ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2024-10-09

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠎ᠳᠤ᠄
      《ᠨᠡᠢ᠌ᠭᠡᠮ᠎ᠤᠨ ᠳᠠᠭ᠋ᠠᠳᠬᠠᠯ᠎ᠤᠨ ᠬᠠᠤᠯᠢ》᠂ 《ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠲᠣᠭᠲᠠᠭ᠋ᠠᠯ ᠳᠦᠷᠢᠮ᠎ᠢ ᠭᠦᠨᠵᠡᠭᠡᠢ ᠲᠤᠭᠤᠰᠢᠯᠠᠭᠤᠯᠵᠤ ᠨᠠᠢ᠌ᠳᠠᠪᠤᠷᠢᠵᠢᠭᠤᠯᠤᠨ᠂ ᠠᠵᠢᠯ ᠠᠯᠳᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠪᠠᠲᠤᠯᠠᠬᠤ ᠵᠢᠨ ᠲᠥᠯᠥᠭᠡ᠂ ᠮᠠᠨ᠎ᠤ ᠣᠷᠣᠨ᠎ᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠳᠦᠭᠡ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠴᠤ ᠪᠠᠢ᠌ᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠴᠤ ᠪᠠᠢ᠌ᠭ᠎ᠠ ᠬᠤᠭᠤᠴᠠᠭ᠋ᠠᠨ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠲᠡᠭᠦᠨ᠎ᠢ ᠣᠷᠣᠯᠠᠨ ᠬᠢᠨᠠᠨ ᠬᠠᠷᠭᠤᠭᠤᠯᠵᠤ᠂ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠵᠠᠷᠤᠳᠠᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠭᠦᠨ᠎ᠡ᠂ ᠬᠡᠷᠡᠭᠰᠡᠬᠦ ᠪᠡᠯᠡ ᠮᠥᠩᠭᠥ ᠵᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠭᠠᠷᠭ᠋ᠠᠨ᠎ᠠ᠂ ᠬᠤᠪᠢ ᠬᠥᠮᠥᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠦᠭᠡᠢ᠂ ᠳᠠᠭ᠋ᠠᠳᠬᠠᠯ᠎ᠳᠤ ᠣᠷᠣᠯᠴᠠᠭᠰᠠᠨ᠎ᠤ ᠳᠠᠷᠠᠭ᠎ᠠ ᠳᠠᠷᠤᠢ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠡᠪ᠎ᠤᠨ ᠶᠣᠰᠣᠭ᠋ᠠᠷ ᠡᠳ᠋ᠯᠡᠨ᠎ᠡ᠃
      (ᠨᠢᠭᠡ) ᠰᠦᠢ᠍ᠳᠬᠡᠯ ᠲᠤᠰᠢᠶᠠᠬᠤ ᠰᠠᠭᠤᠷᠢ ᠲᠣᠭ᠎ᠠ᠃ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠰ᠎ᠢ ᠣᠷᠣᠯᠠᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠬᠦ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠭᠡᠷ᠎ᠡ ᠵᠢᠯ᠎ᠤᠨ ᠪᠥᠬᠥ ᠰᠢᠰᠲ᠋ᠧᠮ᠎ᠤᠨ ᠬᠣᠲᠠ ᠪᠠᠯᠭ᠋ᠠᠰᠤ ᠵᠢᠨ ᠨᠢᠭᠡᠴᠢ ᠵᠢᠨ ᠠᠵᠢᠯ ᠣᠯᠣᠭᠰᠠᠳ᠎ᠤᠨ ᠲᠡᠭᠰᠢᠳᠬᠡᠭᠰᠡᠨ ᠴᠠᠯᠢᠩ (ᠳᠠᠷᠤᠢ ᠨᠡᠢ᠌ᠭᠡᠮ᠎ᠤᠨ ᠠᠵᠢᠯᠲᠠᠨ ᠠᠵᠢᠯᠴᠢᠨ᠎ᠤ ᠲᠡᠭᠰᠢᠳᠬᠡᠭᠰᠡᠨ ᠴᠠᠯᠢᠩ᠂ ᠬᠡᠷᠪᠡ ᠰᠢᠨ᠎ᠡ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠲᠣᠭᠲᠠᠭ᠋ᠠᠨ᠎ᠠ)᠎ᠤᠨ 60%᠎ᠠᠴᠠ ᠳᠣᠣᠷ᠎ᠠ ᠪᠠᠢ᠌ᠯᠭ᠋ᠠᠬᠤ ᠦᠭᠡᠢ ᠬᠡᠮᠵᠢᠶ᠎ᠡ᠎ᠪᠠᠷ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠪᠣᠯᠭ᠋ᠠᠵᠤ᠂ ᠰᠠᠷ᠎ᠠ᠎ᠪᠠᠷ ᠬᠢᠨᠠᠨ ᠲᠣᠭᠲᠠᠭ᠋ᠠᠵᠤ᠂ ᠰᠦᠢ᠍ᠳᠬᠡᠯ ᠲᠤᠰᠢᠶᠠᠵᠤ ᠥᠭᠭᠦᠨ᠎ᠡ᠃ ᠲᠡᠷᠡᠴᠢᠯᠡᠨ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠵᠠᠷᠤᠳᠠᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠣᠷᠣᠯᠠᠨ ᠲᠤᠰᠢᠶᠠᠵᠤ ᠥᠭᠭᠦᠨ᠎ᠡ᠃
      (ᠬᠣᠶᠠᠷ) ᠰᠦᠢ᠍ᠳᠬᠡᠯ ᠲᠤᠰᠢᠶᠠᠬᠤ ᠬᠠᠷᠢᠴᠠᠯ᠃ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ᠎ᠤ ᠲᠣᠭᠲᠠᠭ᠋ᠠᠭᠰᠠᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠨᠢᠭᠡᠴᠢ ᠪᠠ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠬᠠᠷᠢᠴᠠᠯ᠂ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠵᠠᠷᠤᠳᠠᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠤᠨ ᠰᠦᠢ᠍ᠳᠬᠡᠯ ᠲᠤᠰᠢᠶᠠᠬᠤ ᠪᠠᠷᠢᠮᠵᠢᠶ᠎ᠠ ᠶᠣᠰᠣᠭ᠋ᠠᠷ ᠰᠦᠢ᠍ᠳᠬᠡᠯ ᠲᠤᠰᠢᠶᠠᠵᠤ᠂ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠤᠭᠤᠴᠠᠭ᠋ᠠᠨ᠎ᠳᠤ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ ᠵᠢ ᠭᠥᠷᠳᠡᠨ᠎ᠡ᠃
      (ᠭᠤᠷᠪᠠ) ᠣᠷᠣᠯᠠᠨ ᠲᠤᠰᠢᠶᠠᠬᠤ ᠬᠡᠯᠪᠡᠷᠢ᠃
      1. ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ᠎ᠠᠴᠠ ᠡᠮᠦᠨ᠎ᠡ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ᠎ᠪᠠᠨ ᠲᠦᠷ ᠵᠣᠭᠰᠣᠭᠰᠠᠨ ᠪᠠᠢ᠌ᠪᠠᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠤᠭᠰᠠᠨ᠎ᠤ ᠳᠠᠷᠠᠭ᠎ᠠ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠲᠡᠭᠦᠨ᠎ᠳᠤ ᠦᠷᠭᠦᠯᠵᠢᠯᠡᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠲᠤᠰᠢᠶᠠᠨ ᠥᠭᠴᠦ᠂ ᠰᠠᠷ᠎ᠠ ᠪᠦᠷᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠲᠠᠷᠬᠠᠭ᠋ᠠᠭᠰᠠᠨ᠎ᠤ ᠳᠠᠷᠠᠭ᠎ᠠ᠂ ᠰᠠᠷ᠎ᠠ ᠪᠦᠷᠢ ᠲᠡᠭᠦᠨ᠎ᠳᠤ ᠲᠤᠰᠢᠶᠠᠬᠤ ᠶᠣᠰᠣᠲᠠᠢ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠣᠷᠣᠯᠠᠨ ᠬᠠᠷᠭᠤᠭᠤᠯᠵᠤ ᠣᠷᠣᠯᠠᠨ ᠲᠤᠰᠢᠶᠠᠵᠤ ᠥᠭᠭᠦᠨ᠎ᠡ᠃
      2. ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ᠎ᠠᠴᠠ ᠡᠮᠦᠨ᠎ᠡ ᠲᠤᠰ ᠵᠢᠯ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠨᠢᠭᠡᠨᠲᠡ ᠲᠤᠰᠢᠶᠠᠭᠰᠠᠨ ᠪᠠᠢ᠌ᠪᠠᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠲᠡᠭᠦᠨ᠎ᠳᠤ ᠲᠤᠰ ᠵᠢᠯ᠎ᠤᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠠᠬᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠳᠠᠬᠢᠵᠤ ᠣᠷᠣᠯᠠᠨ ᠲᠤᠰᠢᠶᠠᠵᠤ ᠥᠭᠬᠦ ᠦᠭᠡᠢ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠴᠤ ᠪᠠᠢ᠌ᠭ᠎ᠠ ᠬᠥᠮᠥᠰ᠎ᠤᠨ ᠬᠤᠪᠢ ᠬᠥᠮᠥᠨ᠎ᠤ ᠲᠤᠰᠢᠶᠠᠭᠰᠠᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠠᠬᠢ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠪᠣᠯ ᠲᠤᠰ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠣᠨ ᠲᠡᠭᠦᠰᠦᠭᠰᠡᠨ ᠪᠤᠶᠤ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠳᠤ ᠰᠦᠢ᠍ᠳᠬᠡᠯ ᠲᠤᠰᠢᠶᠠᠭᠰᠠᠨ ᠪᠠᠷᠢᠮᠲᠠ᠎ᠪᠠᠨ ᠲᠤᠰᠢᠶᠠᠵᠤ ᠪᠤᠴᠠᠭ᠋ᠠᠨ ᠠᠪᠬᠤ᠎ᠪᠠᠷ ᠭᠤᠶᠤᠴᠢᠯᠠᠵᠤ ᠪᠣᠯᠣᠨ᠎ᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠨᠢ ᠣᠷᠣᠯᠠᠨ ᠲᠤᠰᠢᠶᠠᠬᠤ ᠶᠣᠰᠣᠲᠠᠢ ᠵᠣᠭᠣᠰ᠎ᠤᠨ ᠲᠣᠭ᠎ᠠ ᠵᠢᠨ ᠬᠡᠮᠵᠢᠶ᠎ᠡ᠎ᠪᠠᠷ ᠪᠤᠴᠠᠭ᠋ᠠᠨ᠎ᠠ᠂ ᠣᠷᠣᠯᠠᠨ ᠲᠤᠰᠢᠶᠠᠬᠤ ᠶᠣᠰᠣᠲᠠᠢ ᠬᠡᠰᠡᠭ᠎ᠠᠴᠠ ᠬᠡᠲᠦᠷᠡᠭᠰᠡᠨ ᠬᠡᠰᠡᠭ᠎ᠢ ᠬᠤᠪᠢ ᠬᠥᠮᠥᠨ ᠡᠭᠦᠷᠭᠡᠯᠡᠨ᠎ᠡ᠂ ᠣᠷᠣᠯᠠᠨ ᠲᠤᠰᠢᠶᠠᠬᠤ ᠶᠣᠰᠣᠲᠠᠢ ᠵᠣᠭᠣᠰ᠎ᠤᠨ ᠲᠣᠭ᠎ᠠ᠎ᠳᠤ ᠬᠦᠷᠦᠭᠰᠡᠨ ᠦᠭᠡᠢ ᠪᠠᠢ᠌ᠪᠠᠯ᠂ ᠪᠣᠳᠠᠲᠠᠢ ᠪᠠᠢ᠌ᠳᠠᠯ ᠵᠶ᠋ᠡᠷ᠎ᠨᠢ ᠪᠤᠴᠠᠭ᠋ᠠᠨ᠎ᠠ᠃
      3 . ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ᠎ᠠᠴᠠ ᠡᠮᠦᠨ᠎ᠡ ᠨᠢᠭᠡᠨᠲᠡ ᠬᠤᠪᠢ ᠬᠥᠮᠥᠨ ᠪᠦᠬᠦ ᠵᠢᠯ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠢ ᠬᠢᠨᠠᠨ ᠲᠣᠭᠲᠠᠭ᠋ᠠᠭᠰᠠᠨ ᠪᠣᠯᠪᠠᠴᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠦᠭᠡᠢ ᠪᠠᠢ᠌ᠪᠠᠯ᠂ ᠲᠤᠰ ᠵᠢᠯ᠎ᠤᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠴᠤ ᠪᠠᠢ᠌ᠬᠤ ᠬᠤᠭᠤᠴᠠᠭ᠋ᠠᠨ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠲᠡᠭᠦᠨ᠎ᠳᠤ ᠳᠠᠬᠢᠨ ᠬᠢᠨᠠᠨ ᠲᠣᠭᠲᠠᠭ᠋ᠠᠬᠤ ᠦᠭᠡᠢ᠂ ᠣᠷᠣᠯᠠᠨ ᠲᠤᠰᠢᠶᠠᠵᠤ ᠥᠭᠬᠦ ᠦᠭᠡᠢ᠂ ᠬᠢᠨᠠᠨ ᠲᠣᠭᠲᠠᠭ᠋ᠠᠭᠰᠠᠨ ᠮᠡᠳᠡᠭᠡ ᠵᠠᠩᠭᠢ ᠵᠢ ᠦᠨᠳᠦᠰᠦᠯᠡᠨ ᠰᠦᠢ᠍ᠳᠬᠡᠯ ᠲᠤᠰᠢᠶᠠᠬᠤ ᠵᠢ ᠱᠠᠭ᠋ᠠᠷᠳᠠᠨ᠎ᠠ᠃ ᠲᠤᠰ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠣᠨ ᠳᠠᠭᠤᠰᠤᠭᠰᠠᠨ ᠪᠤᠶᠤ ᠳᠠᠭ᠋ᠠᠳᠬᠠᠯ᠎ᠤᠨ ᠮᠥᠩᠭᠥ᠎ᠪᠠᠨ ᠠᠪᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠬᠤᠪᠢ ᠬᠥᠮᠥᠨ᠎ᠤ ᠲᠤᠰᠢᠶᠠᠬᠤ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠠᠬᠢ ᠣᠷᠣᠯᠠᠨ ᠲᠤᠰᠢᠶᠠᠵᠤ ᠥᠭᠬᠦ ᠶᠣᠰᠣᠲᠠᠢ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠳᠤ ᠰᠦᠢ᠍ᠳᠬᠡᠯ ᠲᠤᠰᠢᠶᠠᠭᠰᠠᠨ ᠪᠠᠷᠢᠮᠲᠠ᠎ᠪᠠᠨ ᠲᠤᠰᠢᠶᠠᠵᠤ ᠳᠠᠭ᠋ᠠᠳᠬᠠᠯ᠎ᠤᠨ ᠰᠦᠢ᠍ᠳᠬᠡᠯ ᠵᠶ᠋ᠡᠨ ᠪᠤᠴᠠᠭ᠋ᠠᠨ ᠠᠪᠬᠤ᠎ᠪᠠᠷ ᠭᠤᠶᠤᠴᠢᠯᠠᠵᠤ ᠪᠣᠯᠣᠨ᠎ᠠ᠂ ᠣᠷᠣᠯᠠᠨ ᠲᠤᠰᠢᠶᠠᠵᠤ ᠥᠭᠬᠦ ᠶᠣᠰᠣᠲᠠᠢ ᠬᠡᠰᠡᠭ᠎ᠠᠴᠠ ᠬᠡᠲᠦᠷᠡᠭᠰᠡᠨ ᠬᠡᠰᠡᠭ᠎ᠢ ᠬᠤᠪᠢ ᠬᠥᠮᠥᠨ ᠡᠭᠦᠷᠭᠡᠯᠡᠨ᠎ᠡ᠂ ᠣᠷᠣᠯᠠᠨ ᠲᠤᠰᠢᠶᠠᠵᠤ ᠥᠭᠬᠦ ᠶᠣᠰᠣᠲᠠᠢ ᠵᠣᠭᠣᠰ᠎ᠤᠨ ᠲᠣᠭ᠋ᠠᠨ᠎ᠳᠤ ᠬᠦᠷᠦᠭᠰᠡᠨ ᠦᠭᠡᠢ ᠪᠠᠢ᠌ᠪᠠᠯ᠂ ᠪᠣᠳᠠᠲᠤ ᠪᠠᠶ᠋ᠢᠳᠠᠯ᠎ᠢ ᠦᠨᠳᠦᠰᠦᠯᠡᠨ ᠪᠤᠴᠠᠭ᠋ᠠᠨ᠎ᠠ᠃
      4 . ᠠᠵᠢᠯ ᠠᠯᠳᠠᠭᠰᠠᠳ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠨᠢᠭᠡᠳᠦᠯᠲᠡᠢ ᠲᠥᠯᠥᠪᠵᠢᠭᠦᠯᠬᠦ ᠣᠷᠣᠨ ᠠᠯᠤᠰᠯᠠᠨ ᠬᠤᠪᠢ ᠬᠥᠮᠥᠨ ᠥᠪᠡᠷ ᠵᠶ᠋ᠡᠨ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠲᠤᠰᠢᠶᠠᠭᠰᠠᠨ ᠪᠣᠯ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠤᠭᠤᠴᠠᠭ᠋ᠠᠨ᠎ᠳᠤ᠂ ᠮᠥᠨ ᠬᠦ᠌ ᠤᠤᠯ᠎ᠤᠨ ᠠᠷᠭ᠎ᠠ ᠮᠠᠶᠢᠭ ᠵᠶ᠋ᠡᠷ ᠦᠷᠭᠦᠯᠵᠢᠯᠡᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠵᠢᠨ ᠬᠠᠮᠲᠤ ᠰᠦᠢ᠍ᠳᠬᠡᠯ ᠲᠤᠰᠢᠶᠠᠨ᠎ᠠ᠃ ᠬᠤᠪᠢ ᠬᠥᠮᠥᠨ᠎ᠤ ᠲᠤᠰᠢᠶᠠᠭᠰᠠᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠤ ᠣᠷᠣᠯᠠᠨ ᠲᠤᠰᠢᠶᠠᠵᠤ ᠥᠭᠬᠦ ᠶᠣᠰᠣᠲᠠᠢ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠨᠥᠬᠥᠪᠦᠷᠢ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ᠂ ᠲᠡᠭᠦᠨ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠲᠠᠷᠬᠠᠭ᠋ᠠᠭᠰᠠᠨ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠵᠦ ᠥᠭᠭᠦᠭᠰᠡᠨ ᠪᠠᠢ᠌ᠭᠤᠯᠤᠮᠵᠢ᠎ᠳᠤ ᠬᠦᠷᠴᠦ ᠰᠦᠢ᠍ᠳᠬᠡᠯ ᠲᠤᠰᠢᠶᠠᠭᠰᠠᠨ ᠪᠠᠷᠢᠮᠲᠠ᠎ᠪᠠᠨ ᠲᠤᠰᠢᠶᠠᠵᠤ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠯᠭ᠋ᠠᠬᠤ᠎ᠪᠠᠷ ᠭᠤᠶᠤᠴᠢᠯᠠᠵᠤ᠂ ᠣᠷᠣᠯᠠᠨ ᠲᠤᠰᠢᠶᠠᠵᠤ ᠥᠭᠬᠦ ᠶᠣᠰᠣᠲᠠᠢ ᠬᠡᠰᠡᠭ᠎ᠠᠴᠠ ᠬᠡᠲᠦᠷᠡᠭᠰᠡᠨ ᠬᠡᠰᠡᠭ᠎ᠢ ᠬᠤᠪᠢ ᠬᠥᠮᠥᠨ ᠡᠭᠦᠷᠭᠡᠯᠡᠨ᠎ᠡ᠂ ᠣᠷᠣᠯᠠᠨ ᠲᠤᠰᠢᠶᠠᠵᠤ ᠥᠭᠬᠦ ᠶᠣᠰᠣᠲᠠᠢ ᠵᠣᠭᠣᠰ᠎ᠤᠨ ᠲᠣᠭ᠎ᠠ᠎ᠳᠤ ᠬᠦᠷᠦᠭᠰᠡᠨ ᠦᠭᠡᠢ ᠪᠠᠢ᠌ᠪᠠᠯ᠂ ᠪᠣᠳᠠᠲᠠᠢ ᠪᠠᠢ᠌ᠳᠠᠯ᠎ᠢ᠎ᠨᠢ ᠦᠵᠡᠵᠦ ᠪᠤᠴᠠᠭ᠋ᠠᠨ᠎ᠠ᠃
      5. ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ᠎ᠠᠴᠠ ᠡᠮᠦᠨ᠎ᠡ ᠨᠢᠭᠡᠨᠲᠡ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠠᠴᠠ᠎ᠪᠠᠨ ᠠᠮᠠᠷᠠᠭᠰᠠᠨ ᠮᠥᠩᠭᠥ ᠣᠯᠭᠣᠮᠵᠢ ᠵᠢ ᠭᠥᠷᠳᠡᠭᠰᠡᠨ ᠪᠠᠢ᠌ᠪᠠᠯ᠂ ᠣᠷᠣᠯᠠᠨ ᠲᠤᠰᠢᠶᠠᠵᠤ ᠥᠭᠬᠦ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠵᠤ ᠥᠭᠬᠦ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠎ᠢ ᠳᠠᠬᠢᠵᠤ ᠡᠳ᠋ᠯᠡᠬᠦ ᠦᠭᠡᠢ᠃ ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠴᠤ ᠪᠠᠢ᠌ᠭ᠎ᠠ ᠬᠤᠭᠤᠴᠠᠭ᠋ᠠᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠠᠴᠠ᠎ᠪᠠᠨ ᠠᠮᠠᠷᠠᠭᠰᠠᠨ ᠮᠥᠩᠭᠥ ᠣᠯᠭᠣᠮᠵᠢ ᠵᠢ ᠬᠦᠷᠲᠡᠵᠦ ᠡᠬᠢᠯᠡᠭᠰᠡᠨ ᠪᠠᠢ᠌ᠪᠠᠯ᠂ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠠᠴᠠ᠎ᠪᠠᠨ ᠠᠮᠠᠷᠠᠭᠰᠠᠨ ᠮᠥᠩᠭᠥ ᠣᠯᠭᠣᠮᠵᠢ ᠵᠢ ᠬᠦᠷᠲᠡᠭᠰᠡᠨ ᠲᠤᠰ ᠰᠠᠷ᠎ᠠ᠎ᠠᠴᠠ ᠡᠬᠢᠯᠡᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠣᠷᠣᠯᠠᠨ ᠥᠭᠬᠦ ᠵᠢ ᠵᠣᠭᠰᠣᠭ᠋ᠠᠨ᠎ᠠ᠃ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯ᠎ᠠᠴᠠ᠎ᠪᠠᠨ ᠠᠮᠠᠷᠠᠭᠰᠠᠨ ᠮᠥᠩᠭᠥ ᠣᠯᠭᠣᠮᠵᠢ ᠵᠢ ᠭᠥᠷᠳᠡᠬᠦ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠵᠤ ᠥᠭᠬᠦ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠳᠠᠪᠬᠤᠷᠳᠠᠭᠤᠯᠤᠨ ᠬᠦᠷᠲᠡᠵᠦ ᠪᠣᠯᠬᠤ ᠦᠭᠡᠢ᠃
      ᠬᠣᠶᠠᠷ᠂ ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠠᠪᠬᠤ᠎ᠠᠴᠠ ᠡᠮᠦᠨ᠎ᠡ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠦᠭᠡᠢ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠵᠢᠴᠢ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠥᠪᠥᠷ ᠮᠣᠩᠭᠣᠯ ᠣᠷᠣᠨ᠎ᠳᠤ ᠪᠠᠶ᠋ᠢᠬᠤ ᠦᠭᠡᠢ ᠬᠥᠮᠥᠰ ᠳᠣᠣᠷᠠᠬᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
      (ᠨᠢᠭᠡ) ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠨ ᠠᠪᠬᠤ᠎ᠠᠴᠠ ᠡᠮᠦᠨ᠎ᠡ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ) ᠵᠢᠴᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠦᠭᠡᠢ ᠪᠠᠢ᠌ᠪᠠᠯ᠂ ᠲᠣᠰ ᠬᠥᠮᠥᠨ᠎ᠤ ᠵᠥᠪᠰᠢᠶᠡᠷᠡᠯ᠎ᠢ ᠠᠪᠤᠭᠰᠠᠨ᠎ᠤ ᠳᠠᠷᠠᠭ᠎ᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠨᠢᠭᠡᠳᠦᠯᠲᠡᠢ ᠲᠠᠩᠰᠠᠨ᠎ᠤ ᠪᠠᠷᠢᠮᠵᠢᠶ᠎ᠠ ᠶᠣᠰᠣᠭ᠋ᠠᠷ᠂ ᠲᠡᠭᠦᠨ᠎ᠳᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠬᠤ ᠭᠠᠷᠳᠠᠮ᠎ᠢ ᠭᠦᠢ᠍ᠴᠡᠳᠬᠡᠬᠦ ᠵᠢᠨ ᠬᠠᠮᠲᠤ᠂ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠬᠢᠨᠠᠨ ᠲᠣᠭᠲᠠᠭ᠋ᠠᠵᠤ ᠲᠤᠰᠢᠶᠠᠵᠤ ᠥᠭᠴᠦ ᠪᠣᠯᠣᠨ᠎ᠠ᠃
      (ᠬᠣᠶᠠᠷ) ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠨ ᠠᠪᠬᠤ᠎ᠠᠴᠠ ᠡᠮᠦᠨ᠎ᠡ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠪᠠᠢ᠌ᠪᠠᠯ᠂ ᠬᠡᠷᠪᠡ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠬᠦ ᠴᠢᠬᠤᠯᠠᠲᠠᠢ ᠪᠣᠯ ᠲᠣᠰ ᠬᠥᠮᠥᠨ᠎ᠨᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠬᠤ᠎ᠪᠠᠨ ᠵᠣᠭᠰᠣᠭ᠋ᠠᠭᠰᠠᠨ᠎ᠤ ᠳᠠᠷᠠᠭ᠎ᠠ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠢ ᠰᠢᠯᠵᠢᠭᠦᠯᠦᠨ ᠲᠤᠰᠢᠶᠠᠬᠤ᠎ᠪᠠᠷ ᠭᠤᠶᠤᠴᠢᠯᠠᠵᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠭᠤᠶᠤᠴᠢᠯᠠᠯ᠎ᠢ ᠣᠯᠣᠭᠰᠠᠨ ᠲᠡᠷᠡ ᠰᠠᠷ᠎ᠠ᠎ᠠᠴᠠ ᠡᠬᠢᠯᠡᠨ ᠲᠡᠭᠦᠨ᠎ᠳᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠬᠤ ᠭᠠᠷᠳᠠᠮ᠎ᠢ ᠭᠦᠢ᠍ᠴᠡᠳᠬᠡᠵᠦ ᠥᠭᠬᠦ ᠵᠢᠨ ᠬᠠᠮᠲᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠬᠢᠨᠠᠨ ᠲᠣᠭᠲᠠᠭ᠋ᠠᠵᠤ᠂ ᠲᠤᠰᠢᠶᠠᠵᠤ ᠥᠭᠭᠦᠨ᠎ᠡ᠃
      (ᠭᠤᠷᠪᠠ) ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠨ ᠠᠪᠬᠤ᠎ᠠᠴᠠ ᠡᠮᠦᠨ᠎ᠡ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠭᠠᠵᠠᠷ ᠣᠷᠣᠨ᠎ᠳᠤ ᠰᠢᠯᠵᠢᠭᠦᠯᠦᠭᠰᠡᠨ ᠪᠠᠢ᠌ᠪᠠᠯ᠂ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠯᠵᠢᠭᠦᠯᠦᠨ ᠠᠪᠴᠢᠷᠠᠬᠤ ᠬᠡᠷᠡᠭᠳᠡᠢ ᠪᠥᠭᠡᠳ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠮᠡᠳᠡᠭᠳᠡᠬᠦ ᠴᠢᠬᠤᠯᠠᠲᠠᠢ᠂ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠮᠡᠳᠡᠭᠳᠡᠯ᠎ᠢ ᠣᠯᠣᠭᠰᠠᠨ ᠲᠡᠷᠡ ᠰᠠᠷ᠎ᠠ᠎ᠠᠴᠠ ᠡᠬᠢᠯᠡᠨ ᠲᠡᠭᠦᠨ᠎ᠳᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠬᠤ ᠭᠠᠷᠳᠠᠮ᠎ᠢ ᠭᠦᠢ᠍ᠴᠡᠳᠬᠡᠵᠦ ᠥᠭᠬᠦ ᠵᠢᠨ ᠬᠠᠮᠲᠤ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ ᠬᠢᠨᠠᠨ ᠲᠣᠭᠲᠠᠭ᠋ᠠᠵᠤ᠂ ᠲᠤᠰᠢᠶᠠᠵᠤ ᠥᠭᠭᠦᠨ᠎ᠡ᠃
      ᠠᠵᠢᠯ ᠠᠯᠳᠠᠭᠰᠠᠳ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂ ᠳᠠᠬᠢᠨ ᠠᠵᠢᠯ ᠣᠯᠣᠭᠰᠠᠨ ᠪᠠᠢ᠌ᠪᠠᠯ᠂ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠨ᠎ᠠ; ᠠᠵᠢᠯ ᠣᠯᠣᠭᠰᠠᠨ ᠦᠭᠡᠢ ᠪᠠᠢ᠌ᠪᠠᠯ᠂ ᠰᠠᠶ᠋ᠢᠨ ᠳᠤᠷ᠎ᠠ ᠵᠢᠨ ᠵᠠᠷᠴᠢᠮ ᠶᠣᠰᠣᠭ᠋ᠠᠷ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠤᠪᠢ᠎ᠪᠠᠷ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠵᠤ ᠪᠣᠯᠬᠤ ᠪᠥᠭᠡᠳ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ ᠰᠠᠷ᠎ᠠ ᠵᠢᠨ 15 ᠡᠳᠦᠷ᠎ᠠᠴᠠ ᠰᠡᠭᠦᠯᠡᠷ ᠲᠤᠰ ᠬᠥᠮᠥᠨ᠎ᠤ ᠪᠠᠢ᠌ᠭ᠎ᠠ ᠨᠡᠢ᠌ᠭᠡᠮ ᠲᠣᠭᠣᠷᠢᠭ᠂ ᠬᠡᠷᠡᠭ ᠡᠷᠬᠢᠯᠡᠬᠦ ᠭᠠᠵᠠᠷ᠎ᠲᠤ ᠬᠦᠷᠴᠦ ᠬᠢᠨᠠᠨ ᠲᠣᠭᠲᠠᠭ᠋ᠠᠯᠭ᠋ᠠᠵᠤ᠂ ᠰᠦᠢ᠍ᠳᠬᠡᠯ ᠲᠤᠰᠢᠶᠠᠵᠤ ᠪᠣᠯᠣᠨ᠎ᠠ᠃
      ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
     

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ
                            2024 ᠣᠨ᠎ᠤ 8 ᠰᠠᠷ᠎ᠠ ᠵᠢᠨ 14᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            