤᠳ ᠮᠤᠵᠢ᠎ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠲᠤᠷᠰᠢᠯᠭ᠎ᠠ ᠵᠢᠨ ᠦᠷ᠎ᠡ ᠪᠦᠲᠦᠭᠡᠯ ᠵᠶ᠋ᠡᠨ ᠬᠤᠪᠢᠶᠠᠯᠴᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ᠎ᠳᠤ ᠬᠠᠮᠲᠤᠷᠠᠯᠴᠠᠭ᠋ᠠᠨ᠎ᠤ ᠰᠢᠨ᠎ᠡ ᠠᠵᠠ ᠲᠣᠬᠢᠶᠠᠯ ᠣᠯᠭᠣᠪᠠ᠃
ᠣᠢ᠌ᠷ᠎ᠠ ᠵᠢᠨ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠰᠢᠰᠲ᠋ᠧᠮ᠎ᠢ ᠬᠦᠴᠦᠯᠡᠨ ᠰᠢᠯᠢᠳᠡᠭᠵᠢᠭᠦᠯᠵᠦ᠂ ᠳᠠᠭ᠋ᠠᠭᠤᠯᠤᠭᠴᠢ ᠠᠵᠤ ᠠᠬᠤᠢ᠌ᠯᠠᠯ᠎ᠢ ᠢᠳᠡᠪᠬᠢᠲᠡᠢ᠎ᠪᠠᠷ ᠲᠡᠳᠬᠦᠵᠦ᠂ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠲᠦᠷᠭᠡᠳᠬᠡᠨ ᠪᠠᠢ᠌ᠭᠤᠯᠵᠤ᠂ 《ᠦᠨᠡᠨᠴᠢ ᠢᠲᠡᠭᠡᠮᠵᠢ ᠵᠢᠨ ᠭᠣᠣᠯ ᠰᠡᠳᠦᠪᠲᠦ ᠡᠭᠦᠳᠦᠨ ᠪᠠᠢ᠌ᠭᠤᠯᠬᠤ ᠠᠵᠢᠯᠯᠠᠭ᠎ᠠ》 ᠵᠢ ᠥᠷᠨᠢᠭᠦᠯᠦᠨ᠂ ᠠᠵᠢᠯ ᠲᠥᠷᠥᠯ᠎ᠤᠨ ᠬᠥᠭᠵᠢᠯᠲᠡ ᠵᠢᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠤᠨ᠂ ᠡᠵᠡᠩᠨᠡᠯᠲᠡ ᠵᠢᠨ ᠬᠡᠯᠪᠡᠷᠢ ᠵᠢᠨ ᠰᠢᠨ᠎ᠡ ᠵᠢ ᠡᠭᠦᠳᠬᠦ ᠵᠢ ᠠᠬᠢᠭᠤᠯᠪᠠ᠃ 2022 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ 995 ᠪᠣᠯᠵᠤ᠂ ᠪᠠᠢ᠌ᠭᠤᠯᠤᠮᠵᠢ ᠵᠢᠨ ᠠᠵᠢᠯᠯᠠᠵᠤ ᠪᠠᠢ᠌ᠭ᠎ᠠ ᠬᠥᠮᠥᠨ᠎ᠤ ᠲᠣᠭ᠎ᠠ 1.3 ᠲᠦᠮᠡ᠎ᠳᠤ ᠬᠦᠷᠴᠦ᠂ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 131 ᠳ᠋ᠦᠩᠰᠢᠭᠤᠷ ᠲᠥᠭᠥᠷᠢᠭ᠎ᠲᠤ ᠬᠦᠷᠴᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠡᠪᠴᠢᠶ᠎ᠡ ᠲᠠᠰᠤᠷᠠᠯᠲᠠ ᠦᠭᠡᠢ ᠪᠤᠵᠠᠭ᠋ᠠᠢ᠌ᠷᠠᠨ᠂ ᠦᠢ᠍ᠯᠡᠴᠢᠯᠡᠭᠡᠨ᠎ᠤ ᠡᠵᠡᠩᠨᠡᠯᠲᠡ ᠵᠢᠨ ᠬᠡᠯᠪᠡᠷᠢ ᠨᠠᠩ ᠪᠠᠶᠠᠯᠢᠭᠵᠢᠵᠤ᠂ ᠠᠵᠤ ᠦᠢ᠍ᠯᠡᠰ᠎ᠤᠨ ᠲᠥᠪᠯᠡᠷᠡᠯ᠎ᠤᠨ ᠦᠷ᠎ᠡ ᠠᠰᠢᠭ ᠢᠯᠡᠷᠬᠡᠢ ᠪᠣᠯᠪᠠ᠃
ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠲᠠᠢ ᠨᠢᠭᠲᠠ ᠤᠶᠠᠯᠳᠤᠭᠤᠯᠤᠨ᠂ ᠴᠢᠳᠠᠪᠤᠷᠢᠲᠠᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠬᠤ ᠳᠤᠮᠳᠠᠬᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠠᠩ ᠪᠦᠷᠢᠨ ᠲᠡᠭᠦᠯᠳᠡᠷ ᠪᠠᠢ᠌ᠭᠤᠯᠤᠯ ᠲᠣᠭᠲᠠᠴᠠ ᠵᠢ ᠪᠠᠢ᠌ᠭᠤᠯᠤᠨ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠥᠷᠨᠢᠩᠭᠦᠢ ᠬᠥᠭᠵᠢᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠷᠬᠡᠭ ᠶᠡᠬᠡ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭ᠋ᠠᠨ᠎ᠠ᠃