ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-02-15

      2 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 73 ᠪᠦᠷᠢᠯᠳᠦᠭᠦᠨ᠎ᠲᠠᠢ᠂ 68 ᠬᠥᠮᠥᠨ ᠲᠣᠰ ᠤᠳᠠᠭ᠋ᠠᠨ᠎ᠤ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃


图片新闻2.jpg


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂

ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠸᠨ ᠰᠢᠤᠸᠠᠢ ᠵᠢᠴᠢ ᠭᠡᠰᠢᠭᠦᠳ ᠬᠤᠷᠠᠯ᠎ᠳᠤ ᠣᠷᠣᠯᠴᠠᠵᠠᠢ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ᠂ ᠬᠢᠨᠠᠨ ᠪᠠᠢ᠌ᠴᠠᠭ᠋ᠠᠬᠤ ᠵᠥᠪᠯᠡᠯ᠎ᠤᠨ ᠡᠷᠭᠢᠯᠡᠭᠴᠢ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠭᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ

ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠪᠠ᠃


图片新闻3.jpg


      ᠬᠤᠷᠠᠯ᠎ᠤᠨ ᠵᠥᠪᠯᠡᠭᠦ ᠵᠦᠢ᠍ᠯᠡᠰ᠎ᠢ ᠪᠠᠲᠤᠯᠠᠭᠰᠠᠨ᠎ᠤ ᠲᠠᠷᠠᠭ᠎ᠠ᠂ ᠬᠤᠷᠠᠯ᠎ᠠᠴᠠ ᠬᠤᠸᠠᠩ ᡁᠢ ᠴᠢᠶᠠᠩ᠂ ᠯᠢᠦ ᠱᠤᠸᠠᠩ᠎ᠤᠨ ᠬᠢᠭᠰᠡᠨ ᠲᠤᠰᠢᠶᠠᠯ᠎ᠳᠤ ᠲᠣᠮᠢᠯᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠲᠤᠰ ᠲᠤᠰ ᠰᠣᠨᠣᠰᠪᠠ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 2023 ᠣᠨ᠎ᠤ ᠠᠵᠢᠯ᠎ᠤᠨ ᠭᠣᠣᠯᠳᠠᠯᠭ᠎ᠠ ᠵᠢ ᠬᠢᠨᠠᠨ ᠵᠥᠪᠯᠡᠵᠦ ᠪᠠᠲᠤᠯᠠᠪᠠ᠃
      ᠬᠤᠷᠠᠯ᠎ᠠᠴᠠ ᠠᠵᠢᠯᠲᠠᠨ᠎ᠤ ᠶᠠᠪᠤᠳᠠᠯ᠎ᠤᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠵᠦᠢ᠍ᠯᠡᠰ᠎ᠢ ᠪᠠᠲᠤᠯᠠᠪᠠ᠃
      ᠰᠦᠨ ᠱᠤᠤ ᠴᠧᠩ ᠵᠧᠩ ᠭᠤᠸᠠᠩ ᠵᠤᠤ᠂ ᠶᠠᠩ ᠵᠢᠶᠧ᠂ ᠰᠦᠨ ᠵᠢᠶᠦ᠋ᠨ ᠴᠢᠩ᠂ ᠵᠧᠩ ᠳ᠋ᠦᠩ ᠪᠦᠸᠧ᠂ ᠭᠦᠩ ᠮᠢᠩ ᠵᠦ᠍᠂ ᠬᠤᠸᠠᠩ ᠶᠠ ᠯᠢ᠂

ᠸᠠᠩ ᠵᠢᠨ ᠪᠦᠦ᠂ ᠭᠤᠤ ᠵᠠᠨ ᠱᠧᠩ᠂ ᠵᠢᠶᠠᠩ ᠬᠣᠩ᠂ ᠪᠠᠢ ᠶᠦᠩ ᠫᠢᠩ᠂ ᠵᠢᠦᠢ ᠱᠸ᠋ ᠸᠸᠨ᠂ ᠵᠠᠢ ᠶᠢᠩ ᠵᠢᠶᠦ᠋ᠨ᠂ ᠵᠤᠤ ᠳ᠋ᠠ ᠶᠦᠩ᠂ ᠭᠦᠸᠧ ᠢᠦᠢ ᠹᠧᠩ᠂

ᠭᠤᠤ ᠱ᠌ᠢ ᠴᠢᠨ᠂ ᠱᠸᠡᠭ ᠰᠢᠶᠣᠣ ᠶᠢᠦ᠂ ᠭᠦᠸᠧ ᠵᠠᠨ ᠵᠢᠶᠠᠩ᠂ ᠵᠠᠩ ᠬᠣᠩ ᠹᠦ᠋᠂ ᠴᠢᠨ ᠶᠠᠨ᠂ ᠯᠢ ᠴᠠᠩ ᠵᠢᠶᠠᠩ᠂ ᠴᠠᠩ ᡁᠢ ᠭᠠᠩ᠂ ᠾᠥᠸᠧ ᠵᠤᠤ ᠯᠢᠶᠠᠩ᠂ ᠴᠧᠨ ᠵᠢᠢ ᠴᠢᠩ᠂ ᠫᠠᠨ ᠶᠦᠩ᠂ ᠶᠦᠨ ᠴᠦᠨ ᠱᠧᠩ᠂ ᠺᠠᠩ ᠰᠢᠤᠸᠠᠢ ᠳ᠋ᠦᠩ᠎ᠳᠤ ᠲᠤᠰᠢᠶᠠᠯ᠎ᠳᠤ ᠲᠣᠮᠢᠯᠠᠬᠤ ᠪᠢᠴᠢᠭ ᠭᠠᠷᠳᠠᠭᠤᠯᠪᠠ᠃


图片新闻4.jpg


      ᠰᠢᠨ᠎ᠡ᠎ᠪᠠᠷ ᠲᠤᠰᠢᠶᠠᠯ᠎ᠳᠤ ᠲᠣᠮᠢᠯᠠᠭᠳᠠᠭᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠩᠭ᠋ᠠᠷᠢᠭᠯᠠᠵᠤ᠂ ᠵᠧᠩ ᠭᠤᠸᠠᠩ ᠵᠤᠤ ᠳᠠᠭ᠋ᠠᠭᠤᠯᠤᠨ ᠲᠠᠩᠭ᠋ᠠᠷᠢᠭᠯᠠᠪᠠ᠃
     ᠬᠤᠷᠠᠯ᠎ᠠᠴᠠ᠂ ᠰᠢᠨ᠎ᠡ᠎ᠪᠠᠷ ᠲᠤᠰᠢᠶᠠᠯ᠎ᠳᠤ ᠲᠣᠮᠢᠯᠠᠭᠳᠠᠭᠰᠠᠨ ᠨᠥᠬᠥᠳ ᠲᠣᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ᠎ᠪᠠᠨ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠠᠵᠢᠯ ᠵᠶ᠋ᠠᠨ ᠰᠠᠢ᠌ᠲᠤᠷ ᠬᠢᠬᠦ ᠶᠡᠷᠦᠩᠬᠡᠢ ᠬᠥᠲᠥᠯᠪᠦᠷᠢ᠂ ᠶᠡᠷᠦᠩᠬᠡᠢ ᠵᠢᠷᠤᠮᠯᠠᠯ᠂ ᠶᠡᠷᠦᠩᠬᠡᠢ ᠵᠢᠯᠣᠭᠣᠳᠤᠯᠭ᠎ᠠ ᠪᠤᠯᠭ᠋ᠠᠵᠤ᠂ ᠶᠡᠬᠡ ᠲᠠᠯ᠎ᠠ ᠵᠢᠨ ᠦᠵᠡᠯᠲᠡ ᠪᠠ 《ᠨᠢᠭᠡ ᠬᠥᠯᠭᠡ ᠰᠢᠲᠠᠷ᠎ᠠ》 ᠦᠵᠡᠯ ᠰᠠᠨᠠᠭ᠎ᠠ ᠵᠢ ᠪᠠᠲᠤ ᠪᠤᠶ ᠪᠤᠯᠭ᠋ᠠᠵᠤ᠂ ᠤᠬᠠᠮᠰᠠᠷ᠎ᠠᠴᠠ᠎ᠪᠠᠨ ᠡᠯ᠎ᠡ ᠵᠦᠢ᠍ᠯ᠎ᠤᠨ ᠠᠵᠢᠯ ᠵᠶ᠋ᠠᠨ 《ᠲᠠᠪᠤᠨ ᠶᠡᠬᠡ ᠡᠭᠦᠷᠭᠡ》 ᠵᠢ ᠴᠢᠷᠮᠠᠢ᠌ᠨ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠳᠤ ᠲᠠᠯᠪᠢᠵᠤ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ᠂ ᠬᠠᠷᠢᠭᠤᠴᠠᠯᠭ᠋ᠠᠲᠤ ᠤᠬᠠᠮᠰᠠᠷ᠂ ᠲᠠᠩᠰᠠ ᠮᠡᠳᠡᠭᠦᠯᠭᠦ ᠤᠬᠠᠮᠰᠠᠷ᠂ ᠰᠢᠯᠭ᠋ᠠᠯᠲᠠ ᠵᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠴᠠᠭ ᠮᠥᠴᠡ᠎ᠲᠠᠢ ᠤᠷᠤᠯᠳᠤᠵᠤ᠂ ᠥᠷᠯᠥᠭᠡ ᠦᠳᠡᠰᠢ᠎ᠲᠠᠢ ᠲᠡᠮᠡᠴᠡᠬᠦ ᠡᠷᠴᠢ ᠵᠣᠷᠢᠭ ᠵᠶ᠋ᠠᠷ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠢᠨ᠎ᠡ ᠨᠢᠭᠡ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠠᠵᠢᠯ᠎ᠤᠨ 《ᠪᠤᠤᠬᠢᠶ᠎ᠠ》 ᠵᠠᠯᠭ᠋ᠠᠮᠵᠢᠯᠠᠨ ᠠᠪᠴᠤ᠂ ᠠᠵᠢᠯ ᠦᠢ᠍ᠯᠡᠰ᠎ᠤᠨ ᠬᠥᠭᠵᠢᠯᠲᠡ ᠵᠢᠨ 《ᠪᠤᠤᠬᠢᠶ᠎ᠠ ᠤᠷᠤᠯᠳᠤᠭ᠋ᠠᠨ》 ᠰᠠᠢ᠌ᠲᠤᠷ ᠭᠦᠶᠦᠭᠦ ᠬᠡᠷᠡᠭᠲᠡᠢ᠃ ᠤᠯᠤᠰ ᠲᠦᠷᠦ ᠵᠢᠨ ᠪᠠᠢ᠌ᠭᠤᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠠᠯᠢᠪᠠ ᠠᠵᠢᠯ᠎ᠢ ᠲᠥᠯᠥᠪᠵᠢᠭᠦᠯᠦᠨ ᠥᠷᠨᠢᠭᠦᠯᠬᠦ᠎ᠳᠤ ᠴᠥᠮ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠵᠥᠪ ᠤᠯᠤᠰ ᠲᠦᠷᠦ ᠵᠢᠨ ᠴᠢᠭᠯᠡᠯ᠎ᠢ ᠦᠨᠡᠨ ᠬᠦ᠌ ᠪᠠᠲᠤ ᠡᠵᠡᠮᠳᠡᠬᠦ ᠬᠡᠷᠡᠭᠲᠡᠢ᠃ ᠡᠯ᠎ᠡ ᠵᠦᠢ᠍ᠯ᠎ᠤᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠦᠢ᠍ᠯᠡᠴᠢᠯᠡᠬᠦ ᠬᠡᠷᠡᠭᠲᠡᠢ᠃ ᠢᠯᠠᠩᠭᠤᠶ᠎ᠠ ᠶᠠᠰᠤ ᠴᠢᠨᠠᠷ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠬᠠᠤᠯᠢ ᠲᠣᠭᠲᠠᠭ᠋ᠠᠬᠤ ᠠᠯᠬᠤᠭ᠎ᠠ᠎ᠪᠠᠨ ᠲᠦᠷᠭᠡᠳᠬᠡᠵᠦ᠂ ᠨᠢᠭᠡ ᠪᠦᠯᠦᠭ 《ᠵᠢᠵᠢᠭ ᠬᠡᠷᠴᠢᠯᠡᠭᠡᠰᠦ》᠂ ᠨᠠᠷᠢᠯᠢᠭᠵᠢᠭᠰᠠᠨ᠂ ᠥᠪᠡᠷᠮᠢᠴᠡ ᠣᠨᠴᠠᠯᠢᠭ᠎ᠲᠠᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠦᠷᠭᠡᠬᠡᠨ ᠲᠣᠭᠲᠠᠭ᠋ᠠᠵᠤ᠂ ᠴᠢᠨᠠᠷ ᠰᠠᠢ᠌ᠲᠠᠢ ᠬᠠᠤᠯᠢ ᠲᠣᠭᠲᠠᠭ᠋ᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠵᠤ᠂ ᠵᠣᠷᠢᠭᠲᠠᠢ᠎ᠪᠠᠷ ᠴᠢᠷᠠᠢ᠎ᠪᠠᠨ ᠪᠠᠷᠤᠢ᠌ᠯᠭ᠋ᠠᠨ ᠬᠢᠨᠠᠯᠲᠠ ᠲᠠᠯᠪᠢᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠴᠢᠩᠭ᠎ᠠ ᠬᠢᠨᠠᠯᠲᠠ ᠲᠠᠯᠪᠢᠬᠤ ᠳᠦᠷᠢ ᠲᠥᠷᠬᠦ ᠵᠢ ᠱᠤᠭᠤᠵᠤ᠂ ᠬᠠᠤᠯᠢ ᠴᠠᠭ᠋ᠠᠵᠠ ᠵᠢᠨ ᠡᠷᠬᠡ ᠰᠦᠷ᠎ᠢ ᠪᠤᠢ ᠪᠤᠯᠭ᠋ᠠᠬᠤ ᠬᠡᠷᠡᠭᠲᠡᠢ᠃ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠲᠦᠪᠰᠢᠨ ᠵᠶ᠋ᠡᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠵᠠᠮ ᠬᠠᠷᠢᠯᠴᠠᠭ᠋ᠠᠨ᠎ᠤ ᠪᠠᠩᠬᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ ᠰᠦᠨ ᠱᠤᠤ ᠴᠧᠩ ᠸᠠᠩ ᠯᠢ ᠰᠢᠶᠠ ᠷᠧᠨ ᠳ᠋ᠧ ᠴᠢ᠎ᠲᠠᠢ ᠠᠭᠤᠯᠵᠠᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠥᠳᠡᠭᠡ ᠳᠤᠰᠬᠤᠨ ᠮᠠᠯᠵᠢᠬᠤ ᠣᠷᠣᠨ᠎ᠤ ᠠᠵᠢᠯ᠎ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠨᠢᠭᠡᠳᠦᠭᠡᠷ ᠬᠤᠭᠤᠴᠠᠭ᠋ᠠᠨ᠎ᠤ ᠨᠣᠮ ᠤᠩᠰᠢᠬᠤ ᠠᠩᠭᠢ ᠡᠷᠭᠢᠯᠡᠪᠡ ᠰᠦᠨ ᠱᠤᠤ ᠴᠧᠩ ᠨᠣᠮ ᠤᠩᠰᠢᠬᠤ ᠠᠩᠭᠢ ᠵᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠴᠧ ᠵᠢᠶᠦ᠋ᠨ ᠬᠤᠷᠠᠯ᠎ᠳᠤ ᠣᠷᠣᠯᠴᠠᠨ ᠵᠢᠭ᠋ᠠᠨ ᠵᠢᠯᠤᠭᠣᠳᠴᠤ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠬᠢᠩᠭ᠋ᠠᠨ ᠠᠢ᠌ᠮᠠᠭ᠎ᠲᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠵᠢᠨ ᠲᠠᠯᠠᠪᠤᠷ᠎ᠤᠨ ᠬᠤᠷᠠᠯ ᠦᠬᠠᠢ᠎ᠳᠤ ᠶᠠᠪᠤᠭᠳᠠᠪᠠ
 
            