ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2025-03-07

      3 ᠰᠠᠷ᠎ᠠ ᠵᠢᠨ 4᠎ᠤ ᠡᠳᠦᠷ᠂ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ ᠣᠷᠳᠣᠰ᠎ᠤᠨ ᠠᠵᠤ ᠦᠢ᠍ᠯᠡᠳᠪᠦᠷᠢ ᠵᠢᠨ ᠮᠠᠰᠲ᠋ᠧᠷ᠎ᠤᠨ ᠳᠡᠭᠡᠳᠦ ᠰᠤᠷᠭ᠋ᠠᠭᠤᠯᠢ᠎ᠳᠤ ᠶᠠᠪᠤᠭᠳᠠᠵᠤ᠂ ᠪᠥᠬᠥ ᠣᠷᠣᠨ᠎ᠤ 24000 ᠭᠠᠷᠤᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠰᠦᠯᠵᠢᠶᠡᠨ᠎ᠤ ᠰᠢᠭᠤᠳ ᠨᠡᠪᠲᠡᠷᠡᠭᠦᠯᠭᠡ᠎ᠪᠠᠷ ᠳᠡᠮᠵᠢᠨ ᠬᠢᠴᠢᠶᠡᠯ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ᠂ ᠳᠤᠮᠳᠠᠳᠤ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠡᠪᠯᠡᠯ᠎ᠤᠨ ᠪᠦᠯᠦᠭᠯᠡᠯ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠶᠡᠷᠦᠩᠬᠡᠢ ᠳᠠᠭ᠋ᠠᠭ᠋ᠠᠮᠠᠯ᠂ ᠶᠡᠷᠦᠩᠬᠡᠢ ᠨᠠᠢ᠌ᠷᠠᠭᠤᠯᠤᠭᠴᠢ᠂ ᠬᠡᠷᠡᠭ ᠮᠡᠳᠡᠭᠴᠢᠳ᠎ᠤᠨ ᠳᠡᠳ᠋ ᠳᠠᠷᠤᠭ᠎ᠠ ᠬᠠᠨ ᡁᠢ ᠯᠢ᠂ ᠣᠷᠳᠣᠰ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠬᠤᠳᠠ ᠵᠢᠨ ᠳᠡᠳ᠋ ᠳᠠᠷᠤᠭ᠎ᠠ ᠮᠢᠶᠣᠣ ᠴᠧᠩ ᠢᠦᠢ ᠠᠵᠢᠯᠯᠠᠭ᠎ᠠ᠎ᠳᠤ ᠣᠷᠣᠯᠴᠠᠪᠠ᠃
      ᠲᠣᠰ ᠤᠳᠠᠭ᠋ᠠᠨ᠎ᠤ ᠠᠵᠢᠯᠯᠠᠭ᠎ᠠ ᠵᠢ ᠳᠤᠮᠳᠠᠳᠤ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠡᠪᠯᠡᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠨ ᠡᠷᠬᠢᠯᠡᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠠᠮᠤᠷ ᠲᠦᠪᠰᠢᠨ᠎ᠤ ᠰᠡᠷᠭᠡᠢ᠌ᠯᠡᠯᠲᠡ ᠵᠢ ᠴᠢᠩᠭ᠋ᠠᠳᠬᠠᠨ ᠠᠮᠤᠭᠤᠯᠠᠩᠲᠤ ᠰᠤᠷᠭ᠋ᠠᠭᠤᠯᠢ ᠵᠢᠨ ᠬᠦᠷᠢᠶ᠎ᠡ ᠵᠢ ᠰᠠᠬᠢᠨ ᠬᠠᠮᠠᠭ᠋ᠠᠯᠠᠶ᠎ᠠ》᠎ᠪᠠᠷ ᠭᠣᠣᠯ ᠰᠡᠳᠦᠪ ᠪᠣᠯᠭ᠋ᠠᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠥᠮᠦᠵᠢᠯ᠎ᠤᠨ ᠤᠬᠠᠭᠤᠯᠭ᠎ᠠ ᠵᠢᠨ ᠹᠢᠯᠢᠮ᠎ᠢ ᠰᠣᠨᠢᠷᠬᠠᠨ ᠦᠵᠡᠵᠦ᠂ ᠨᠠᠮ᠎ᠤᠨ ᠰᠤᠷᠭ᠋ᠠᠭᠤᠯᠢ ᠵᠢᠨ ᠨᠡᠷ᠎ᠡ ᠬᠦᠨᠳᠦᠲᠦ ᠯᠧᠺᠲ᠋ᠣᠷ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠤᠰᠬᠠᠢ ᠮᠡᠷᠭᠡᠵᠢᠯᠲᠡᠨ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠡᠯᠴᠢᠨ ᠰᠠᠢ᠌ᠳ ᠵᠢᠴᠢ ᠳᠡᠭᠡᠳᠦ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠵᠡᠷᠭᠡ ᠤᠯᠠᠨ ᠲᠤᠰᠬᠠᠢ ᠮᠡᠷᠭᠡᠵᠢᠯᠲᠡᠨ᠎ᠢ ᠤᠷᠢᠵᠤ᠂ ᠲᠥᠬᠥᠮ ᠣᠢ᠌ᠯᠠᠭ᠋ᠠᠮᠵᠢᠲᠠᠢ ᠦᠭᠡ ᠬᠡᠯᠡ᠂ ᠠᠮᠢᠳᠤᠯᠢᠭ ᠪᠣᠳᠠᠲᠠᠢ ᠬᠡᠷᠡᠭ᠎ᠤᠨ ᠵᠢᠱ᠌ᠢᠶ᠎ᠡ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠳᠬᠠᠬᠤ᠂ ᠰᠤᠷᠭ᠋ᠠᠭᠤᠯᠢ ᠵᠢᠨ ᠬᠦᠷᠢᠶᠡᠨ᠎ᠤ ᠳᠠᠷᠤᠯᠠᠯ ᠳᠣᠷᠣᠮᠵᠢᠯᠠᠯ ᠪᠠ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠢ ᠰᠡᠷᠭᠡᠢ᠌ᠯᠡᠬᠦ᠂ ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠵᠤ ᠤᠯᠤᠰ᠎ᠲᠠᠭᠠᠨ ᠵᠢᠳᠬᠦᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠲᠤᠰᠬᠠᠢ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠬᠢᠵᠦ᠂ ᠪᠠᠭᠰᠢ ᠰᠤᠷᠤᠭᠴᠢᠳ᠎ᠲᠤ ᠠᠮᠢᠳᠤᠯᠢᠭ ᠪᠥᠭᠡᠳ ᠭᠦᠨ ᠭᠦᠨᠵᠡᠭᠡᠢ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠣᠷᠣᠭᠰᠠᠨ ᠪᠠᠢ᠌ᠨ᠎ᠠ᠃
      2015 ᠣᠨ᠎ᠠᠴᠠ ᠨᠠᠭ᠋ᠠᠰᠢ᠂ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》᠎ᠢ ᠰᠠᠶ᠋ᠢᠲᠤᠷ ᠶᠠᠷᠢᠬᠤ ᠵᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠴᠢᠬᠤᠯᠠ ᠭᠣᠭᠴᠣᠭ᠎ᠠ ᠪᠣᠯᠭ᠋ᠠᠬᠤ ᠵᠢ ᠪᠠᠷᠢᠮᠲᠠᠯᠠᠵᠤ᠂ 《ᠬᠤᠪᠢᠰᠬᠠᠯᠲᠤ ᠭᠧᠨ᠎ᠢ ᠦᠶ᠎ᠡ ᠵᠢᠨ ᠦᠶ᠎ᠡ᠎ᠳᠤ ᠤᠯᠠᠮᠵᠢᠯᠠᠬᠤ》᠂ 《ᠤᠷ᠎ᠠ ᠮᠡᠷᠭᠡᠵᠢᠯ ᠵᠶ᠋ᠡᠷ ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠵᠡᠷᠭᠡ ᠤᠯᠠᠨ ᠬᠡᠯᠪᠡᠷᠢ ᠮᠠᠶᠢᠭ᠎ᠤᠨ ᠠᠭᠤᠯᠭ᠎ᠠ᠎ᠪᠠᠷ ᠪᠠᠶᠠᠯᠢᠭ ᠡᠯ᠎ᠡ ᠵᠦᠢ᠍ᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠥᠷᠭᠡᠨ ᠤᠯᠠᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠢᠲᠡᠭᠡᠯ ᠵᠣᠷᠢᠭ᠎ᠢ᠎ᠨᠢ ᠪᠠᠲᠤᠳᠬᠠᠨ᠂ ᠴᠢᠷᠮᠠᠢ᠌ᠨ ᠰᠤᠷᠤᠯᠴᠠᠵᠤ᠂ ᠮᠡᠷᠭᠡᠵᠢᠯ ᠴᠢᠳᠠᠪᠤᠷᠢ ᠵᠢ᠎ᠨᠢ ᠬᠠᠲᠠᠭᠤᠵᠢᠯᠲᠠᠢ ᠪᠣᠯᠪᠠᠰᠤᠷᠠᠭᠤᠯᠵᠤ᠂ ᠮᠠᠰᠢ ᠰᠠᠶ᠋ᠢᠨ ᠦᠷ᠎ᠡ ᠪᠦᠲᠦᠮᠵᠢ ᠣᠯᠣᠭᠰᠠᠨ ᠪᠠᠢ᠌ᠨ᠎ᠠ᠃
      ᠵᠠᠢ ᠶᠢᠩ ᠵᠢᠶᠦ᠋ᠨ᠂ 《ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ 〈ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ〉᠎ᠢ ᠥᠷᠨᠢᠭᠦᠯᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠰᠤᠷᠤᠭᠴᠢᠳ᠎ᠢ ᠬᠥᠲᠥᠯᠥᠨ ᠵᠢᠯᠤᠭᠣᠳᠴᠤ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭ᠋ᠠᠵᠤ ᠴᠢᠳᠠᠬᠤ᠎ᠪᠠᠷ ᠪᠠᠷᠠᠬᠤ ᠦᠭᠡᠢ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠳᠦᠯᠭᠡᠵᠢᠭᠦᠯᠦᠭᠴᠢ᠂ ᠠᠬᠢᠭᠤᠯᠤᠭᠴᠢ᠂ ᠰᠠᠬᠢᠨ ᠬᠠᠮᠠᠭ᠋ᠠᠯᠠᠭᠴᠢ ᠵᠢ ᠬᠥᠮᠥᠵᠢᠭᠦᠯᠵᠦ᠂ ᠲᠡᠷᠡ ᠮᠥᠷᠲᠡᠭᠡᠨ ᠰᠤᠷᠤᠭᠴᠢᠳ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ ᠵᠢᠨ ᠬᠠᠮᠲᠤ ᠢᠳᠡᠪᠬᠢᠲᠡᠢ᠎ᠪᠠᠷ ᠬᠥᠲᠥᠯᠥᠨ ᠵᠢᠯᠤᠭᠣᠳᠬᠤ᠎ᠪᠠᠷ ᠳᠠᠮᠵᠢᠭᠤᠯᠤᠨ ᠰᠤᠷᠤᠭᠴᠢᠳ᠎ᠤᠨ ᠰᠤᠷᠤᠯᠴᠠᠬᠤ ᠢᠲᠡᠭᠡᠯ᠎ᠢ ᠨᠡᠮᠡᠭᠳᠡᠭᠦᠯᠵᠦ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ ᠬᠦᠰᠡᠯᠡᠩ᠎ᠢ ᠪᠤᠢ ᠪᠣᠯᠭ᠋ᠠᠵᠤ᠂ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ ᠤᠬᠠᠮᠰᠠᠷ᠎ᠢ ᠴᠢᠩᠭ᠋ᠠᠳᠬᠠᠨ᠂ ᠴᠢᠷᠮᠠᠢ᠌ᠬᠤ ᠴᠢᠭᠯᠡᠯ᠎ᠢ᠎ᠨᠢ ᠲᠣᠳᠣᠷᠬᠠᠢ᠌ᠯᠠᠵᠤ᠂ ᠢᠷᠡᠭᠡᠳᠦᠢ ᠵᠢᠨ ᠨᠡᠢ᠌ᠭᠡᠮ᠎ᠳᠤ ᠣᠷᠣᠯᠴᠠᠬᠤ᠂ ᠥᠷᠲᠡᠭ ᠵᠶ᠋ᠠᠨ ᠪᠡᠶᠡᠯᠡᠭᠦᠯᠬᠦ᠎ᠳᠤ ᠵᠠᠮ ᠳᠡᠪᠢᠰᠴᠦ᠂ ᠰᠤᠷᠤᠭᠴᠢᠳ᠎ᠤᠨ ᠪᠦᠷᠢᠨ ᠲᠡᠭᠦᠯᠳᠡᠷ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠡᠬᠢᠯᠡᠭᠦᠯᠬᠦ᠎ᠳᠤ ᠬᠦᠴᠦᠨ ᠨᠡᠮᠡᠷᠢᠯᠡᠬᠦ ᠪᠣᠯᠣᠨ᠎ᠠ》 ᠭᠡᠵᠦ ᠢᠯᠡᠷᠬᠡᠢ᠌ᠯᠡᠪᠡ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
ᠪᠦᠬᠦ᠌ ᠤᠯᠤᠰ᠎ᠤᠨ ᠠᠩᠬᠠᠳᠠᠭ᠍ᠴᠢ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ 7 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ
2025 ᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠲᠥᠷᠥᠯ ᠵᠦᠶ᠋ᠯ — ᠲᠠᠷᠢᠶᠠᠯᠠᠩ ᠮᠠᠯ ᠠᠵᠤ ᠠᠬᠤᠶ᠎ᠶ᠋ᠢᠨ ᠪᠣᠬᠢᠷᠲᠤᠯ ᠥᠬᠡᠶ ᠣᠷᠴᠢᠯ ᠬᠥᠭ᠌ᠵᠢᠯᠲᠡ᠎ᠶ᠋ᠢᠨ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠠᠵᠢᠯᠯᠠᠭ᠎ᠠ ᠣᠷᠳᠣᠰ ᠬᠤᠲᠠ᠎ᠳᠤ ᠡᠬᠢᠯᠡᠪᠡ
ᠲᠠᠪᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠪᠦᠳᠦᠭᠡᠯᠴᠢ ᠭᠠᠷ》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ ᠵᠢᠴᠢ ᠵᠢᠷᠭᠤᠳᠤᠭ᠋ᠠᠷ ᠬᠤᠭᠤᠴᠠᠭ᠋ᠠᠨ᠎ᠤ 《ᠬᠣᠷᠴᠢᠨ ᠬᠤᠨᠳᠠᠭ᠋ᠠᠲᠤ 》 ᠦᠢ᠍ᠯᠡᠰ ᠪᠦᠳᠦᠭᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠪᠥᠬᠥ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠯᠠ ᠮᠥᠩᠭᠥ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
 
            