ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠡᠷᠬᠢᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-10-18

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      ᠶᠡᠷᠦᠩᠬᠡᠢ ᠱᠦᠵᠢ ᠰᠢ ᠵᠢᠨ ᠫᠢᠩ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠲᠤᠬᠠᠢ ᠰᠢᠷᠢᠰ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠬᠡᠪᠡᠷ ᠬᠥᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ   ᠡᠳ᠋᠎ᠤᠨ ᠵᠠᠰᠠᠭ᠎ᠤᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2022] 91 ᠳ᠋ᠦ᠍ᠭᠡᠷ ᠲᠣᠭ᠋ᠠᠲᠤ)᠎ᠤᠨ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠳᠠᠯᠳᠠ ᠬᠦᠴᠦᠨ᠎ᠢ ᠬᠥᠭᠵᠢᠭᠡᠵᠦ᠂ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠨᠠᠩ ᠴᠢᠨᠠᠷ ᠰᠠᠢ᠌ᠲᠠᠢ ᠠᠵᠢᠯ ᠣᠯᠵᠤ ᠦᠢ᠍ᠯᠡᠰ ᠪᠣᠰᠬᠠᠬᠤ ᠵᠢ ᠪᠡᠶᠡᠯᠡᠭᠦᠯᠬᠦ ᠵᠢ ᠠᠬᠢᠭᠤᠯᠵᠤ᠂ ᠪᠥᠬᠥ ᠤᠯᠤᠰ᠎ᠤᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠳᠤ ᠣᠷᠣᠯᠴᠠᠭᠰᠠᠳ᠎ᠢ ᠰᠢᠯᠭ᠋ᠠᠷᠠᠭᠤᠯᠬᠤ᠂ ᠤᠷᠤᠯᠳᠤᠭ᠋ᠠᠨ᠎ᠳᠤ ᠪᠡᠯᠡᠳᠬᠡᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ 2024 ᠣᠨ᠎ᠤ 10 ᠰᠠᠷ᠎ᠠ ᠵᠢᠨ ᠳᠤᠮᠳᠠᠴᠢ᠎ᠪᠠᠷ ᠪᠠᠶᠠᠨᠨᠠᠭᠤᠷ ᠬᠣᠲᠠ᠎ᠳᠤ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ (ᠳᠣᠷᠣᠭᠰᠢ ᠶᠡᠬᠡ ᠤᠷᠤᠯᠳᠤᠭ᠋ᠠᠨ ᠭᠡᠵᠦ ᠲᠣᠪᠴᠢᠯᠠᠨ᠎ᠠ)᠎ᠢ ᠡᠷᠭᠢᠯᠡᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠤᠷᠤᠯᠳᠤᠭ᠋ᠠᠨ᠎ᠤ ᠭᠣᠣᠯ ᠰᠡᠳᠦᠪ
      ᠤᠷ᠎ᠠ ᠮᠡᠷᠭᠡᠵᠢᠯ ᠵᠶ᠋ᠡᠷ ᠢᠷᠡᠭᠡᠳᠦᠢ᠎ᠪᠠᠨ ᠴᠣᠭᠴᠠᠯᠠᠨ᠎ᠠ
      ᠬᠣᠶᠠᠷ᠂ ᠤᠷᠤᠯᠳᠤᠭ᠋ᠠᠨ᠎ᠢ ᠵᠣᠬᠢᠶᠠᠨ ᠪᠠᠢ᠌ᠭᠤᠯᠬᠤ
      ᠭᠣᠣᠯᠯᠠᠨ ᠡᠷᠭᠢᠯᠡᠬᠦ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
      ᠳᠠᠭ᠋ᠠᠭ᠋ᠠᠨ ᠭᠦᠢ᠍ᠴᠡᠳᠬᠡᠬᠦ ᠨᠢᠭᠡᠴᠢ᠄ ᠪᠠᠶᠠᠨᠨᠠᠭᠤᠷ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ
      ᠬᠠᠮᠵᠢᠨ ᠡᠷᠭᠢᠯᠡᠬᠦ ᠨᠢᠭᠡᠴᠢ᠄ ᠪᠠᠶᠠᠨᠨᠠᠭᠤᠷ᠎ᠤᠨ ᠲᠧᠭᠨᠢᠭᠴᠢ ᠵᠢᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠶᠤᠸᠠᠢ ᠵᠢᠶᠠ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠯᠠᠪᠯᠠᠯᠭ᠎ᠠ ᠵᠢᠨ ᠬᠢᠵᠠᠭ᠋ᠠᠷᠲᠤ ᠺᠣᠮᠫᠠᠨᠢ
      ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠢ ᠪᠠᠢ᠌ᠭᠤᠯᠵᠤ᠂ ᠤᠷᠤᠯᠳᠤᠭ᠋ᠠᠨ᠎ᠢ ᠵᠣᠬᠢᠶᠠᠨ ᠪᠠᠢ᠌ᠭᠤᠯᠵᠤ ᠤᠳᠤᠷᠢᠳᠬᠤ ᠪᠠ ᠬᠠᠮᠢᠶᠠᠷᠬᠤ ᠵᠢ ᠬᠠᠷᠢᠭᠤᠴᠠᠨ᠎ᠠ᠃ ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠤᠨ ᠳᠣᠣᠷ᠎ᠠ ᠠᠯᠪᠠᠨ ᠭᠡᠷ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠭᠠᠵᠠᠷ᠎ᠲᠤ ᠲᠣᠬᠢᠷᠠᠭᠤᠯᠤᠨ᠂ ᠤᠷᠤᠯᠳᠤᠭ᠋ᠠᠨ᠎ᠤ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠶᠡᠷᠦᠩᠬᠡᠢ᠌ᠯᠡᠨ ᠵᠣᠬᠢᠴᠠᠭᠤᠯᠬᠤ ᠵᠢᠴᠢ ᠤᠷᠤᠯᠳᠤᠭ᠋ᠠᠨ᠎ᠤ ᠬᠤᠭᠤᠴᠠᠭ᠋ᠠᠨ᠎ᠳᠠᠬᠢ ᠡᠳᠦᠷ ᠲᠤᠲᠤᠮ᠎ᠤᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ᠃ ᠵᠣᠬᠢᠶᠠᠨ ᠪᠠᠢ᠌ᠭᠤᠯᠬᠤ ᠺᠣᠮᠢᠰ᠎ᠤᠨ ᠠᠯᠪᠠᠨ ᠭᠡᠷ᠎ᠤᠨ ᠳᠣᠣᠷ᠎ᠠ ᠬᠢᠨᠠᠨ ᠲᠣᠭᠲᠠᠭ᠋ᠠᠬᠤ ᠠᠵᠢᠯ᠎ᠤᠨ ᠳᠤᠭᠤᠢ᠌ᠯᠠᠩ᠂ ᠤᠷᠤᠯᠳᠤᠭ᠋ᠠᠨ᠎ᠤ ᠶᠠᠪᠤᠳᠠᠯ᠎ᠤᠨ ᠪᠠᠲᠤᠯᠠᠭ᠎ᠠ ᠵᠢᠨ ᠳᠤᠭᠤᠢ᠌ᠯᠠᠩ᠂ ᠬᠢᠨᠠᠯᠲᠠ ᠲᠠᠯᠪᠢᠵᠤ ᠬᠥᠨᠳᠡᠯᠡᠨ᠎ᠠᠴᠠ ᠲᠠᠰᠤᠯᠬᠤ ᠳᠤᠭᠤᠢ᠌ᠯᠠᠩ᠂ ᠤᠬᠠᠭᠤᠯᠬᠤ ᠳᠤᠭᠤᠢ᠌ᠯᠠᠩ᠂ ᠰᠠᠶ᠋ᠢᠨ ᠲᠤᠷᠠᠴᠤᠳ᠎ᠤᠨ ᠦᠢ᠍ᠯᠡᠴᠢᠯᠡᠭᠡᠨ᠎ᠤ ᠳᠤᠭᠤᠢ᠌ᠯᠠᠩ ᠲᠣᠬᠢᠷᠠᠭᠤᠯᠪᠠ (ᠳᠠᠭ᠋ᠠᠯᠳᠤᠭᠤᠯᠤᠯ 1 ᠵᠢ ᠦᠵᠡ)᠃
      ᠭᠤᠷᠪᠠ᠂ ᠤᠷᠤᠯᠳᠤᠭ᠋ᠠᠨ᠎ᠢ ᠶᠠᠪᠤᠭᠳᠠᠭᠤᠯᠬᠤ ᠴᠠᠭ
      2024 ᠣᠨ᠎ᠤ 10 ᠰᠠᠷ᠎ᠠ ᠵᠢᠨ 14 — 16᠎ᠤ ᠡᠳᠦᠷ᠂ ᠡᠭᠦᠨ᠎ᠤ ᠳᠣᠲᠣᠷ᠎ᠠ 10 ᠰᠠᠷ᠎ᠠ ᠵᠢᠨ 14᠎ᠤ ᠡᠳᠦᠷ ᠨᠡᠷ᠎ᠡ ᠮᠡᠳᠡᠭᠦᠯᠵᠦ᠂ 10 ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠢ᠌ᠨ᠎ᠠ ᠪᠤᠴᠠᠨ᠎ᠠ᠃
      ᠳᠥᠷᠪᠡ᠂ ᠤᠷᠤᠯᠳᠤᠭ᠋ᠠᠨ᠎ᠢ ᠶᠠᠪᠤᠭᠳᠠᠭᠤᠯᠬᠤ ᠭᠠᠵᠠᠷ
      ᠪᠠᠶᠠᠨᠨᠠᠭᠤᠷ᠎ᠤᠨ ᠲᠧᠭᠨᠢᠭᠴᠢ ᠵᠢᠨ ᠳᠡᠭᠡᠳᠦ ᠰᠤᠷᠭ᠋ᠠᠭᠤᠯᠢ ᠵᠢᠨ ᠱᠤᠸᠠᠩ ᠾᠧ ᠰᠤᠷᠭ᠋ᠠᠭᠤᠯᠢ ᠵᠢᠨ ᠲᠣᠭᠣᠷᠢᠭ (ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠰᠢ ᠪᠧᠢ ᠵᠡᠭᠡᠯᠢ)
      ᠲᠠᠪᠤ᠂ ᠤᠷᠤᠯᠳᠤᠭ᠋ᠠᠨ᠎ᠳᠤ ᠣᠷᠣᠯᠴᠠᠬᠤ ᠡᠲᠡᠭᠡᠳ
      ᠤᠷᠤᠯᠳᠤᠭ᠋ᠠᠨ᠎ᠳᠤ ᠣᠷᠣᠯᠴᠠᠭᠰᠠᠳ᠎ᠨᠢ ᠡᠷᠬᠡᠪᠰᠢ ᠪᠥᠬᠥ ᠣᠷᠣᠨ᠎ᠤ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠵᠢᠩᠬᠢᠨᠢ ᠬᠠᠷᠢᠶ᠎ᠠ᠎ᠲᠠᠢ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ ᠪᠠᠶ᠋ᠢᠬᠤ ᠬᠡᠷᠡᠭᠲᠡᠶ᠂ ᠤᠷᠤᠯᠳᠤᠭ᠋ᠠᠨ᠎ᠳᠤ ᠣᠷᠣᠯᠴᠠᠭᠰᠠᠳ ᠪᠦᠯᠬᠦᠮ ᠨᠠᠢ᠌ᠳᠠ ᠵᠢᠨ ᠬᠡᠯᠪᠡᠷᠢ᠎ᠪᠠᠷ ᠳᠤᠭᠤᠢ᠌ᠯᠠᠩ ᠪᠠᠢ᠌ᠭᠤᠯᠤᠨ ᠤᠷᠤᠯᠳᠤᠭ᠋ᠠᠨ᠎ᠳᠤ ᠣᠷᠣᠯᠴᠠᠵᠤ᠂ ᠲᠥᠷᠥᠯ ᠵᠦᠢ᠍ᠯ ᠨᠢᠭᠡᠪᠦᠷᠢ ᠵᠢᠨ ᠪᠦᠯᠬᠦᠮ ᠨᠠᠢ᠌ᠳᠠ ᠵᠢᠨ ᠤᠷᠤᠯᠳᠤᠭ᠋ᠠᠨ᠎ᠳᠤ ᠣᠷᠣᠯᠴᠠᠭᠰᠠᠳ 3 — 8 ᠬᠥᠮᠥᠨ ᠪᠠᠶ᠋ᠢᠬᠤ ᠬᠡᠷᠡᠭᠲᠡᠶ᠂ ᠡᠭᠦᠨ᠎ᠳᠤ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ 1 ᠬᠥᠮᠥᠨ ᠲᠣᠬᠢᠷᠠᠭᠤᠯᠤᠨ᠎ᠠ᠃ ᠳᠦᠷᠦᠯ ᠵᠦᠢ᠍ᠯ ᠪᠦᠷᠢ᠎ᠳᠤ ᠵᠢᠯᠤᠭᠣᠳᠬᠤ ᠪᠠᠭᠰᠢ 1— 3 ᠬᠥᠮᠥᠨ᠎ᠢ ᠲᠣᠬᠢᠷᠠᠭᠤᠯᠵᠤ ᠪᠣᠯᠣᠨ᠎ᠠ; ᠵᠢᠭ᠋ᠠᠨ ᠵᠢᠯᠤᠭᠣᠳᠬᠤ ᠪᠠᠭᠰᠢ ᠵᠢ ᠲᠥᠷᠥᠯ ᠵᠦᠢ᠍ᠯ᠎ᠤᠨ ᠪᠣᠳᠠᠲᠠᠢ ᠪᠠᠶ᠋ᠢᠳᠠᠯ᠎ᠢ ᠦᠨᠳᠦᠰᠦᠯᠡᠨ ᠥᠪᠡᠰᠦᠪᠡᠨ ᠡᠮᠦᠨ᠎ᠡ ᠬᠣᠢ᠌ᠨᠠᠬᠢ ᠳᠠᠷᠠᠭ᠋ᠠᠯᠠᠯ ᠵᠶ᠋ᠠᠷ ᠵᠢᠭᠰᠠᠭ᠋ᠠᠨ᠎ᠠ᠃
      ᠵᠢᠷᠭᠤᠭ᠎ᠠ᠂ ᠤᠷᠤᠯᠳᠤᠭ᠋ᠠᠨ᠎ᠳᠤ ᠨᠡᠷ᠎ᠡ ᠮᠡᠳᠡᠭᠦᠯᠬᠦ
      ᠤᠷᠤᠯᠳᠤᠭ᠋ᠠᠨ᠎ᠨᠢ ᠠᠶ᠋ᠢᠮᠠᠭ ᠬᠤᠳᠠ᠎ᠪᠠᠷ ᠨᠢᠭᠡᠴᠢ ᠪᠣᠯᠭ᠋ᠠᠨ ᠨᠡᠷ᠎ᠡ ᠮᠡᠳᠡᠭᠦᠯᠵᠦ ᠤᠷᠤᠯᠳᠤᠭ᠋ᠠᠨ᠎ᠳᠤ ᠣᠷᠣᠯᠴᠠᠬᠤ ᠵᠢ ᠵᠣᠬᠢᠶᠠᠨ ᠪᠠᠢ᠌ᠭᠤᠯᠵᠤ᠂ ᠠᠶ᠋ᠢᠮᠠᠭ ᠬᠤᠳᠠ ᠨᠢᠭᠡᠪᠦᠷᠢ ᠠᠳᠠᠭ᠎ᠲᠠᠭᠠᠨ 1 ᠳᠦᠷᠦᠯ ᠵᠦᠢ᠍ᠯ᠎ᠳᠤ ᠨᠡᠷ᠎ᠡ ᠮᠡᠳᠡᠭᠦᠯᠵᠦ᠂ ᠬᠠᠮᠤᠭ ᠤᠯᠠᠨ᠎ᠳᠠᠭᠠᠨ 3 ᠳᠦᠷᠦᠯ ᠵᠦᠢ᠍ᠯ᠎ᠳᠤ ᠣᠷᠣᠯᠴᠠᠵᠤ ᠪᠣᠯᠣᠨ᠎ᠠ᠃ ᠤᠷᠤᠯᠳᠤᠭ᠋ᠠᠨ᠎ᠳᠤ ᠶᠡᠬᠡ ᠳᠡᠭᠡᠳᠦ ᠰᠤᠷᠭ᠋ᠠᠭᠤᠯᠢ ᠪᠣᠯᠣᠨ ᠰᠣᠷᠣᠭᠴᠢ ᠬᠤᠪᠢ ᠬᠥᠮᠥᠨ᠎ᠤ ᠨᠡᠷ᠎ᠡ᠎ᠪᠠᠷ ᠲᠤᠰᠠᠭ᠋ᠠᠷ ᠨᠡᠷ᠎ᠡ ᠮᠡᠳᠡᠭᠦᠯᠬᠦ ᠵᠢ ᠬᠦᠯᠢᠶᠡᠵᠦ ᠠᠪᠬᠤ ᠦᠭᠡᠢ᠂ ᠤᠷᠤᠯᠳᠤᠭ᠋ᠠᠨ᠎ᠳᠤ ᠣᠷᠣᠯᠴᠠᠭᠰᠠᠳ ᠨᠢᠭᠡ ᠯᠡ ᠳᠣᠣᠷ᠎ᠠ ᠬᠣᠶᠠᠷ᠎ᠠᠴᠠ ᠳᠡᠭᠡᠭᠰᠢ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠵᠤ ᠪᠣᠯᠬᠤ ᠦᠭᠡᠢ᠂ ᠵᠢᠯᠣᠭᠣᠳᠤᠭᠴᠢ ᠪᠠᠭᠰᠢ ᠬᠣᠶᠠᠷ᠎ᠠᠴᠠ ᠳᠡᠭᠡᠭᠰᠢ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠳᠤ ᠵᠡᠷᠭᠡ᠎ᠪᠠᠷ ᠣᠷᠣᠯᠴᠠᠵᠤ ᠵᠢᠯᠤᠭᠣᠳᠴᠤ ᠪᠣᠯᠬᠤ ᠦᠭᠡᠢ᠃ ᠡᠯ᠎ᠡ ᠠᠶ᠋ᠢᠮᠠᠭ ᠬᠣᠲᠠ ᠵᠢᠨ ᠲᠥᠯᠥᠭᠡᠯᠡᠭᠴᠢᠳ᠎ᠤᠨ ᠠᠩᠭᠢ 1 ᠳᠠᠭ᠋ᠠᠭᠤᠯᠤᠭᠴᠢ᠂ ᠬᠠᠷᠢᠯᠴᠠᠬᠤ ᠠᠵᠢᠯᠲᠠᠨ 1 ᠬᠥᠮᠥᠨ ᠲᠣᠬᠢᠷᠠᠭᠤᠯᠵᠤ᠂ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ ᠤᠷᠤᠯᠳᠤᠭ᠋ᠠᠨ᠎ᠢ ᠲᠣᠭᠣᠷᠢᠨ ᠦᠵᠡᠬᠦ ᠪᠦᠯᠬᠦᠮ᠎ᠢ ᠪᠠᠢ᠌ᠭᠤᠯᠵᠤ ᠪᠣᠯᠣᠨ᠎ᠠ᠂ ᠲᠣᠭᠣᠷᠢᠨ ᠦᠵᠡᠬᠦ ᠪᠦᠯᠬᠦᠮ᠎ᠤᠨ ᠬᠥᠮᠥᠨ᠎ᠤ ᠲᠣᠭ᠎ᠠ ᠵᠢ 5 ᠬᠥᠮᠥᠨ᠎ᠠᠴᠠ ᠬᠡᠲᠦᠷᠡᠭᠦᠯᠵᠦ ᠪᠣᠯᠬᠤ ᠦᠭᠡᠢ᠃
      ᠲᠤᠯᠤᠭ᠎ᠠ᠂ ᠤᠷᠤᠯᠳᠤᠭ᠋ᠠᠨ᠎ᠤ ᠶᠠᠪᠤᠴᠠ ᠵᠢᠨ ᠲᠣᠬᠢᠷᠠᠭᠤᠯᠤᠯᠲᠠ
      ᠤᠷᠤᠯᠳᠤᠭ᠋ᠠᠨ᠎ᠢ 《ᠦᠢ᠍ᠯᠡᠰ ᠪᠣᠰᠬᠠᠬᠤ ᠲᠥᠷᠥᠯ ᠵᠦᠢ᠍ᠯ᠎ᠤᠨ ᠲᠥᠯᠥᠪᠯᠡᠭᠡ ᠵᠢᠨ ᠪᠢᠴᠢᠭ》᠎ᠤᠨ ᠲᠸᠺᠰᠲ᠎ᠤᠨ ᠬᠢᠨᠠᠨ ᠰᠢᠯᠭ᠋ᠠᠷᠠᠭᠤᠯᠬᠤ ᠪᠠ ᠲᠤᠬᠠᠢ ᠵᠢᠨ ᠲᠠᠯᠠᠪᠤᠷ᠎ᠤᠨ ᠦᠵᠡᠭᠦᠯᠭᠡ ᠵᠢᠴᠢ ᠬᠠᠷᠢᠭᠤ ᠮᠠᠷᠭᠤᠭ᠋ᠠᠨ᠎ᠤ ᠬᠢᠨᠠᠨ ᠰᠢᠯᠭ᠋ᠠᠷᠠᠭᠤᠯᠤᠯᠲᠠ ᠭᠡᠵᠦ ᠬᠣᠶᠠᠷ ᠬᠡᠰᠡᠭ᠎ᠲᠤ ᠬᠤᠪᠢᠶᠠᠵᠤ᠂ ᠴᠥᠮ ᠵᠠᠭᠤᠨ᠎ᠤ ᠬᠤᠪᠢ ᠵᠢᠨ ᠳᠦᠷᠢᠮ ᠵᠶ᠋ᠡᠷ ᠬᠤᠪᠢ ᠪᠤᠳᠤᠵᠤ᠂ ᠪᠦᠷᠢᠨ ᠬᠤᠪᠢ᠎ᠨᠢ ᠴᠥᠮ 100 ᠬᠤᠪᠢ ᠪᠣᠯᠣᠨ᠎ᠠ᠃ ᠡᠭᠦᠨ᠎ᠳᠤ᠂ 《ᠦᠢ᠍ᠯᠡᠰ ᠪᠣᠰᠬᠠᠬᠤ ᠲᠥᠷᠥᠯ ᠵᠦᠢ᠍ᠯ᠎ᠤᠨ ᠲᠥᠯᠥᠪᠯᠡᠭᠡ ᠵᠢᠨ ᠪᠢᠴᠢᠭ》᠎ᠤᠨ ᠲᠸᠺᠰᠲ᠎ᠤᠨ ᠬᠢᠨᠠᠨ ᠰᠢᠯᠭ᠋ᠠᠷᠠᠭᠤᠯᠤᠯᠲᠠ ᠵᠢᠨ ᠡᠵᠡᠯᠡᠬᠦ ᠬᠦᠨᠳᠦ ᠵᠢᠨ ᠵᠢᠩ᠎ᠨᠢ ᠶᠡᠷᠦᠩᠬᠡᠢ ᠬᠢᠷᠢ ᠪᠦᠲᠦᠮᠵᠢ ᠵᠢᠨ 30% ᠵᠢ ᠡᠵᠡᠯᠡᠵᠦ᠂ ᠲᠤᠬᠠᠢ ᠵᠢᠨ ᠲᠠᠯᠠᠪᠤᠷ᠎ᠤᠨ ᠦᠵᠡᠭᠦᠯᠭᠡ ᠪᠠ ᠬᠠᠷᠢᠭᠤ ᠮᠠᠷᠭᠤᠭ᠋ᠠᠨ᠎ᠤ ᠬᠢᠨᠠᠨ ᠰᠢᠯᠭ᠋ᠠᠷᠠᠭᠤᠯᠤᠯᠲᠠ ᠵᠢᠨ ᠡᠵᠡᠯᠡᠬᠦ ᠬᠦᠨᠳᠦ ᠵᠢᠨ ᠵᠢᠩ᠎ᠨᠢ ᠶᠡᠷᠦᠩᠬᠡᠢ ᠬᠢᠷᠢ ᠪᠦᠲᠦᠮᠵᠢ ᠵᠢᠨ 70% ᠵᠢ ᠡᠵᠡᠯᠡᠨ᠎ᠡ᠃ ᠲᠤᠬᠠᠢ ᠵᠢᠨ ᠲᠠᠯᠠᠪᠤᠷ᠎ᠤᠨ ᠦᠵᠡᠭᠦᠯᠭᠡ ᠵᠢ ᠲᠥᠷᠥᠯ ᠵᠦᠢ᠍ᠯ᠎ᠤᠨ ᠦᠵᠡᠭᠦᠯᠭᠡ ᠵᠢᠨ ᠲᠠᠢ᠌ᠯᠤᠮᠵᠢ ᠵᠢᠨ 6 ᠮᠢᠨᠦ᠋ᠲ ᠪᠠ ᠬᠠᠷᠢᠭᠤ ᠮᠠᠷᠭᠤᠬᠤ 4 ᠮᠢᠨᠦ᠋ᠲ (ᠡᠭᠦᠨ᠎ᠳᠤ᠂ ᠰᠢᠯᠭ᠋ᠠᠷᠠᠭᠤᠯᠬᠤ ᠺᠣᠮᠢᠰ᠎ᠤᠨ ᠠᠰᠠᠭᠤᠭᠰᠠᠨ ᠴᠠᠭ᠎ᠢ ᠬᠠᠷᠢᠭᠤ ᠮᠠᠷᠭᠤᠬᠤ ᠴᠠᠭ᠎ᠲᠤ ᠪᠤᠳᠤᠵᠤ ᠣᠷᠣᠭᠤᠯᠬᠤ ᠦᠭᠡᠢ) ᠭᠡᠵᠦ ᠬᠣᠶᠠᠷ ᠭᠣᠭᠴᠣᠭ᠎ᠠ ᠬᠤᠪᠢᠶᠠᠵᠤ᠂ ᠲᠥᠷᠥᠯ ᠵᠦᠢ᠍ᠯ᠎ᠤᠨ ᠦᠵᠡᠭᠦᠯᠭᠡ᠎ᠳᠤ PPT ᠦᠵᠡᠭᠦᠯᠭᠡ᠂ ᠸᠢᠳᠢᠤ᠋ ᠪᠤᠶᠤ ᠪᠣᠳᠠᠲᠤ ᠪᠣᠳᠠᠰ᠎ᠤᠨ ᠦᠵᠡᠭᠦᠯᠭᠡ ᠪᠠᠭᠲᠠᠨ᠎ᠠ᠃ ᠤᠷᠤᠯᠳᠤᠭ᠋ᠠᠨ᠎ᠤ ᠬᠡᠷᠡᠭᠵᠢᠭᠦᠯᠬᠦ ᠲᠥᠰᠥᠯ ᠵᠢᠴᠢ ᠮᠡᠷᠭᠡᠵᠢᠯ᠎ᠤᠨ ᠳᠦᠷᠢᠮ᠎ᠢ ᠳᠠᠭ᠋ᠠᠯᠳᠤᠭᠤᠯᠤᠯ 2᠎ᠲᠤ ᠨᠠᠷᠢᠪᠴᠢᠯᠠᠨ ᠦᠵᠡᠭᠡᠷᠡᠢ᠃
      ᠨᠠᠢ᠍ᠮᠠ᠂ ᠱᠠᠩᠨᠠᠯ᠎ᠤᠨ ᠵᠦᠢ᠍ᠯ᠎ᠤᠨ ᠲᠣᠬᠢᠷᠠᠭᠤᠯᠤᠯᠲᠠ
      ᠲᠣᠰ ᠤᠳᠠᠭ᠎ᠠ ᠵᠢᠨ ᠤᠷᠤᠯᠳᠤᠭ᠋ᠠᠨ᠎ᠨᠢ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢ᠍ᠯ᠎ᠤᠨ ᠶᠡᠷᠦᠩᠬᠡᠢ ᠲᠣᠭ᠋ᠠᠨ᠎ᠤ 10%᠂ 20%᠂ 30%᠎ᠪᠠᠷ ᠲᠣᠰ ᠲᠣᠰ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ᠎ᠢ ᠲᠣᠬᠢᠷᠠᠭᠤᠯᠬᠤ ᠵᠢᠨ ᠬᠠᠮᠲᠤ ᠰᠢᠯᠢᠳᠡᠭ ᠱᠠᠩᠨᠠᠯ᠂ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ᠂ ᠰᠢᠯᠢᠳᠡᠭ ᠵᠢᠭ᠋ᠠᠨ ᠵᠢᠯᠤᠭᠣᠳᠬᠤ ᠪᠠᠭᠰᠢ ᠵᠢᠨ ᠱᠠᠩᠨᠠᠯ (ᠨᠢᠭᠡᠳᠦᠭᠡᠷ ᠳᠡᠰ᠎ᠤᠨ ᠱᠠᠩᠨᠠᠯ ᠣᠯᠣᠭᠰᠠᠨ ᠲᠥᠷᠥᠯ ᠵᠦᠢ᠍ᠯ᠎ᠤᠨ ᠵᠢᠭ᠋ᠠᠨ ᠵᠢᠯᠤᠭᠣᠳᠬᠤ ᠪᠠᠭᠰᠢ)᠎ᠢ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠦᠨᠡᠮᠯᠡᠯ ᠣᠯᠭᠣᠨ᠎ᠠ᠃ ᠱᠠᠩᠨᠠᠯ ᠣᠯᠣᠭᠰᠠᠨ ᠲᠥᠷᠥᠯ ᠵᠦᠢ᠍ᠯ᠎ᠢ ᠤᠷᠤᠯᠳᠤᠭ᠋ᠠᠨ᠎ᠤ ᠬᠢᠷᠢ ᠪᠦᠲᠦᠮᠵᠢ ᠵᠢᠨ ᠨᠡᠷᠡᠰ᠎ᠤᠨ ᠳᠠᠷᠠᠭ᠋ᠠᠯᠠᠯ ᠪᠠ ᠪᠥᠬᠥ ᠤᠯᠤᠰ᠎ᠤᠨ ᠤᠷᠤᠯᠳᠤᠭ᠋ᠠᠨ᠎ᠳᠤ ᠣᠷᠣᠯᠴᠠᠬᠤ ᠣᠷᠣᠨ ᠲᠣᠭ᠎ᠠ ᠵᠢᠨ ᠬᠤᠪᠢᠶᠠᠷᠢᠯᠠᠯᠲᠠ ᠵᠢᠨ ᠪᠠᠢ᠌ᠳᠠᠯ᠎ᠢ ᠦᠵᠡᠵᠦ ᠪᠥᠬᠥ ᠤᠯᠤᠰ᠎ᠤᠨ ᠤᠷᠤᠯᠳᠤᠭ᠋ᠠᠨ᠎ᠳᠤ ᠣᠷᠣᠯᠴᠠᠭᠤᠯᠤᠨ᠎ᠠ᠃
      ᠶᠢᠰᠦ᠂ ᠤᠷᠤᠯᠳᠤᠭ᠋ᠠᠨ᠎ᠳᠤ ᠣᠷᠣᠯᠴᠠᠬᠤ ᠵᠠᠷᠤᠳᠠᠯ
      ᠤᠷᠤᠯᠳᠤᠭ᠋ᠠᠨ᠎ᠳᠤ ᠣᠷᠣᠯᠴᠠᠬᠤ ᠵᠠᠷᠤᠳᠠᠯ ᠬᠤᠷᠢᠶᠠᠬᠤ ᠦᠭᠡᠢ᠂ ᠤᠷᠤᠯᠳᠤᠭ᠋ᠠᠨ᠎ᠤ ᠬᠤᠭᠤᠴᠠᠭ᠋ᠠᠨ᠎ᠳᠤ᠂ ᠢᠳᠡᠵᠦ ᠤᠤᠭᠤᠬᠤ ᠬᠣᠨᠣᠵᠤ ᠬᠡᠪᠲᠡᠬᠦ ᠵᠢᠴᠢ ᠤᠷᠤᠯᠳᠤᠭ᠋ᠠᠨ᠎ᠳᠤ ᠬᠡᠷᠡᠭᠯᠡᠬᠦ ᠲᠡᠷᠭᠡ ᠣᠨᠣᠭ᠎ᠠ ᠵᠢ ᠵᠣᠬᠢᠶᠠᠨ ᠪᠠᠢ᠌ᠭᠤᠯᠬᠤ ᠺᠣᠮᠢᠰ᠎ᠠᠴᠠ ᠨᠢᠭᠡᠳᠦᠯᠲᠡᠢ ᠲᠣᠬᠢᠷᠠᠭᠤᠯᠵᠤ᠂ ᠡᠯ᠎ᠡ ᠠᠶ᠋ᠢᠮᠠᠭ ᠬᠣᠲᠠ ᠵᠢᠨ ᠳᠠᠭ᠋ᠠᠭᠤᠯᠤᠭᠴᠢ᠂ ᠠᠵᠢᠯᠲᠠᠨ᠂ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠤᠨ ᠤᠷᠤᠯᠳᠤᠬ᠍ᠴᠢ᠂ ᠵᠢᠭ᠋ᠠᠨ ᠵᠢᠯᠤᠭᠣᠳᠬᠤ ᠪᠠᠭᠰᠢ ᠵᠢᠨ ᠬᠣᠨᠣᠭ᠎ᠤᠨ ᠵᠠᠷᠤᠳᠠᠯ᠂ ᠬᠣᠭᠣᠯᠠᠨ᠎ᠤ ᠵᠠᠷᠤᠳᠠᠯ᠎ᠢ ᠭᠣᠣᠯᠯᠠᠨ ᠡᠷᠭᠢᠯᠡᠬᠦ ᠲᠠᠯ᠎ᠠ᠎ᠠᠴᠠ ᠡᠭᠦᠷᠭᠡᠯᠡᠵᠦ᠂ ᠢᠷᠠᠵᠤ ᠪᠤᠴᠠᠬᠤ ᠵᠠᠮ ᠬᠠᠷᠢᠯᠴᠠᠭ᠋ᠠᠨ᠎ᠤ ᠵᠠᠷᠤᠳᠠᠯ᠎ᠢ ᠲᠣᠮᠢᠯᠠᠭᠰᠠᠨ ᠨᠢᠭᠡᠴᠢ ᠪᠤᠶᠤ ᠤᠷᠤᠯᠳᠤᠬ᠍ᠴᠢ ᠵᠢᠨ ᠪᠠᠢ᠌ᠭ᠎ᠠ ᠨᠢᠭᠡᠴᠢ᠎ᠠᠴᠠ ᠡᠭᠦᠷᠭᠡᠯᠡᠨ᠎ᠡ᠃ ᠲᠣᠭᠣᠷᠢᠨ ᠦᠵᠡᠭᠴᠢᠳ᠎ᠤᠨ ᠬᠣᠨᠣᠭ᠎ᠤᠨ ᠵᠠᠷᠤᠳᠠᠯ᠂ ᠨᠠᠭ᠋ᠠᠰᠢ ᠴᠠᠭ᠋ᠠᠰᠢ ᠶᠠᠪᠤᠬᠤ ᠵᠠᠮ ᠬᠠᠷᠢᠯᠴᠠᠭ᠋ᠠᠨ᠎ᠤ ᠵᠠᠷᠤᠳᠠᠯ᠎ᠢ ᠲᠣᠮᠢᠯᠠᠭᠰᠠᠨ ᠨᠢᠭᠡᠴᠢ ᠪᠤᠶᠤ ᠪᠠᠢ᠌ᠭ᠎ᠠ ᠨᠢᠭᠡᠴᠢ᠎ᠠᠴᠠ ᠡᠭᠦᠷᠭᠡᠯᠡᠨ᠎ᠡ᠃
      ᠤᠷᠤᠯᠳᠤᠭ᠋ᠠᠨ᠎ᠤ ᠬᠤᠭᠤᠴᠠᠭ᠋ᠠᠨ᠎ᠳᠤ᠂ ᠤᠷᠤᠯᠳᠤᠭ᠋ᠠᠨ᠎ᠳᠤ ᠣᠷᠣᠯᠴᠠᠭᠴᠢ᠂ ᠵᠢᠭ᠋ᠠᠨ ᠵᠢᠯᠤᠭᠣᠳᠬᠤ ᠪᠠᠭᠰᠢ᠂ ᠠᠵᠢᠯᠲᠠᠨ᠂ ᠰᠠᠶ᠋ᠢᠨ ᠳᠤᠷ᠎ᠠ ᠵᠢᠨ ᠠᠵᠢᠯᠯᠠᠭᠴᠢ᠎ᠳᠤ ᠵᠣᠬᠢᠶᠠᠨ ᠪᠠᠢ᠌ᠭᠤᠯᠬᠤ ᠺᠣᠮᠢᠰ᠎ᠠᠴᠠ ᠪᠡᠶ᠎ᠡ ᠮᠠᠬᠠᠪᠤᠳ ᠵᠢᠨ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠢ ᠨᠢᠭᠡᠳᠦᠯᠲᠡᠢ ᠲᠣᠬᠢᠷᠠᠭᠤᠯᠤᠨ ᠬᠤᠳᠠᠯᠳᠤᠨ ᠠᠪᠴᠤ ᠥᠭᠭᠦᠨ᠎ᠡ᠃
      ᠠᠷᠪᠠ᠂ ᠠᠵᠢᠯ᠎ᠤᠨ ᠱᠠᠭ᠋ᠠᠷᠳᠠᠯᠭ᠎ᠠ
      (ᠨᠢᠭᠡ) ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠤᠷᠤᠯᠳᠤᠭ᠋ᠠᠨ᠎ᠢ ᠲᠣᠰ ᠭᠠᠵᠠᠷ ᠣᠷᠣᠨ᠎ᠤ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤᠰᠢᠨ᠎ᠡ ᠵᠢ ᠡᠭᠦᠳᠬᠦ ᠰᠤᠷᠭ᠋ᠠᠨ ᠬᠥᠮᠦᠵᠢᠯ᠎ᠢ ᠴᠢᠩᠭ᠋ᠠᠳᠬᠠᠬᠤ᠂ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠤᠷ᠎ᠠ ᠮᠡᠷᠭᠡᠵᠢᠯ ᠬᠢᠭᠡᠳ ᠦᠢ᠍ᠯᠡᠰ ᠪᠣᠰᠬᠠᠬᠤ᠂ ᠰᠢᠨ᠎ᠡ ᠵᠢ ᠡᠭᠦᠳᠬᠦ ᠵᠢ ᠠᠭᠤᠰᠤᠯᠴᠠᠭᠤᠯᠤᠨ ᠨᠡᠪᠲᠡᠷᠡᠯᠴᠡᠭᠦᠯᠬᠦ ᠵᠢ ᠠᠬᠢᠭᠤᠯᠬᠤ ᠵᠢᠨ ᠴᠢᠬᠤᠯᠠ ᠭᠠᠷᠳᠠᠴᠠ ᠪᠣᠯᠭ᠋ᠠᠵᠤ᠂ ᠤᠷᠤᠯᠳᠤᠭ᠋ᠠᠨ᠎ᠤ ᠬᠡᠷᠡᠭᠵᠢᠭᠦᠯᠬᠦ ᠲᠥᠰᠥᠯ ᠪᠠ ᠮᠡᠷᠭᠡᠵᠢᠯ᠎ᠤᠨ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ᠂ ᠤᠷᠤᠯᠳᠤᠭ᠋ᠠᠨ᠎ᠳᠤ ᠢᠳᠡᠪᠬᠢᠲᠡᠢ ᠪᠡᠯᠡᠳᠬᠡᠵᠦ᠂ ᠤᠷᠤᠯᠳᠤᠭ᠋ᠠᠨ᠎ᠠᠴᠠ ᠡᠮᠦᠨᠡᠬᠢ ᠲᠥᠪᠯᠡᠷᠡᠭᠦᠯᠦᠨ ᠪᠣᠯᠪᠠᠰᠤᠷᠠᠭᠤᠯᠬᠤ ᠵᠢ ᠬᠢᠨᠠᠮᠠᠭ᠋ᠠᠢ ᠵᠣᠬᠢᠶᠠᠨ ᠪᠠᠢ᠌ᠭᠤᠯᠬᠤ ᠬᠡᠷᠡᠭᠲᠡᠶ᠃ ᠨᠥᠬᠥᠴᠡᠯ᠎ᠲᠠᠢ ᠠᠶ᠋ᠢᠮᠠᠭ ᠬᠣᠲᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠤᠨ ᠬᠢᠯᠠᠰ ᠴᠡᠭ᠂ ᠣᠨᠴᠠᠯᠢᠭ᠎ᠢ ᠰᠢᠷᠭ᠋ᠠᠭ᠋ᠠᠨ ᠪᠣᠯᠪᠠᠰᠤᠷᠠᠭᠤᠯᠵᠦ᠂ ᠪᠦᠲᠦᠭᠡᠯ᠎ᠤᠨ ᠶᠠᠰᠤ ᠴᠢᠨᠠᠷ᠎ᠢ ᠨᠠᠷᠢᠨ ᠨᠢᠮᠪᠠᠢ ᠳᠠᠪᠲᠠᠵᠤ᠂ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠤᠨ ᠰᠢᠨ᠎ᠡ ᠵᠢ ᠡᠭᠦᠳᠬᠦ ᠴᠢᠨᠠᠷ᠂ ᠪᠣᠳᠠᠲᠠᠢ᠌ᠵᠢᠭᠤᠯᠬᠤ ᠴᠢᠨᠠᠷ᠎ᠲᠠᠢ᠂ ᠬᠤᠳᠠᠯᠳᠤᠭ᠋ᠠᠨ᠎ᠤ ᠦᠨ᠎ᠡ ᠥᠷᠲᠡᠭ ᠪᠠ ᠨᠡᠢ᠌ᠭᠡᠮ᠎ᠤᠨ ᠦᠷ᠎ᠡ ᠠᠰᠢᠭ᠎ᠲᠠᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
      (ᠬᠣᠶᠠᠷ) ᠪᠣᠭᠣᠮᠲᠠ ᠵᠢ ᠴᠢᠩᠭ᠎ᠠ ᠰᠠᠬᠢᠵᠤ᠂ ᠲᠥᠷᠥᠯ ᠵᠦᠢ᠍ᠯ᠎ᠤᠨ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠤᠷᠤᠯᠳᠤᠭ᠋ᠠᠨ᠎ᠳᠤ ᠣᠷᠣᠯᠴᠠᠬᠤ ᠡᠯ᠎ᠡ ᠲᠥᠷᠥᠯ ᠵᠦᠢ᠍ᠯ᠎ᠢ ᠰᠣᠩᠭᠣᠨ ᠲᠠᠨᠢᠯᠴᠠᠭᠤᠯᠤᠭᠰᠠᠨ ᠶᠡᠬᠡ ᠳᠡᠭᠡᠳᠦ ᠰᠤᠷᠭ᠋ᠠᠭᠤᠯᠢ᠎ᠨᠢ ᠤᠷᠤᠯᠳᠤᠭ᠋ᠠᠨ᠎ᠳᠤ ᠣᠷᠣᠯᠴᠠᠬᠤ ᠤᠷᠤᠯᠳᠤᠬ᠍ᠴᠢᠳ᠎ᠤᠨ ᠬᠢᠷᠢ ᠬᠡᠮ᠎ᠢ ᠴᠢᠩᠭ᠎ᠠ ᠬᠢᠨᠠᠨ ᠬᠠᠷᠭᠤᠭᠤᠯᠬᠤ ᠪᠣᠭᠣᠮᠲᠠ ᠵᠢ ᠴᠢᠩᠭ᠎ᠠ ᠰᠠᠬᠢᠵᠤ᠂ ᠰᠣᠩᠭᠣᠨ ᠲᠠᠨᠢᠯᠴᠠᠭᠤᠯᠤᠭᠰᠠᠨ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠨᠢ ᠡᠷᠬᠡᠪᠰᠢ ᠠᠩᠬᠠᠨ᠎ᠤ ᠡᠭᠦᠳᠦᠯᠲᠡ ᠵᠢᠨ ᠪᠦᠲᠦᠭᠡᠯ ᠪᠠᠶ᠋ᠢᠬᠤ ᠬᠡᠷᠡᠭᠲᠡᠶ᠂ ᠪᠤᠰᠤᠳ᠎ᠤᠨ᠎ᠬᠢ ᠵᠢ ᠬᠠᠭᠤᠯᠬᠤ ᠵᠢ ᠴᠠᠭ᠋ᠠᠵᠠᠯᠠᠬᠤ ᠬᠡᠷᠡᠭᠲᠡᠶ᠃ ᠬᠡᠷᠪᠡ ᠪᠤᠰᠤᠳ᠎ᠤᠨ ᠥᠮᠴᠢᠯᠡᠬᠦ ᠡᠷᠬᠡ᠎ᠳᠤ ᠬᠠᠯᠳᠠᠭᠰᠠᠨ ᠠᠵᠢᠯᠯᠠᠭ᠎ᠠ ᠡᠭᠦᠰᠪᠡᠯ᠂ ᠤᠷᠤᠯᠳᠤᠭ᠋ᠠᠨ᠎ᠳᠤ ᠣᠷᠣᠯᠴᠠᠭᠰᠠᠳ᠎ᠤᠨ ᠤᠷᠤᠯᠳᠤᠭ᠋ᠠᠨ᠎ᠳᠤ ᠣᠷᠣᠯᠴᠠᠬᠤ ᠬᠢᠷᠢ ᠬᠡᠮ᠎ᠢ ᠬᠦᠴᠦᠨ ᠦᠭᠡᠢ ᠪᠣᠯᠭ᠋ᠠᠵᠤ᠂ ᠲᠥᠷᠥᠯ ᠵᠦᠢ᠍ᠯ᠎ᠢ ᠰᠣᠩᠭᠣᠨ ᠲᠠᠨᠢᠯᠴᠠᠭᠤᠯᠤᠭᠰᠠᠨ ᠶᠡᠬᠡ ᠳᠡᠭᠡᠳᠦ ᠰᠤᠷᠭ᠋ᠠᠭᠤᠯᠢ ᠵᠢᠴᠢ ᠪᠠᠢ᠌ᠭ᠎ᠠ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ ᠨᠡᠢ᠌ᠲᠡᠯᠡᠨ ᠮᠡᠳᠡᠭᠳᠡᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠡᠭᠦᠰᠬᠡᠭᠰᠡᠨ ᠪᠠᠢ᠌ᠪᠠᠯ᠂ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      (ᠭᠤᠷᠪᠠ) ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠵᠤ᠂ ᠴᠠᠭ᠎ᠲᠠᠭᠠᠨ ᠤᠷᠤᠯᠳᠤᠭ᠋ᠠᠨ᠎ᠳᠤ ᠣᠷᠣᠯᠴᠠᠵᠤ ᠨᠡᠷ᠎ᠡ ᠮᠡᠳᠡᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠤᠷᠤᠯᠳᠤᠭ᠋ᠠᠨ᠎ᠤ ᠶᠠᠪᠤᠳᠠᠯ᠎ᠤᠨ 1 ᠬᠣᠯᠪᠣᠭ᠋ᠠᠴᠢᠨ᠎ᠢ ᠵᠢᠭ᠋ᠠᠨ ᠲᠣᠭᠲᠠᠭ᠋ᠠᠵᠤ᠂ ᠲᠣᠰ ᠭᠠᠵᠠᠷ ᠣᠷᠣᠨ᠎ᠤ ᠤᠷᠤᠯᠳᠤᠭ᠋ᠠᠨ᠎ᠳᠤ ᠨᠡᠷ᠎ᠡ ᠮᠡᠳᠡᠭᠦᠯᠬᠦ᠂ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠢ ᠲᠤᠰᠢᠶᠠᠬᠤ ᠵᠡᠷᠭᠡ ᠠᠵᠢᠯ᠎ᠢ ᠬᠠᠷᠢᠭᠤᠴᠠᠭᠤᠯᠬᠤ ᠵᠢᠨ ᠬᠠᠮᠲᠤ 9 ᠰᠠᠷ᠎ᠠ ᠵᠢᠨ 12᠎ᠤᠨ ᠡᠳᠦᠷ᠎ᠠᠴᠠ ᠡᠮᠦᠨ᠎ᠡ ᠬᠣᠯᠪᠣᠭ᠋ᠠᠴᠢᠨ᠎ᠤ ᠮᠡᠳᠡᠭᠡ ᠵᠠᠩᠭᠢ (ᠳᠠᠭ᠋ᠠᠯᠳᠤᠭᠤᠯᠤᠯ 3 ᠵᠢ ᠦᠵᠡ)᠂ 9 ᠰᠠᠷ᠎ᠠ ᠵᠢᠨ 21᠎ᠤ ᠡᠳᠦᠷ᠎ᠠᠴᠠ ᠡᠮᠦᠨ᠎ᠡ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ᠎ᠤᠨ ᠬᠠᠮᠢᠶ᠎ᠠ ᠪᠦᠬᠦᠢ ᠮᠠᠲ᠋ᠧᠷᠢᠶᠠᠯ᠎ᠢ ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠤᠨ ᠰᠢᠤᠳᠠᠨ᠎ᠤ ᠬᠠᠢ᠌ᠷᠴᠠᠭ᠎ᠲᠤ ᠮᠡᠳᠡᠭᠦᠯᠦᠨ ᠬᠦᠷᠭᠡᠬᠦ ᠬᠡᠷᠡᠭᠲᠡᠶ᠃
      ᠬᠠᠷᠢᠯᠴᠠᠬᠤ ᠬᠥᠮᠥᠨ ᠵᠢᠴᠢ ᠬᠠᠷᠢᠯᠴᠠᠬᠤ ᠬᠡᠯᠪᠡᠷᠢ᠄
      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
      ᠬᠠᠷᠢᠯᠴᠠᠬᠤ ᠬᠥᠮᠥᠨ᠄ ᠴᠠᠩ ᠵᠢᠶᠧ ᠫᠠᠩ ᠳ᠋ᠦᠩ ᠢᠦᠢ
      ᠬᠠᠷᠢᠯᠴᠠᠬᠤ ᠤᠲᠠᠰᠤ᠄ (0471) 6613983  6944622
      ᠪᠠᠶᠠᠨᠨᠠᠭᠤᠷ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠰᠠᠯᠠᠭ᠎ᠠ
      ᠬᠠᠷᠢᠯᠴᠠᠬᠤ ᠬᠥᠮᠥᠨ᠄ ᠰᠢᠦᠢ ᠰᠢᠶᠣᠣ ᠶᠤᠸᠠᠨ
      ᠬᠠᠷᠢᠯᠴᠠᠬᠤ ᠤᠲᠠᠰᠤ᠄ (0478) 8527266
      ᠪᠠᠶᠠᠨᠨᠠᠭᠤᠷ᠎ᠤᠨ ᠲᠧᠭᠨᠢᠭᠴᠢ ᠵᠢᠨ ᠳᠡᠭᠡᠳᠦ ᠰᠤᠷᠭ᠋ᠠᠭᠤᠯᠢ
      ᠬᠠᠷᠢᠯᠴᠠᠬᠤ ᠬᠥᠮᠥᠨ᠄ ᠾᠧ ᠵᠢᠩ
      ᠬᠠᠷᠢᠯᠴᠠᠬᠤ ᠤᠲᠠᠰᠤ᠄ (0478) 7809678
      ᠥᠪᠥᠷ ᠮᠣᠩᠭᠣᠯ᠎ᠤᠨ ᠶᠤᠸᠠᠢ ᠵᠢᠶᠠ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠯᠠᠪᠯᠠᠭ᠎ᠠ ᠵᠢᠨ ᠬᠢᠵᠠᠭ᠋ᠠᠷᠲᠤ ᠺᠣᠮᠫᠠᠨᠢ
      ᠬᠠᠷᠢᠯᠴᠠᠬᠤ ᠬᠥᠮᠥᠨ᠄ ᠵᠢᠶᠠᠩ ᠵᠢᠨ ᠶᠠᠨ
      ᠬᠠᠷᠢᠯᠴᠠᠬᠤ ᠤᠲᠠᠰᠤ᠄ 13734817505
      ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ᠎ᠤᠨ ᠡᠯᠧᠺᠲᠷᠣᠨ ᠰᠢᠤᠳᠠᠨ ᠬᠠᠢ᠌ᠷᠴᠠᠭ᠄ nmgrstzjc@163.com
      ᠳᠠᠭ᠋ᠠᠯᠳᠤᠭᠤᠯᠤᠯ᠄ 1. ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠵᠣᠬᠢᠶᠠᠨ ᠪᠠᠢ᠌ᠭᠤᠯᠬᠤ ᠺᠣᠮᠢᠰ
      2. ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠬᠡᠷᠡᠭᠵᠢᠭᠦᠯᠬᠦ ᠲᠥᠰᠥᠯ ᠵᠢᠴᠢ ᠮᠡᠷᠭᠡᠵᠢᠯ᠎ᠤᠨ ᠳᠦᠷᠢᠮ
      3. ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠤᠷᠤᠯᠳᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠬᠣᠯᠪᠣᠭ᠋ᠠᠴᠢᠨ᠎ᠤ ᠮᠡᠳᠡᠭᠡ ᠵᠠᠩᠭᠢ ᠵᠢᠨ ᠬᠠᠷᠢᠭᠤ ᠪᠠᠷᠢᠮᠲᠠ
               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

              ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                    2024 ᠣᠨ᠎ᠤ 9 ᠰᠠᠷ᠎ᠠ ᠵᠢᠨ 11᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            