ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ 22 ᠲᠠᠮᠢᠷᠴᠢᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ᠎ᠪᠠᠷ ᠪᠣᠢ
ᠨᠡᠶ᠋ᠢᠲᠡᠯᠡᠭᠰᠡᠨ ᠴᠠᠭ᠄ 2024-05-16

      5 ᠰᠠᠷ᠎ᠠ ᠵᠢᠨ 8᠎ᠤ ᠡᠳᠦᠷ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠭᠦᠢ᠍ᠶᠠᠩ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠤ ᠡᠬᠢᠯᠡᠪᠡ᠃ ᠥᠪᠥᠷ ᠮᠣᠩᠭᠣᠯ᠎ᠤᠨ 22 ᠲᠠᠮᠢᠷᠴᠢᠨ ᠪᠦᠬᠦ ᠤᠯᠤᠰ᠎ᠤᠨ 679 ᠰᠢᠯᠢᠳᠡᠭ ᠤᠷ᠎ᠠ ᠮᠡᠷᠭᠡᠵᠢᠯ᠎ᠤᠨ ᠴᠢᠳᠠᠪᠤᠷᠢᠲᠠᠨ᠎ᠲᠠᠢ ᠬᠠᠮᠲᠤ᠎ᠪᠠᠷ ᠤᠷᠤᠯᠳᠤᠭ᠋ᠠᠨ᠎ᠳᠤ ᠣᠷᠣᠯᠴᠠᠵᠤ᠂ ᠴᠤᠭ ᠵᠢᠪᠬᠤᠭ᠎ᠠ᠎ᠪᠠᠨ ᠭᠠᠶ᠋ᠢᠬᠠᠭᠤᠯᠪᠠ᠃
图片01.jpg

      ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ 《ᠤᠷ᠎ᠠ ᠮᠡᠷᠭᠡᠵᠢᠯ᠎ᠤᠨ ᠴᠤᠭ ᠵᠢᠪᠬᠤᠭ᠎ᠠ᠎ᠪᠠᠨ ᠪᠠᠳᠠᠷᠠᠭᠤᠯᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠪᠠᠷᠢᠯᠭ᠎ᠠ᠂ ᠮᠠᠰᠢᠨ ᠲᠡᠷᠭᠡ ᠰᠡᠯᠪᠢᠨ ᠵᠠᠰᠠᠬᠤ᠂ ᠳᠤᠮᠳᠠᠳᠤ ᠮᠠᠶᠢᠭ᠎ᠤᠨ ᠮᠢᠶᠠᠨᠲ᠋ᠢᠶᠣᠤᠷ᠂ ᠴᠠᠬᠢᠯᠭ᠋ᠠᠨ᠎ᠤ ᠠᠵᠢᠯ᠂ ᠦᠰᠦ ᠵᠠᠰᠠᠯᠲᠠ᠂ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ᠎ᠢ ᠠᠰᠠᠷᠠᠬᠤ᠂ ᠲᠠᠷᠢᠶᠠᠯᠠᠩ᠎ᠤᠨ ᠮᠠᠰᠢᠨ ᠰᠡᠯᠪᠢᠨ ᠵᠠᠰᠠᠬᠤ᠂ ᠬᠣᠭᠣᠯᠠᠨ ᠭᠡᠷ᠎ᠤᠨ ᠦᠢ᠍ᠯᠡᠴᠢᠯᠡᠭᠡ᠂ ᠡᠯᠧᠺᠲᠷᠣᠨ ᠬᠤᠳᠠᠯᠳᠤᠭ᠎ᠠ᠂ ᠴᠠᠢ ᠵᠢᠨ ᠤᠷᠠᠯᠢᠭ ᠵᠡᠷᠭᠡ 11 ᠤᠷᠤᠯᠳᠤᠭ᠋ᠠᠨ᠎ᠤ ᠳᠦᠷᠦᠯ ᠵᠦᠢ᠍ᠯ᠎ᠢ ᠲᠣᠬᠢᠷᠠᠭᠤᠯᠵᠤ᠂ ᠥᠪᠥᠷ ᠮᠣᠩᠭᠣᠯ᠎ᠤᠨ ᠲᠠᠮᠢᠷᠴᠢᠳ ᠪᠦᠬᠦ ᠳᠦᠷᠦᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠵᠠᠢ᠃
      ᠦᠳᠡ ᠵᠢᠨ ᠡᠮᠦᠨᠡᠬᠢ 8 ᠴᠠᠭ᠎ᠤᠨ ᠦᠶ᠎ᠡ᠎ᠪᠠᠷ᠂ ᠤᠷᠤᠯᠳᠤᠭ᠋ᠠᠨ ᠵᠢᠩᠬᠢᠨᠢ᠎ᠪᠠᠷ ᠡᠬᠢᠯᠡᠪᠡ᠃ ᠥᠪᠥᠷ ᠮᠣᠩᠭᠣᠯ᠎ᠤᠨ ᠤᠷᠤᠯᠳᠤᠭ᠋ᠠᠨ᠎ᠳᠤ ᠣᠷᠣᠯᠴᠠᠭᠰᠠᠳ ᠤᠷᠤᠯᠳᠤᠭ᠋ᠠᠨ᠎ᠤ ᠪᠠᠶ᠋ᠢᠳᠠᠯ᠎ᠳᠤ ᠮᠠᠰᠢ ᠲᠦᠷᠭᠡᠨ ᠣᠷᠣᠪᠠ᠃ ᠴᠠᠢ ᠵᠢᠨ ᠤᠷᠠᠯᠢᠭ᠎ᠤᠨ ᠳᠦᠷᠦᠯ ᠵᠦᠢ᠍ᠯ᠎ᠤᠨ ᠲᠠᠯᠠᠪᠤᠷ᠎ᠲᠤ᠂ ᠥᠪᠥᠷ ᠮᠣᠩᠭᠣᠯ᠎ᠤᠨ ᠲᠠᠮᠢᠷᠴᠢᠨ ᠸᠠᠩ ᠵᠧᠨ ᠵᠧᠨ ᠨᠠᠷᠢᠨ ᠨᠢᠮᠪᠠᠢ ᠪᠡᠯᠡᠳᠬᠡᠵᠦ᠂ ᠡᠷᠳᠡᠮ ᠴᠢᠳᠠᠪᠤᠷᠢ᠎ᠪᠠᠨ ᠭᠠᠢ᠌ᠬᠠᠭᠤᠯᠵᠤ᠂ ᠴᠠᠢ ᠰᠣᠩᠭᠣᠬᠤ᠂ ᠤᠰᠤ ᠰᠣᠩᠭᠣᠬᠤ᠂ ᠴᠠᠢ ᠴᠢᠨᠠᠬᠤ᠂ ᠬᠥᠳᠡᠯᠦᠯ ᠪᠠᠷᠢᠯ ᠪᠦᠷᠢ᠎ᠳᠤ ᠤᠷᠤᠰᠤᠮ᠎ᠠ ᠰᠠᠢ᠌ᠬᠠᠨ ᠪᠠᠢ᠌ᠯ᠎ᠠ᠃ ᠴᠠᠬᠢᠯᠭ᠋ᠠᠨ᠎ᠤ ᠠᠵᠢᠯ᠎ᠤᠨ ᠳᠦᠷᠦᠯ ᠵᠦᠢ᠍ᠯ᠎ᠤᠨ ᠲᠠᠯᠠᠪᠤᠷ᠎ᠲᠤ᠂ ᠠᠩᠬᠠᠷᠤᠯ ᠵᠶ᠋ᠠᠨ ᠲᠥᠪᠯᠡᠷᠡᠭᠦᠯᠦᠨ ᠪᠠᠴᠢᠮ ᠶᠠᠭ᠋ᠠᠷᠠᠯᠲᠠᠢ ᠠᠭᠤᠷ ᠠᠮᠢᠰᠬᠤᠯ᠎ᠤᠨ ᠳᠤᠮᠳᠠ᠂ ᠲᠠᠮᠢᠷᠴᠢᠨ ᠯᠢᠦ ᠢᠦᠢ ᠳ᠋ᠦᠩ᠎ᠤᠨ ᠬᠠᠷᠠᠴᠠ ᠡᠷᠡᠰ ᠪᠠᠲᠤ ᠪᠠᠢ᠌ᠵᠤ᠂ ᠭᠠᠷ᠎ᠲᠠᠭᠠᠨ ᠪᠠᠭ᠋ᠠᠵᠢ ᠬᠡᠷᠡᠭᠰᠡᠯ ᠵᠶ᠋ᠡᠨ ᠴᠢᠩᠭ᠎ᠠ ᠠᠳᠬᠤᠵᠤ᠂ ᠥᠴᠥᠬᠡᠨ ᠴᠦ᠍ ᠣᠰᠣᠯᠳᠠᠬᠤ ᠦᠭᠡᠢ᠎ᠪᠠᠷ ᠴᠠᠬᠢᠯᠭ᠋ᠠᠨ ᠬᠡᠯᠬᠢᠶᠡᠨ ᠬᠠᠪᠲᠠᠰᠤ ᠵᠢ ᠠᠵᠢᠯᠯᠠᠭᠤᠯᠵᠤ ᠪᠠᠢ᠌ᠯ᠎ᠠ᠃ ᠨᠠᠰᠤᠵᠢᠯ᠎ᠤᠨ ᠠᠰᠠᠷᠠᠮᠵᠢ ᠵᠢᠨ ᠳᠦᠷᠦᠯ ᠵᠦᠢ᠍ᠯ᠎ᠤᠨ ᠲᠠᠯᠠᠪᠤᠷ᠎ᠲᠤ᠂ ᠲᠠᠮᠢᠷᠴᠢᠨ ᠯᠢ ᠸᠧᠨ ᠰᠢᠩ 《ᠨᠠᠰᠤᠲᠠᠨ》᠎ᠢ ᠨᠠᠷᠢᠨ ᠨᠢᠮᠪᠠᠢ ᠢᠳᠡᠭᠦᠯᠵᠦ᠂ ᠠᠮᠠ ᠵᠢ᠎ᠨᠢ ᠠᠩᠭ᠋ᠠᠢ᠌ᠯᠭ᠋ᠠᠵᠤ ᠪᠠᠢ᠌ᠴᠠᠭ᠋ᠠᠨ ᠦᠵᠡᠬᠦ᠎ᠠᠴᠠ ᠠᠪᠤᠭ᠋ᠠᠳ ᠢᠳᠡᠭᠡᠨ᠎ᠢ ᠬᠡᠰᠡᠭᠯᠡᠵᠦ ᠨᠠᠷᠢᠨ ᠠᠰᠠᠭᠤᠨ ᠯᠠᠪᠯᠠᠬᠤ ᠬᠦᠷᠲᠡᠯ᠎ᠡ᠂ ᠲᠡᠭᠦᠨ᠎ᠤ ᠬᠥᠳᠡᠯᠦᠯ ᠪᠠᠷᠢᠯ᠎ᠨᠢ ᠡᠶᠡᠯᠳᠡᠭ ᠵᠥᠭᠡᠯᠡᠨ ᠪᠥᠭᠡᠳ ᠪᠣᠯᠪᠠᠰᠤᠷᠠᠩᠭᠤᠢ ᠪᠠᠢ᠌ᠯ᠎ᠠ᠃

图片02.jpg


图片03.jpg


图片04.png

      《ᠥᠪᠥᠷ ᠮᠣᠩᠭᠣᠯ᠎ᠢ ᠲᠥᠯᠥᠭᠡᠯᠡᠵᠦ ᠪᠦᠬᠦ ᠤᠯᠤᠰ᠎ᠤᠨ ᠡᠯ᠎ᠡ ᠭᠠᠵᠠᠷ᠎ᠤᠨ ᠤᠷ᠎ᠠ ᠮᠡᠷᠭᠡᠵᠢᠯ᠎ᠤᠨ ᠭᠠᠷᠮᠠᠭ᠋ᠠᠢ ᠲᠠᠮᠢᠷᠴᠢᠨ᠎ᠲᠠᠢ ᠤᠷᠤᠯᠳᠤᠭᠰᠠᠨ᠎ᠳᠤ ᠪᠢ ᠮᠠᠰᠢ ᠶᠡᠬᠡ ᠠᠵᠠ ᠵᠠᠪᠰᠢᠶᠠᠨ᠎ᠲᠠᠢ ᠰᠠᠨᠠᠭᠳᠠᠵᠤ ᠪᠠᠢ᠌ᠨ᠎ᠠ᠂ ᠡᠢ᠌ᠮᠦ᠎ᠠᠴᠠ ᠪᠢ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠤ᠂ ᠢᠳᠡᠪᠬᠢᠲᠡᠢ᠎ᠪᠠᠷ ᠤᠭᠲᠤᠨ ᠪᠠᠢ᠌ᠯᠳᠤᠵᠤ᠂ ᠤᠷ᠎ᠠ ᠮᠡᠷᠭᠡᠵᠢᠯ᠎ᠤᠨ ᠲᠦᠪᠰᠢᠨ᠎ᠤ ᠲᠠᠯ᠎ᠠ᠎ᠪᠠᠷ ᠨᠡᠩ ᠥᠨᠳᠥᠷ ᠳᠡᠭᠡᠭᠰᠢᠯᠡᠯᠲᠡ᠎ᠲᠠᠢ ᠪᠣᠯᠬᠤ᠎ᠪᠠᠷ ᠴᠢᠷᠮᠠᠢ᠌ᠨ᠎ᠠ》 ᠭᠡᠵᠦ ᠥᠪᠥᠷ ᠮᠣᠩᠭᠣᠯ᠎ᠤᠨ ᠲᠠᠮᠢᠷᠴᠢᠨ ᠦ᠋ ᠵᠢᠶᠠ ᠴᠧᠩ ᠬᠡᠯᠡᠪᠡ᠃
图片05.png


      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ 《ᠪᠢᠳᠡ ᠪᠥᠬᠥ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠤᠷᠤᠯᠳᠤᠭ᠋ᠠᠨ᠎ᠳᠤ ᠣᠷᠣᠯᠴᠠᠬᠤ ᠵᠢ ᠦᠷᠭᠦᠯᠵᠢᠯᠡᠨ ᠳᠡᠮᠵᠢᠬᠦ ᠪᠠ ᠢᠳᠡᠪᠬᠢᠲᠡᠢ᠎ᠪᠠᠷ ᠵᠣᠬᠢᠶᠠᠨ ᠪᠠᠢ᠌ᠭᠤᠯᠵᠤ᠂ ᠲᠤᠰᠬᠠᠢ ᠮᠡᠷᠭᠡᠵᠢᠯ᠎ᠤᠨ ᠮᠡᠳᠡᠯᠭᠡ ᠪᠠ ᠤᠷ᠎ᠠ ᠮᠡᠷᠭᠡᠰᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠲᠣᠭ᠎ᠠ ᠬᠡᠮᠵᠢᠶ᠎ᠡ᠎ᠪᠠᠷ ᠭᠦᠢ᠍ᠴᠡᠳ᠂ ᠪᠦᠲᠦᠴᠡ᠎ᠪᠠᠷ ᠵᠦᠢ ᠵᠣᠬᠢᠰᠲᠠᠢ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢ ᠴᠢᠷᠮᠠᠢ᠌ᠨ ᠪᠠᠢ᠌ᠭᠤᠯᠵᠤ᠂ ᠨᠠᠩ ᠤᠯᠠᠨ ᠬᠥᠳᠡᠯᠮᠦᠷᠢᠴᠢᠨ ᠢᠯᠠᠩᠭᠤᠶ᠎ᠠ ᠵᠠᠯᠠᠭᠤ ᠨᠢᠭᠡ ᠦᠶ᠎ᠡ ᠵᠢᠨ᠎ᠬᠢᠨ᠎ᠤ ᠤᠷ᠎ᠠ ᠮᠡᠷᠭᠡᠰᠢᠯᠳᠦ ᠴᠢᠳᠠᠪᠤᠷᠢᠲᠠᠨ ᠪᠣᠯᠬᠤ᠂ ᠤᠷ᠎ᠠ ᠮᠡᠷᠭᠡᠰᠢᠯᠳᠦ ᠤᠯᠤᠰ᠎ᠲᠠᠭᠠᠨ ᠵᠢᠳᠬᠦᠬᠦ ᠵᠠᠮ ᠵᠶ᠋ᠠᠷ ᠵᠠᠮᠨᠠᠬᠤ ᠵᠢ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ》 ᠭᠡᠵᠡᠢ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠥᠨᠳᠥᠷᠯᠡᠪᠡ  ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 1 ᠭᠠᠤᠯᠢᠨ ᠮᠧᠳᠠᠯ 8 ᠰᠢᠯᠢᠳᠡᠭ ᠱᠠᠩᠨᠠᠯ ᠣᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠴᠢ᠊ ᠪᠠᠲᠤ ᠲᠤᠬᠠᠢ ᠵᠢᠨ ᠲᠠᠯᠠᠪᠠᠶ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠍ᠢ᠍ᠳᠠᠯ᠎ᠢ ᠪᠠᠢ᠌ᠴᠠᠭ᠋ᠠᠨ ᠰᠤᠳᠤᠯᠪᠠ
ᠮᠠᠨ᠎ᠤ ᠣᠷᠣᠨ᠎ᠤ ᠤᠷᠤᠯᠴᠠᠬ᠍ᠴᠢ ᠨᠠᠢ᠍ᠮᠠᠳᠤᠭᠠᠷ ᠬᠤᠭᠤᠴᠠᠭᠠᠨ᠎ᠤ ᠴᠦᠩᠴᠢᠩ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠤᠷᠤᠯᠳᠤᠭᠠᠨ᠎ᠤ ᠲᠣᠭᠠᠴᠢᠯᠠᠭ᠍ᠰᠠᠨ ᠪᠠᠢᠭᠤᠯᠤᠨ ᠴᠣᠭ᠍ᠴᠠᠯᠠᠬᠤ ᠤᠷᠤᠯᠳᠤᠭᠠᠨ᠎ᠳᠤ ᠭᠤᠷᠪᠠᠳᠤᠭᠠᠷ ᠳᠡᠰ᠎ᠤᠨ ᠱᠠᠩᠨᠠᠯ ᠬᠦᠷᠳᠡᠪᠡ
 
            