ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠬᠢᠩᠭ᠋ᠠᠨ ᠠᠢ᠌ᠮᠠᠭ᠎ᠲᠤ ᠶᠠᠪᠤᠭᠳᠠᠪᠠ
ᠨᠡᠶ᠋ᠢᠲᠡᠯᠡᠭᠰᠡᠨ ᠴᠠᠭ᠄ 2023-08-31

      6 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠬᠢᠩᠭ᠋ᠠᠨ ᠠᠶ᠋ᠢᠮᠠᠭ᠎ᠲᠤ ᠶᠠᠪᠤᠭᠳᠠᠪᠠ᠃

01.jpg

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠤᠨ ᠳᠡᠳ᠋ ᠡᠷᠬᠢᠯᠡᠭᠴᠢ᠂ ᠭᠦᠢ᠍ᠴᠡᠳᠬᠡᠬᠦ ᠺᠣᠮᠢᠰ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠵᠥᠪᠯᠡᠯ᠎ᠤᠨ ᠳᠡᠳ᠋ ᠡᠷᠬᠢᠯᠡᠭᠴᠢ᠂ ᠬᠢᠩᠭ᠋ᠠᠨ ᠠᠶ᠋ᠢᠮᠠᠭ᠎ᠤᠨ ᠵᠠᠬᠢᠷᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠠᠶ᠋ᠢᠮᠠᠭ᠎ᠤᠨ ᠳᠠᠷᠤᠭ᠎ᠠ ᠯᠢᠶᠠᠩ ᠶᠠᠨ ᠵᠢᠶᠦ᠋ᠨ ᠤᠭᠲᠤᠬᠤ ᠦᠭᠡ ᠬᠡᠯᠡᠵᠡᠢ᠃

02.jpg

03.jpg

      ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ 《ᠤᠷ᠎ᠠ ᠮᠡᠷᠭᠡᠵᠢᠯ᠎ᠤᠨ ᠴᠤᠭ ᠵᠢᠪᠬᠤᠭ᠎ᠠ ᠵᠢ ᠪᠠᠳᠠᠷᠠᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠤᠨ᠎ᠤ ᠬᠡᠷᠡᠭᠯᠡᠭᠡᠨ᠎ᠤ ᠴᠢᠨᠠᠷᠲᠠᠢ ᠤᠷ᠎ᠠ ᠮᠡᠷᠭᠡᠵᠢᠯ᠎ᠤᠨ ᠲᠣᠭᠣᠷᠢᠨ᠎ᠳᠤ᠂ ᠪᠠᠷᠢᠯᠭ᠎ᠠ ᠵᠢᠨ ᠠᠵᠢᠯᠴᠢᠨ᠂ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ᠂ ᠲᠠᠷᠢᠶᠠᠯᠠᠩ᠎ᠤᠨ ᠮᠠᠰᠢᠨ ᠰᠡᠯᠪᠢᠨ ᠵᠠᠰᠠᠬᠤ ᠠᠵᠢᠯᠴᠢᠨ᠂ ᠴᠠᠬᠢᠯᠭ᠋ᠠᠨ᠎ᠤ ᠠᠵᠢᠯᠴᠢᠨ᠂ ᠦᠰᠦ ᠭᠣᠶᠣᠯᠠᠭᠴᠢ᠂ ᠨᠠᠰᠤᠲᠠᠨ᠎ᠢ ᠠᠰᠠᠷᠠᠭᠴᠢ᠂ ᠨᠢᠯᠬ᠎ᠠ ᠬᠡᠦᠬᠡᠳ ᠬᠥᠮᠥᠵᠢᠭᠦᠯᠦᠭᠴᠢ᠂ ᠡᠸᠦ᠋ᠷᠦᠫᠡ ᠮᠠᠶᠢᠭ᠎ᠤᠨ ᠭᠤᠯᠢᠷ ᠵᠠᠬᠢᠶᠠᠯᠠᠭᠴᠢ᠂ ᠬᠣᠭᠣᠯᠠᠨ ᠭᠡᠷ᠎ᠤᠨ ᠦᠢ᠍ᠯᠡᠴᠢᠯᠡᠭᠴᠢ᠂ ᠡᠯᠧᠺᠲᠷᠣᠨ ᠬᠤᠳᠠᠯᠳᠤᠭᠴᠢ᠂ ᠳᠤᠮᠳᠠᠳᠤ ᠮᠠᠶᠢᠭ᠎ᠤᠨ ᠬᠠᠭᠤᠷᠤᠯᠭ᠎ᠠ ᠵᠢᠨ ᠮᠡᠷᠭᠡᠵᠢᠯᠲᠡᠨ ᠵᠡᠷᠭᠡ 11 ᠤᠷᠤᠯᠳᠤᠭ᠋ᠠᠨ᠎ᠤ ᠳᠦᠷᠦᠯ ᠵᠦᠢ᠍ᠯ᠎ᠢ ᠲᠣᠬᠢᠷᠠᠭᠤᠯᠵᠠᠢ᠃

04.jpg

      ᠤᠷᠤᠯᠳᠤᠭ᠋ᠠᠨ 6 ᠰᠠᠷ᠎ᠠ ᠵᠢᠨ 26 ᠎ᠤ ᠡᠳᠦᠷ᠎ᠠᠴᠠ ᠵᠢᠩᠬᠢᠨᠢ᠎ᠪᠠᠷ ᠡᠬᠢᠯᠡᠵᠦ᠂ 28 ᠎ᠤ ᠡᠳᠦᠷ ᠲᠡᠭᠦᠰᠴᠦ᠂ ᠪᠦᠬᠦ ᠣᠷᠣᠨ᠎ᠤ 12 ᠠᠶ᠋ᠢᠮᠠᠭ ᠬᠤᠳᠠ ᠵᠢᠨ 446 ᠤᠷᠤᠯᠳᠤᠭ᠋ᠠᠨ᠎ᠳᠤ ᠣᠷᠣᠯᠴᠠᠭᠰᠠᠨ ᠲᠠᠮᠢᠷᠴᠢᠨ 11 ᠤᠷᠤᠯᠳᠤᠭ᠋ᠠᠨ᠎ᠤ ᠳᠦᠷᠦᠯ ᠵᠦᠢ᠍ᠯ᠎ᠤᠨ ᠱᠠᠩᠨᠠᠯ᠎ᠤᠨ ᠵᠦᠢ᠍ᠯ᠎ᠤᠨ ᠥᠷᠢᠰᠥᠯᠳᠦᠭᠡᠨ᠎ᠳᠤ ᠣᠷᠣᠯᠴᠠᠬᠤ ᠵᠢᠨ ᠬᠠᠮᠲᠤ ᠠᠶ᠋ᠢᠮᠠᠭ ᠬᠤᠳᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠰᠣᠯᠢᠯᠴᠠᠭ᠎ᠠ ᠵᠢᠨ ᠦᠵᠡᠭᠦᠯᠦᠯᠭᠡ᠂ ᠭᠣᠴᠣ ᠮᠡᠷᠭᠡᠵᠢᠯ᠎ᠤᠨ ᠭᠣᠴᠣ ᠡᠷᠳᠡᠮ᠎ᠤᠨ ᠦᠵᠡᠭᠦᠯᠦᠯᠭᠡ ᠵᠢᠨ ᠲᠣᠭᠯᠠᠯᠲᠠ ᠵᠡᠷᠭᠡ ᠠᠵᠢᠯᠯᠠᠭ᠎ᠠ ᠵᠢ ᠡᠷᠬᠢᠯᠡᠪᠡ᠃ ᠤᠷᠤᠯᠳᠤᠭ᠋ᠠᠨ᠎ᠤ ᠡᠯ᠎ᠡ ᠤᠷᠤᠯᠳᠤᠭ᠋ᠠᠨ᠎ᠤ ᠲᠥᠷᠥᠯ ᠵᠦᠢ᠍ᠯ᠎ᠳᠤ ᠲᠣᠰ ᠲᠣᠰ ᠬᠤᠪᠢ ᠬᠥᠮᠥᠨ᠎ᠤ ᠱᠠᠩᠨᠠᠯ ᠪᠠ ᠪᠦᠯᠬᠦᠮ᠎ᠤᠨ ᠱᠠᠩᠨᠠᠯ ᠲᠣᠬᠢᠷᠠᠭᠤᠯᠵᠤ᠂ ᠨᠥᠬᠥᠴᠡᠯ᠎ᠳᠤ ᠨᠡᠶ᠋ᠢᠴᠡᠬᠦ ᠲᠦᠷᠦᠭᠦᠸ᠋ 3 ᠠᠵᠢᠯᠲᠠᠨ ᠠᠵᠢᠯᠴᠢᠨ᠎ᠳᠤ ᠬᠠᠮᠢᠶ᠎ᠠ ᠪᠦᠬᠦᠢ ᠲᠠᠰ ᠳᠠᠷᠠᠭ᠋ᠠᠯᠠᠯ ᠵᠶ᠋ᠠᠷ 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ》 ᠪᠠ 《ᠪᠥᠬᠥ ᠣᠷᠣᠨ᠎ᠤ ᠵᠠᠯᠠᠭᠤ ᠠᠵᠢᠯ᠎ᠤᠨ ᠪᠠᠶ᠋ᠢᠷᠢ ᠵᠢᠨ ᠴᠢᠳᠠᠪᠤᠷᠢᠲᠠᠨ (ᠪᠦᠬᠦᠯᠢ 35 ᠨᠠᠰᠤᠨ ᠎ᠠᠴᠠ ᠳᠣᠷᠣᠭᠰᠢ)》 ᠢᠷᠠᠭᠤ ᠠᠯᠳᠠᠷ᠎ᠤᠨ ᠴᠣᠯᠠ ᠣᠯᠭᠣᠵᠤ᠂ ᠨᠥᠬᠥᠴᠡᠯ᠎ᠳᠤ ᠨᠡᠶ᠋ᠢᠴᠡᠬᠦ ᠨᠢᠭᠡᠳᠦᠭᠡᠷ ᠠᠵᠢᠯᠲᠠᠨ ᠠᠵᠢᠯᠴᠢᠨ᠎ᠳᠤ ᠬᠠᠮᠢᠶ᠎ᠠ ᠪᠦᠬᠦᠢ ᠲᠠᠰ ᠳᠠᠷᠠᠭ᠋ᠠᠯᠠᠯ ᠵᠶ᠋ᠠᠷ 《ᠲᠠᠪᠤᠨ ᠰᠠᠷ᠎ᠠ ᠵᠢᠨ ᠨᠢᠭᠡᠨ᠎ᠤ ᠬᠥᠳᠡᠯᠮᠦᠷᠢ ᠵᠢᠨ ᠱᠠᠩᠨᠠᠯ᠎ᠤᠨ ᠲᠡᠮᠳᠡᠭ᠎ᠤᠨ ᠴᠣᠯᠠ》 ᠵᠢ ᠮᠡᠳᠡᠭᠦᠯᠦᠨ᠎ᠡ; ᠪᠦᠯᠬᠦᠮ᠎ᠤᠨ ᠱᠠᠩᠨᠠᠯ᠎ᠳᠤ ᠪᠦᠯᠬᠦᠮ᠎ᠤᠨ ᠶᠡᠷᠦᠩᠬᠡᠢ ᠬᠤᠪᠢ ᠵᠢᠨ ᠡᠮᠦᠨ᠎ᠡ ᠭᠤᠷᠪᠠ᠎ᠳᠤ ᠣᠷᠣᠭᠰᠠᠨ ᠠᠶ᠋ᠢᠮᠠᠭ ᠬᠣᠲᠠ ᠵᠢᠨ ᠲᠥᠯᠥᠭᠡᠯᠡᠭᠴᠢᠳ᠎ᠤᠨ ᠠᠩᠭᠢ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠬᠥᠮᠥᠵᠢᠭᠦᠯᠬᠦ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ》 ᠭᠡᠬᠦ ᠫᠠᠢ᠌ᠰᠠ ᠣᠯᠭᠣᠬᠤ ᠵᠢ ᠪᠠᠭᠲᠠᠭ᠋ᠠᠨ᠎ᠠ᠃

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠤᠷ᠎ᠠ ᠮᠡᠷᠭᠡᠰᠢᠯᠳᠦ ᠴᠢᠳᠠᠪᠤᠷᠢᠲᠠᠨ᠎ᠤ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠷ ᠵᠣᠷᠢᠯᠭ᠎ᠠ ᠪᠣᠯᠭ᠋ᠠᠭᠰᠠᠨ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠤᠷ᠎ᠠ ᠮᠡᠷᠭᠡᠰᠢᠯᠳᠦ ᠥᠪᠥᠷ ᠮᠣᠩᠭᠣᠯ᠎ᠤᠨ ᠠᠵᠢᠯᠯᠠᠭ᠎ᠠ》 ᠵᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠬᠦ ᠪᠠ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠲᠡᠭᠦᠯᠳᠡᠷ ᠤᠷ᠎ᠠ ᠮᠡᠷᠭᠡᠰᠢᠯᠳᠦ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃

      ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠪᠠ ᠬᠢᠩᠭ᠋ᠠᠨ ᠠᠶ᠋ᠢᠮᠠᠭ᠎ᠤᠨ ᠵᠠᠬᠢᠷᠭ᠎ᠠ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠬᠢᠩᠭ᠋ᠠᠨ ᠠᠶ᠋ᠢᠮᠠᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠳᠠᠭ᠋ᠠᠭ᠋ᠠᠨ ᠡᠷᠭᠢᠯᠡᠵᠦ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠬᠣᠷᠰᠢᠨ ᠡᠷᠬᠢᠯᠡᠪᠡ᠃


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠵᠢᠨ ᠲᠠᠯᠠᠪᠤᠷ᠎ᠤᠨ ᠬᠤᠷᠠᠯ ᠦᠬᠠᠢ᠎ᠳᠤ ᠶᠠᠪᠤᠭᠳᠠᠪᠠ
【ᠳᠤᠮᠳᠠᠳᠤ ᠤᠯᠤᠰ᠎ᠤᠨ ᠰᠦᠯᠵᠢᠶ᠎ᠡ ᠵᠢᠨ ᠲᠤᠰᠬᠠᠢ ᠰᠣᠷᠪᠤᠯᠵᠢᠯᠠᠭ᠎ᠠ 】 ᠵᠠᠢ ᠶᠢᠩ ᠵᠢᠶᠦ᠋ᠨ᠄ ᠵᠠᠬ᠎ᠠ ᠳᠡᠯᠭᠡᠭᠦᠷ ᠵᠶ᠋ᠡᠷ ᠬᠥᠲᠥᠯᠥᠨ ᠵᠢᠯᠤᠭᠣᠳᠬᠤ ᠪᠠ ᠨᠡᠢ᠌ᠭᠡᠮ᠎ᠤᠨ ᠢᠷᠠᠭᠤ ᠠᠯᠳᠠᠷ᠎ᠤᠨ ᠳᠠᠪᠬᠤᠷ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠯᠡᠭᠦᠦ ᠬᠥᠳᠡᠯᠮᠦᠷᠢᠯᠡᠭᠰᠡᠳ᠎ᠲᠤ ᠢᠯᠡᠭᠦᠦ ᠠᠰᠢᠭ ᠣᠷᠣᠯᠭ᠎ᠠ ᠣᠯᠭᠣᠨ᠎ᠠ
ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠫᠣᠰᠲ ᠳ᠋ᠣᠺᠲ᠋ᠣᠷ᠎ᠤᠨ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠤᠷᠤᠯᠳᠤᠭ᠋ᠠᠨ ᠥᠨᠳᠥᠷᠯᠡᠪᠡ ᠥᠪᠥᠷ ᠮᠣᠩᠭᠣᠯ᠎ᠤᠨ 2 ᠲᠥᠷᠥᠯ ᠵᠦᠢ᠍ᠯ ᠲᠣᠰ ᠲᠣᠰ 1 ᠬᠦᠷᠡᠯ ᠮᠸᠳᠠᠯ 1 ᠢᠯᠠᠭᠤᠭᠰᠠᠨ ᠱᠠᠩᠨᠠᠯ ᠭᠥᠷᠳᠡᠪᠡ
ᠥᠪᠥᠷ ᠮᠣᠩᠭᠣᠯ 《ᠪᠦᠯᠬᠦᠮ ᠪᠠᠢ᠌ᠭᠤᠯᠵᠤ》 ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠶᠡᠬᠡ ᠬᠤᠷᠠᠯ᠎ᠳᠤ ᠣᠷᠣᠯᠴᠠᠪᠠ
ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
 
            