ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-01-29

图片01(做封面).jpg


      1 ᠰᠠᠷ᠎ᠠ ᠵᠢᠨ 26᠎ᠤ ᠡᠳᠦᠷ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 2023 ᠣᠨ᠎ᠤ ᠠᠵᠢᠯ ᠵᠶ᠋ᠠᠨ ᠳ᠋ᠦᠩᠨᠡᠨ᠂ ᠪᠠᠶ᠋ᠢᠳᠠᠯ ᠡᠭᠦᠷᠭᠡ ᠵᠢ ᠵᠠᠳᠠᠯᠵᠤ᠂ 2024 ᠣᠨ᠎ᠤ ᠭᠣᠣᠯᠳᠠᠯᠭ᠎ᠠ᠎ᠲᠠᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠵᠢᠨ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠲᠤᠬᠠᠢ ᠴᠣᠬᠣᠯᠠᠪᠤᠷᠢ ᠵᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ ᠠᠵᠢᠯ᠎ᠤᠨ ᠮᠡᠳᠡᠭᠦᠯᠦᠯᠲᠡ ᠬᠢᠪᠡ᠃


图片02.jpg


      ᠬᠤᠷᠠᠯ᠎ᠠᠴᠠ᠂ 2023 ᠣᠨ᠎ᠳᠤ᠂ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠠᠰᠢᠭᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠣᠨ》᠎ᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ᠂ ᠬᠥᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠯᠢᠳᠡᠭ᠎ᠢ ᠡᠭᠦᠳᠴᠦ ᠶᠠᠰᠤ ᠴᠢᠨᠠᠷ᠎ᠢ ᠳᠡᠭᠡᠭᠰᠢᠯᠡᠭᠦᠯᠬᠦ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠵᠦ ᠬᠠᠰᠢᠯᠭ᠎ᠠ ᠵᠢ ᠪᠠᠢ᠌ᠭᠤᠯᠵᠤ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ 7 ᠵᠦᠢ᠍ᠯ᠎ᠤᠨ ᠢᠨᠵᠧᠨᠧᠷᠢᠩ᠎ᠢ ᠭᠦᠨᠵᠡᠭᠡᠢ᠌ᠷᠡᠭᠦᠯᠦᠨ ᠬᠡᠷᠡᠭᠵᠢᠭᠦᠯᠵᠦ᠂ ᠨᠠᠮ᠎ᠤᠨ ᠪᠠᠢ᠌ᠭᠤᠯᠤᠯᠲᠠ ᠪᠦᠬᠦ ᠲᠠᠯ᠎ᠠ᠎ᠪᠠᠷ ᠴᠢᠩᠭ᠋ᠠᠷᠠᠵᠤ᠂ ᠣᠨ᠎ᠤ ᠬᠠᠷᠠᠯᠲᠠ᠎ᠪᠠᠨ ᠴᠥᠮ ᠳᠠᠪᠠᠭᠤᠯᠤᠨ ᠪᠡᠶᠡᠯᠡᠭᠦᠯᠵᠦ᠂ ᠪᠦᠬᠦ ᠣᠷᠣᠨ᠎ᠤ ᠬᠣᠲᠠ ᠪᠠᠯᠭ᠋ᠠᠰᠤᠨ᠎ᠤ 21.9 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠣᠭ᠎ᠠ 1747.7 ᠲᠦᠮᠡ᠂ 361.8 ᠲᠦᠮᠡ᠂ 329.3 ᠲᠦᠮᠡ᠎ᠳᠤ ᠬᠦᠷᠴᠦ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠡᠷᠭᠡ ᠠᠷᠠᠳ᠎ᠤᠨ ᠠᠮᠢᠳᠤᠷᠠᠯ᠎ᠤᠨ 6 ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ᠂ ᠳᠦᠷᠢᠮ ᠲᠣᠭᠲᠠᠴᠠ ᠵᠢ ᠨᠡᠩ ᠪᠦᠷᠢᠨᠰᠢᠭᠦᠯᠵᠦ᠂ ᠵᠠᠰᠠᠭ᠎ᠤᠨ ᠰᠤᠷᠲᠠᠯ ᠠᠵᠢᠯ ᠲᠥᠷᠥᠯ᠎ᠤᠨ ᠰᠤᠷᠲᠠᠯ᠎ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠠᠵᠢᠯ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠵᠤ᠂ ᠲᠣᠭᠲᠠᠭᠤᠨ᠎ᠤ ᠳᠤᠮᠳᠠ ᠰᠠᠢ᠌ᠵᠢᠷᠠᠨ᠂ ᠬᠠᠯᠠᠭᠤᠨ ᠳᠤᠯᠠᠭ᠋ᠠᠨ ᠪᠥᠭᠡᠳ ᠠᠮᠵᠢᠯᠲᠠ ᠣᠯᠣᠯᠲᠠ᠎ᠪᠠᠷ ᠡᠯᠪᠡᠭ ᠠᠷᠠᠳ᠎ᠤᠨ ᠠᠮᠢᠳᠤᠷᠠᠯ᠎ᠤᠨ ᠬᠠᠷᠢᠭᠤᠯᠲᠠ ᠵᠢᠨ ᠬᠠᠭᠤᠳᠠᠰᠤ᠂ ᠬᠥᠭᠵᠢᠯᠲᠡ ᠵᠢᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠪᠠᠶ᠋ᠢᠳᠠᠯ᠎ᠢ ᠦᠵᠡᠵᠦ ᠠᠵᠢᠯ ᠵᠶ᠋ᠠᠨ ᠠᠬᠢᠭᠤᠯᠤᠨ᠂ ᠱᠠᠭ᠋ᠠᠷᠳᠠᠯᠭ᠎ᠠ ᠵᠢ ᠡᠵᠡᠮᠰᠢᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ ᠰᠡᠳᠬᠢᠯᠭᠡ᠎ᠪᠠᠨ ᠴᠢᠩᠭ᠋ᠠᠳᠬᠠᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠳᠤ ᠲᠠᠯᠪᠢᠭᠰᠠᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠠᠰᠢᠭᠯᠠᠬᠤ ᠵᠢ ᠴᠢᠩᠭ᠋ᠠᠳᠬᠠᠬᠤ ᠠᠵᠢᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠳᠤ ᠳᠤᠷᠠᠳᠤᠨ ᠭᠠᠷᠭ᠋ᠠᠭᠰᠠᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠭᠦᠢ᠍ᠴᠡᠳᠬᠡᠬᠦ ᠡᠭᠦᠷᠭᠡ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠦᠨᠡᠨᠬᠦ ᠨᠢᠭᠡᠳᠬᠡᠵᠦ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠲᠣᠬᠢᠷᠠᠭᠤᠯᠤᠯᠲᠠ᠎ᠲᠠᠢ ᠦᠨᠡᠨᠬᠦ ᠨᠢᠭᠡᠳᠬᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠯᠠᠪᠳᠠᠭᠤᠨ ᠵᠶ᠋ᠠᠷ ᠤᠷᠤᠭᠰᠢᠯᠠᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃

      ᠬᠤᠷᠠᠯ᠎ᠠᠴᠠ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠪᠣᠳᠠᠲᠠᠢ ᠵᠢ ᠡᠷᠬᠢᠮᠯᠡᠨ ᠯᠠᠪᠳᠠᠭᠤᠨ ᠪᠠᠲᠤᠲᠠᠢ ᠠᠵᠢᠯᠯᠠᠵᠤ᠂ 2024 ᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ᠎ᠢ ᠲᠣᠭᠲᠠᠪᠤᠷᠢᠵᠢᠭᠤᠯᠬᠤ ᠬᠡᠷᠡᠭᠲᠡᠶ᠃ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢᠨ ᠠᠵᠢᠯ᠎ᠤᠨ ᠰᠢᠰᠲ᠋ᠧᠮ᠎ᠢ ᠪᠠᠢ᠌ᠭᠤᠯᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠤᠯᠠᠨ ᠲᠦᠮᠡᠨ᠎ᠤ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠵᠦ᠂ ᠠᠵᠢᠯ ᠣᠯᠭᠣᠯᠲᠠ ᠵᠢᠨ ᠠᠵᠢᠯ᠎ᠤᠨ ᠶᠠᠰᠤ ᠴᠢᠨᠠᠷ᠎ᠢ ᠪᠦᠲᠦᠮᠵᠢᠲᠡᠢ᠎ᠪᠠᠷ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠣᠬᠢᠰᠲᠠᠢ᠎ᠪᠠᠷ ᠨᠡᠮᠡᠭᠳᠡᠭᠦᠯᠬᠦ ᠵᠢ ᠴᠢᠷᠮᠠᠢ᠌ᠨ ᠠᠬᠢᠭᠤᠯᠬᠤ ᠬᠡᠷᠡᠭᠳᠡᠢ᠃ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠡᠢ᠌ᠭᠡᠮ᠎ᠤᠨ ᠪᠠᠲᠤᠯᠠᠭ᠎ᠠ ᠵᠢᠨ ᠲᠣᠣᠷ᠎ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠶ᠃ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠡᠩ ᠤᠯᠠᠨ ᠬᠥᠮᠥᠰ᠎ᠢ ᠨᠡᠢ᠌ᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶᠡᠨ᠎ᠳᠤ ᠣᠷᠣᠭᠤᠯᠵᠤ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠪᠦᠬᠦ ᠠᠷᠠᠳ᠎ᠢ ᠬᠠᠮᠤᠷᠤᠭᠰᠠᠨ᠂ ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠪᠥᠭᠡᠳ ᠵᠢᠷᠤᠮᠵᠢᠩᠭᠤᠢ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ ᠵᠢᠨ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠵᠢᠨ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠵᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠪᠤᠵᠠᠭ᠋ᠠᠢ᠌ᠷᠠᠭᠤᠯᠤᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠴᠢᠳᠠᠪᠤᠷᠢᠲᠠᠨ᠎ᠤ ᠦᠢ᠍ᠯᠡᠴᠢᠯᠡᠭᠡᠨ᠎ᠤ ᠰᠢᠰᠲ᠋ᠧᠮ᠎ᠤᠨ ᠰᠢᠨ᠎ᠡ ᠵᠢ ᠡᠭᠦᠳᠴᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠢ ᠰᠢᠯᠢᠳᠡᠭᠵᠢᠭᠦᠯᠵᠦ᠂ ᠪᠠᠢ᠌ᠭᠤᠯᠤᠯ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠴᠢᠳᠠᠪᠤᠷᠢᠲᠠᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠡᠷᠡᠭᠳᠡᠢ᠃ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠴᠠᠯᠢᠩ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠠᠮᠲᠤ᠎ᠪᠠᠷ ᠪᠠᠶᠠᠵᠢᠬᠤ ᠵᠢ ᠬᠦᠴᠦᠯᠡᠨ ᠠᠬᠢᠭᠤᠯᠬᠤ ᠬᠡᠷᠡᠭᠲᠡᠶ᠃ ᠠᠵᠢᠯ ᠦᠢ᠍ᠯᠡᠰ᠎ᠤᠨ ᠨᠢᠭᠡᠴᠢ ᠵᠢᠨ ᠴᠠᠯᠢᠩ᠎ᠤᠨ ᠳᠦᠷᠢᠮ᠎ᠢ ᠲᠡᠭᠦᠯᠳᠡᠷᠵᠢᠭᠦᠯᠵᠦ᠂ ᠳᠡᠭᠡᠳᠦ ᠲᠡᠰ᠎ᠤᠨ ᠴᠢᠳᠠᠪᠤᠷᠢᠲᠠᠨ᠎ᠤ ᠴᠠᠯᠢᠩ᠎ᠤᠨ ᠬᠤᠪᠢᠶᠠᠷᠢᠯᠠᠯᠲᠠ ᠵᠢᠨ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠴᠠᠯᠢᠩ᠎ᠤᠨ ᠬᠣᠷᠸ᠎ᠠ ᠡᠵᠡᠮᠰᠢᠯ ᠲᠣᠬᠢᠷᠠᠭᠤᠯᠭ᠎ᠠ ᠪᠠ ᠵᠢᠯᠣᠭᠣᠳᠤᠯᠭ᠎ᠠ ᠵᠢ ᠴᠢᠩᠭ᠋ᠠᠳᠬᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠴᠠᠯᠢᠩ᠎ᠤᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠲᠥᠪ ᠭᠣᠣᠯᠴᠢ ᠵᠦᠢ ᠵᠣᠬᠢᠰᠲᠠᠢ ᠡᠮᠬᠢ ᠵᠢᠷᠤᠮ᠎ᠲᠠᠢ ᠴᠠᠯᠢᠩ᠎ᠤᠨ ᠬᠤᠪᠢᠶᠠᠷᠢᠯᠠᠯᠲᠠ ᠵᠢᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠳᠡᠢ᠃ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠴᠢᠷᠮᠠᠢ᠌ᠨ ᠪᠠᠢ᠌ᠭᠤᠯᠬᠤ ᠬᠡᠷᠡᠭᠲᠡᠶ᠃ ᠬᠥᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠠᠰᠠᠭᠤᠳᠠᠯ᠎ᠢ ᠴᠢᠩᠭ᠎ᠠ ᠵᠠᠰᠠᠵᠤ᠂ ᠵᠢᠷᠤᠮᠵᠢᠩᠭᠤᠢ ᠡᠮᠬᠢ ᠳᠢᠭᠯᠢᠮ᠎ᠲᠠᠢ᠂ ᠲᠥᠪ ᠭᠣᠣᠯᠴᠢ ᠵᠦᠢ ᠵᠣᠬᠢᠰᠲᠠᠢ᠂ ᠬᠠᠷᠢᠯᠴᠠᠨ ᠠᠰᠢᠭ᠎ᠲᠠᠢ ᠬᠠᠮᠲᠤ᠎ᠪᠠᠷ ᠠᠰᠢᠭ ᠭᠥᠷᠳᠡᠬᠦ᠂ ᠡᠶ᠎ᠡ ᠵᠣᠬᠢᠴᠠᠩᠭᠤᠢ ᠲᠣᠭᠲᠠᠭᠤᠨ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠬᠤ ᠬᠡᠷᠡᠭᠲᠡᠢ᠃ ᠰᠢᠰᠲ᠋ᠧᠮ᠎ᠤᠨ ᠠᠵᠢᠯ ᠲᠥᠷᠥᠯ᠎ᠤᠨ ᠰᠤᠷᠲᠠᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠬᠦ ᠬᠡᠷᠡᠭᠳᠡᠢ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠦᠨᠳᠦᠰᠦᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠲᠣᠭ᠋ᠠᠴᠢᠯᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠪᠠᠢ᠌ᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠠᠵᠢᠯ ᠲᠥᠷᠥᠯ᠎ᠤᠨ ᠰᠤᠷᠲᠠᠯ᠎ᠤᠨ ᠪᠠᠢ᠌ᠭᠤᠯᠤᠯᠲᠠ ᠵᠢ ᠰᠢᠯᠢᠳᠡᠭᠵᠢᠭᠦᠯᠵᠦ᠂ ᠠᠵᠤ ᠠᠬᠤᠢ᠌ᠯᠠᠯ ᠪᠠ ᠤᠯᠠᠨ ᠲᠦᠮᠡᠨ᠎ᠳᠤ ᠰᠢᠯᠢᠳᠡᠭ ᠶᠠᠰᠤ ᠴᠢᠨᠠᠷ ᠪᠦᠬᠦᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠬᠠᠩᠭ᠋ᠠᠬᠤ ᠬᠡᠷᠡᠭᠳᠡᠢ᠃ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤᠳᠬᠠᠬᠤ ᠵᠢ ᠪᠠᠷᠢᠮᠲᠠᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠤ ᠡᠯ᠎ᠡ ᠵᠦᠢ᠍ᠯ᠎ᠤᠨ ᠠᠶᠤᠯ ᠲᠦᠭᠰᠢᠭᠦᠷᠢ ᠵᠢᠨ ᠬᠡᠮ ᠰᠣᠭᠣᠭ᠎ᠢ ᠪᠦᠲᠦᠮᠵᠢᠲᠡᠢ ᠰᠡᠷᠭᠡᠢ᠌ᠯᠡᠨ ᠡᠵᠡᠮᠳᠡᠬᠦ ᠬᠡᠷᠡᠭᠳᠡᠢ᠃ ᠰᠠᠭᠤᠷᠢ ᠮᠥᠩᠭᠥ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠵᠦ᠂ ᠲᠣᠭ᠎ᠠ ᠪᠠᠷᠢᠮᠲᠠ ᠵᠢ ᠪᠦᠷᠢᠳᠬᠡᠬᠦ ᠵᠢ ᠵᠠᠰᠠᠬᠤ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯᠳᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠰᠠᠶ᠋ᠢᠲᠤᠷ ᠰᠠᠬᠢᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠦᠨᠡᠨᠬᠦ ᠳᠡᠭᠡᠭᠰᠢᠯᠡᠬᠦᠯᠬᠦ ᠬᠡᠷᠡᠭᠳᠡᠢ ᠭᠡᠵᠦ ᠴᠢᠬᠤᠯᠠᠴᠢᠠᠬᠰᠠᠨ ᠪᠠᠢ᠌ᠨ᠎ᠠ᠃

      ᠬᠤᠷᠠᠯ᠎ᠠᠴᠠ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠠᠷᠭ᠎ᠠ ᠳᠡᠮ᠎ᠢ ᠴᠢᠬᠤᠯᠠᠴᠢᠯᠠᠵᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠬᠦ ᠵᠢ ᠪᠠᠷᠢᠮᠲᠠᠯᠠᠵᠤ᠂ ᠰᠢᠰᠲ᠋ᠧᠮ ᠵᠶ᠋ᠡᠷ ᠵᠶ᠋ᠡᠨ ᠬᠣᠯᠪᠤᠭ᠋ᠠᠯᠠᠨ ᠬᠥᠳᠡᠯᠦᠯᠴᠡᠵᠦ ᠠᠬᠢᠭᠤᠯᠬᠤ ᠵᠢ ᠠᠳᠬᠤᠬᠤ ᠵᠢ ᠪᠠᠷᠢᠮᠲᠠᠯᠠᠵᠤ᠂ ᠰᠤᠷᠲᠠᠯ ᠵᠶ᠋ᠠᠨ ᠬᠤᠪᠢᠷᠠᠭᠤᠯᠵᠤ ᠰᠢᠨ᠎ᠡ ᠬᠡᠪ ᠰᠤᠷᠲᠠᠯ᠎ᠢ ᠪᠤᠢ ᠪᠣᠯᠭ᠋ᠠᠬᠤ ᠵᠢ ᠪᠠᠷᠢᠮᠲᠠᠯᠠᠵᠤ᠂ ᠴᠢᠳᠠᠪᠤᠷᠢ᠎ᠪᠠᠨ ᠳᠡᠭᠡᠭᠰᠢᠯᠡᠭᠦᠯᠵᠦ ᠨᠠᠢ᠌ᠳᠠᠪᠤᠷᠢᠵᠢᠭᠤᠯᠤᠯᠲᠠ ᠵᠢ ᠠᠳᠬᠤᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ᠎ᠪᠠᠷ ᠬᠢᠵᠠᠭ᠋ᠠᠷᠯᠠᠬᠤ ᠵᠢ ᠴᠢᠩᠭ᠋ᠠᠳᠬᠠᠬᠤ᠎ᠳᠤ ᠰᠤᠯᠠᠷᠠᠭᠤᠯᠤᠯ ᠦᠭᠡᠢ ᠠᠳᠬᠤᠬᠤ ᠵᠢ ᠪᠠᠷᠢᠮᠲᠠᠯᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠪᠠ ᠪᠣᠳᠠᠲᠠᠢ ᠠᠵᠢᠯᠯᠠᠬᠤ ᠰᠤᠷᠲᠠᠯ ᠵᠶ᠋ᠠᠷ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

      ᠬᠤᠷᠠᠯ᠎ᠠᠴᠠ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠨᠢᠭᠡᠳᠦᠯᠲᠡᠢ ᠵᠢᠯᠣᠭᠣᠳᠤᠭᠤᠯᠵᠤ᠂ ᠤᠯᠤᠰ ᠲᠥᠷᠥ ᠵᠢᠨ ᠬᠢᠨᠠᠯᠲᠠ ᠲᠠᠯᠪᠢᠬᠤ ᠵᠢ ᠭᠦᠨᠵᠡᠭᠡᠢ᠌ᠷᠡᠭᠦᠯᠵᠦ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠪᠦᠷᠢᠨᠰᠢᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠵᠢ ᠬᠡᠷᠡᠭᠵᠢᠭᠦᠯᠬᠦ ᠬᠠᠷᠢᠭᠤᠴᠠᠯᠭ᠎ᠠ ᠲᠤᠯᠭ᠋ᠠᠬᠤ ᠵᠢ ᠴᠢᠩᠭ᠋ᠠᠳᠬᠠᠵᠤ᠂ ᠠᠵᠢᠯ ᠳᠦᠷᠦᠯ᠎ᠤᠨ ᠰᠤᠷᠲᠠᠯ᠎ᠤᠨ ᠪᠠᠢ᠌ᠭᠤᠯᠤᠯᠲᠠ ᠵᠢ ᠰᠢᠯᠢᠳᠡᠭᠵᠢᠭᠦᠯᠵᠦ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠭᠦᠨᠵᠡᠭᠡᠢ ᠠᠬᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠲᠠᠰᠤᠷᠠᠯᠳᠡ ᠦᠭᠡᠢ ᠭᠦᠨᠵᠡᠭᠡᠢ᠌ᠷᠡᠨ ᠬᠥᠭᠵᠢᠬᠦ ᠵᠢ ᠠᠬᠢᠭᠤᠯᠵᠤ᠂ ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠷᠬᠡᠭ ᠶᠡᠬᠡ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃


图片03.jpg


      ᠬᠤᠷᠠᠯ ᠳᠡᠭᠡᠷ᠎ᠡ᠂ ᠲᠦᠩᠯᠢᠶᠣᠣ ᠬᠣᠲᠠ᠂ ᠦᠬᠠᠢ ᠬᠣᠲᠠ᠂ ᠣᠷᠳᠣᠰ ᠬᠣᠲᠠ᠂ ᠪᠤᠭᠤᠲᠤ ᠬᠣᠲᠠ ᠵᠡᠷᠭᠡ 4 ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠲᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠣᠯᠪᠣᠭᠳᠠᠯ ᠪᠦᠬᠦᠢ ᠨᠥᠬᠥᠳ᠂ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠠᠶ᠋ᠢᠮᠠᠭ ᠬᠤᠳᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠳᠠᠷᠤᠭ᠎ᠠ ᠵᠢᠴᠢ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠭᠣᠣᠯ ᠬᠠᠷᠢᠭᠤᠴᠠᠯᠭ᠋ᠠᠲᠠᠨ᠂ ᠲᠢᠩᠬᠢᠮ᠎ᠤᠨ ᠪᠠᠢ᠌ᠭᠤᠯᠭ᠎ᠠ᠂ ᠬᠠᠷᠢᠶ᠎ᠠ ᠨᠢᠭᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠪᠠ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠬᠢᠭᠡᠳ ᠬᠠᠷᠠᠮᠥ᠋ᠷᠡᠨ᠂ ᠬᠢᠷᠢᠨ᠂ ᠯᠢᠶᠣᠤᠨᠢᠩ ᠭᠤᠷᠪᠠᠨ ᠮᠤᠵᠢ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠣᠯᠪᠣᠭ᠎ᠠ᠂ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠬᠠᠮᠲᠤᠷᠠᠯᠴᠠᠭ᠋ᠠᠨ᠎ᠤ ᠬᠣᠯᠪᠣᠭ᠎ᠠ ᠵᠢᠨ ᠬᠣᠶᠠᠷ ᠬᠡᠯᠡᠯᠴᠡᠭᠡᠷ᠎ᠲᠤ ᠭᠠᠷ᠎ᠤᠨ ᠦᠰᠦᠭ ᠵᠢᠷᠤᠪᠠ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠬᠠᠮᠲᠤᠷᠠᠨ ᠠᠵᠢᠯᠲᠠᠨ ᠡᠯᠰᠡᠬᠦ ᠠᠵᠢᠯᠯᠠᠭ᠎ᠠ 5 ᠲᠦᠮᠡ ᠰᠢᠬᠠᠮ ᠠᠵᠢᠯ᠎ᠤᠨ ᠪᠠᠶ᠋ᠢᠷᠢ ᠬᠠᠩᠭ᠋ᠠᠪᠠ
ᠥᠪᠥᠷ ᠮᠣᠩᠭᠣᠯ᠎ᠤᠨ 22 ᠲᠠᠮᠢᠷᠴᠢᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ᠎ᠪᠠᠷ ᠪᠣᠢ
ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠥᠨᠳᠥᠷᠯᠡᠪᠡ  ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 1 ᠭᠠᠤᠯᠢᠨ ᠮᠧᠳᠠᠯ 8 ᠰᠢᠯᠢᠳᠡᠭ ᠱᠠᠩᠨᠠᠯ ᠣᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠴᠢ᠊ ᠪᠠᠲᠤ ᠲᠤᠬᠠᠢ ᠵᠢᠨ ᠲᠠᠯᠠᠪᠠᠶ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠍ᠢ᠍ᠳᠠᠯ᠎ᠢ ᠪᠠᠢ᠌ᠴᠠᠭ᠋ᠠᠨ ᠰᠤᠳᠤᠯᠪᠠ
 
            