ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠠᠷᠠᠯᠵᠢᠶ᠎ᠠ ᠵᠢᠨ ᠥᠪᠥᠷ ᠮᠣᠩᠭᠣᠯ᠎ᠤᠨ ᠬᠢᠵᠠᠭ᠋ᠠᠷᠲᠤ ᠺᠣᠮᠫᠠᠨᠢ ᠵᠡᠷᠭᠡ ᠨᠢᠭᠡᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ᠎ᠪᠠᠷ ᠳᠠᠩᠰᠠᠯᠠᠭᠤᠯᠬᠤ ᠪᠠ ᠭᠥᠸᠧ ᠨᠧᠩ ᠲᠡᠮᠦᠷ ᠵᠠᠮ᠎ᠤᠨ ᠲᠣᠨᠣᠭ ᠲᠥᠬᠦᠭᠡᠷᠦᠮᠵᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠦᠨᠡᠯᠡᠬᠦ ᠪᠠᠢ᠌ᠭᠤᠯᠤᠮᠵᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠵᠤ ᠦᠨᠡᠯᠡᠬᠦ ᠬᠦᠷᠢᠶ᠎ᠡ ᠬᠡᠪᠴᠢᠶ᠎ᠡ᠎ᠳᠤ ᠲᠣᠬᠢᠷᠠᠭᠤᠯᠤᠯᠲᠠ ᠬᠢᠬᠦ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-12-09

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠂ ᠳᠡᠭᠡᠳᠦ ᠰᠤᠷᠭ᠋ᠠᠭᠤᠯᠢ᠂ ᠨᠡᠢ᠌ᠭᠡᠮ᠎ᠤᠨ ᠪᠣᠯᠪᠠᠰᠤᠷᠠᠯ᠎ᠤᠨ ᠦᠨᠡᠯᠡᠯᠲᠡ ᠵᠢᠨ ᠵᠣᠬᠢᠶᠠᠨ ᠪᠠᠢ᠌ᠭᠤᠯᠤᠯᠲᠠ᠎ᠳᠤ᠄

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠠᠵᠢᠯ ᠥᠷᠨᠢᠭᠦᠯᠬᠦ᠎ᠪᠠᠷ ᠭᠤᠶᠤᠴᠢᠯᠠᠭᠰᠠᠨ ᠨᠢᠭᠡᠴᠢ᠎ᠳᠤ ᠳᠠᠩᠰᠠᠯᠠᠭᠤᠯᠤᠨ ᠬᠠᠮᠢᠶᠠᠷᠬᠤ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠥᠪᠥᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2020] 45 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ ᠪᠣᠯᠣᠨ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ᠎ᠪᠠᠷ ᠰᠢᠨ᠎ᠡ᠎ᠪᠠᠷ ᠳᠠᠩᠰᠠᠯᠠᠭᠤᠯᠬᠤ᠎ᠪᠠᠷ ᠭᠤᠶᠤᠴᠢᠯᠠᠭᠰᠠᠨ 13 ᠨᠢᠭᠡᠴᠢ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠵᠤ ᠦᠨᠡᠯᠡᠬᠦ ᠬᠦᠷᠢᠶ᠎ᠡ ᠬᠡᠪᠴᠢᠶ᠎ᠡ᠎ᠳᠤ ᠲᠣᠬᠢᠷᠠᠭᠤᠯᠤᠯᠲᠠ ᠬᠢᠬᠦ᠎ᠪᠠᠷ ᠭᠤᠶᠤᠴᠢᠯᠠᠭᠰᠠᠨ 22 ᠦᠨᠡᠯᠡᠬᠦ ᠪᠠᠢ᠌ᠭᠤᠯᠤᠮᠵᠢ᠎ᠳᠤ ᠲᠣᠰ ᠲᠣᠰ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢᠴᠢ ᠥᠪᠥᠷ ᠮᠣᠩᠭᠣᠯ᠎ᠤᠨ ᠵᠢᠭᠤᠯᠴᠢᠯᠠᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠠᠴᠠ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠭᠰᠠᠨ᠎ᠤ ᠲᠠᠷᠠᠭ᠎ᠠ ᠳᠠᠩᠰᠠᠯᠠᠭᠤᠯᠬᠤ ᠬᠢᠷᠢ ᠬᠡᠮ ᠵᠶ᠋ᠠᠨ ᠤᠷᠲᠤᠳᠬᠠᠬᠤ ᠭᠤᠶᠤᠴᠢᠯᠠᠯᠲᠠ᠎ᠳᠤ ᠦᠨᠡᠯᠡᠨ ᠵᠢᠱ᠌ᠢᠯᠲᠡ ᠬᠢᠬᠦ᠎ᠪᠠᠷ ᠳᠠᠮᠵᠢᠨ᠂ ᠡᠳᠦᠭᠡ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠢ᠌ᠲᠡᠯᠡᠪᠡ (ᠳᠠᠭ᠋ᠠᠯᠳᠤᠭᠤᠯᠤᠯ᠎ᠳᠤ ᠨᠠᠷᠢᠪᠴᠢᠯᠠᠨ ᠦᠵᠡᠭᠡᠷᠡᠢ)᠃ ᠡᠭᠦᠨ᠎ᠤ ᠬᠠᠮᠲᠤ᠂ ᠥᠪᠥᠷ ᠮᠣᠩᠭᠣᠯ᠎ᠤᠨ ᠸᠧᠢ ᠰᠢᠨ ᠠᠮᠤᠷ᠎ᠢ ᠬᠠᠮᠠᠭ᠋ᠠᠯᠠᠬᠤ ᠪᠣᠯᠪᠠᠰᠤᠷᠠᠯ᠎ᠤᠨ ᠦᠢ᠍ᠯᠡᠴᠢᠯᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ 3 ᠦᠨᠡᠯᠡᠬᠦ ᠪᠠᠢ᠌ᠭᠤᠯᠤᠮᠵᠢ ᠵᠢᠨ ᠳᠠᠩᠰᠠᠯᠠᠭᠤᠯᠬᠤ ᠬᠢᠷᠢ ᠬᠡᠮ᠎ᠢ᠎ᠨᠢ ᠵᠣᠭᠰᠣᠭ᠋ᠠᠨ᠎ᠠ᠃ ᠡᠳᠦᠭᠡ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ᠎ᠳᠤ ᠳᠣᠣᠷᠠᠬᠢ ᠮᠡᠲᠦ ᠱᠠᠭ᠋ᠠᠷᠳᠠᠯᠭ᠎ᠠ ᠳᠤᠷᠠᠳᠪᠠ᠂ ᠬᠠᠮᠲᠤ᠎ᠳᠤᠨᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃

      ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠠᠷᠢᠶᠠᠲᠤ ᠣᠷᠣᠨ᠎ᠤ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠵᠠᠰᠠᠭ᠎ᠤᠨ ᠣᠷᠳᠣᠨ᠎ᠠᠴᠠ ᠬᠢᠨᠠᠨ ᠬᠠᠮᠢᠶᠠᠷᠬᠤ᠂ ᠪᠠᠢ᠌ᠭᠤᠯᠤᠮᠵᠢ᠎ᠨᠢ ᠥᠪᠡᠷ᠎ᠢ᠎ᠪᠠᠨ ᠱᠠᠭ᠋ᠠᠷᠳᠠᠬᠤ᠂ ᠨᠡᠢ᠌ᠭᠡᠮ ᠨᠠᠢ᠌ᠳᠠ᠎ᠠᠴᠠ ᠬᠢᠨᠠᠯᠲᠠ ᠲᠠᠯᠪᠢᠬᠤ᠂ ᠤᠯᠠᠨ ᠨᠠᠢ᠌ᠳᠠ᠎ᠪᠠᠷ ᠵᠶ᠋ᠡᠨ ᠣᠷᠣᠯᠴᠠᠬᠤ ᠠᠵᠢᠯ᠎ᠤᠨ ᠲᠣᠭᠲᠠᠴᠠ ᠵᠢ ᠢᠳᠡᠪᠬᠢᠲᠡᠢ ᠪᠠᠢ᠌ᠭᠤᠯᠵᠤ᠂ ᠦᠨᠡᠯᠡᠬᠦ ᠪᠠᠢ᠌ᠭᠤᠯᠤᠮᠵᠢ ᠵᠢᠨ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃

      ᠬᠣᠶᠠᠷ᠂ ᠡᠯ᠎ᠡ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ᠎ᠨᠢ ᠳᠡᠩᠰᠡᠯᠡᠵᠦ ᠨᠡᠢ᠌ᠲᠡᠯᠡᠭᠰᠡᠨ ᠠᠵᠢᠯ ᠮᠡᠷᠭᠡᠵᠢᠯ (ᠠᠵᠢᠯ ᠲᠥᠷᠥᠯ)᠎ᠤᠨ ᠬᠡᠪᠴᠢᠶᠡᠨ ᠳᠣᠲᠣᠷ᠎ᠠ᠂ 《ᠬᠡᠨ ᠦᠨᠡᠯᠡᠪᠡᠯ ᠬᠡᠨ ᠦᠨᠡᠮᠯᠡᠯ ᠣᠯᠭᠣᠵᠤ ᠬᠡᠨ ᠬᠠᠷᠢᠭᠤᠴᠠᠬᠤ》 ᠵᠠᠷᠴᠢᠮ᠎ᠤᠨ ᠶᠣᠰᠣᠭ᠋ᠠᠷ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠦᠨᠡᠯᠡᠯᠲᠡ ᠬᠢᠵᠦ ᠪᠠᠢ᠌ᠭ᠎ᠠ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠶ᠃

      ᠭᠤᠷᠪᠠ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ ᠵᠢᠨ ᠨᠡᠷᠡᠰ ᠪᠠ ᠦᠨᠡᠯᠡᠬᠦ ᠪᠠᠢ᠌ᠭᠤᠯᠤᠮᠵᠢ ᠵᠢᠨ ᠦᠨᠡᠯᠡᠯᠲᠡ ᠬᠢᠬᠦ ᠠᠵᠢᠯ ᠮᠡᠷᠭᠡᠵᠢᠯ (ᠠᠵᠢᠯ ᠲᠥᠷᠥᠯ)᠂ ᠵᠡᠷᠭᠡ ᠳᠡᠰ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ (pjjg.osta.org.cn) ᠳᠡᠭᠡᠷ᠎ᠡ ᠨᠡᠢ᠌ᠲᠡᠯᠡᠵᠦ᠂ ᠬᠥᠳᠡᠯᠦᠩᠭᠦᠢ᠎ᠪᠠᠷ ᠲᠣᠬᠢᠷᠠᠭᠤᠯᠬᠤ ᠵᠢ ᠬᠡᠷᠡᠭᠵᠢᠭᠦᠯᠦᠨ᠎ᠡ᠃ ᠵᠢᠷᠤᠮᠵᠢᠭᠤᠯᠤᠨ ᠮᠠᠭ᠋ᠠᠳᠯᠠᠨ ᠲᠣᠭᠲᠠᠭ᠋ᠠᠬᠤ᠎ᠪᠠᠷ ᠳᠡᠮᠵᠢᠨ ᠣᠯᠣᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠤᠨ ᠦᠨᠡᠮᠯᠡᠯ᠎ᠢ ᠤᠷ᠎ᠠ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ (jndj.osta.org.cn)᠎ᠠᠴᠠ ᠪᠠᠢ᠌ᠴᠠᠭ᠋ᠠᠨ ᠯᠠᠪᠯᠠᠬᠤ ᠵᠢᠨ ᠬᠠᠮᠲᠤ ᠤᠷ᠎ᠠ ᠴᠢᠳᠠᠪᠤᠷᠢᠲᠠᠨ᠎ᠤ ᠲᠣᠭ᠎ᠠ ᠪᠦᠷᠢᠳᠬᠡᠯ᠎ᠤᠨ ᠬᠡᠪᠴᠢᠶᠡᠨ᠎ᠳᠤ ᠣᠷᠣᠭᠤᠯᠤᠨ᠎ᠠ᠃

      ᠳᠥᠷᠪᠡ᠂ ᠳᠠᠩᠰᠠᠯᠠᠭᠤᠯᠬᠤ ᠵᠢ ᠵᠣᠭᠰᠣᠭ᠋ᠠᠭᠰᠠᠨ ᠦᠨᠡᠯᠡᠬᠦ ᠪᠠᠢ᠌ᠭᠤᠯᠤᠮᠵᠢ᠎ᠨᠢ᠂ ᠦᠨᠡᠯᠡᠬᠦ ᠪᠠᠢ᠌ᠭᠤᠯᠤᠮᠵᠢ ᠵᠢᠨ ᠫᠤᠷᠲᠸᠯ ᠰᠦᠯᠵᠢᠶ᠎ᠡ ᠵᠡᠷᠭᠡ ᠥᠪᠡᠷ᠎ᠤᠨ ᠤᠬᠠᠭᠤᠯᠭ᠎ᠠ ᠵᠢᠨ ᠠᠷᠭ᠎ᠠ ᠵᠠᠮ᠂ ᠪᠠᠢ᠌ᠭᠤᠯᠤᠮᠵᠢ ᠵᠢᠨ ᠡᠵᠡᠩᠨᠡᠯᠲᠡ ᠵᠢᠨ ᠲᠠᠯᠠᠪᠤᠷ ᠭᠠᠵᠠᠷ᠎ᠤᠨ ᠢᠯᠡᠷᠬᠡᠢ ᠣᠷᠣᠨ ᠪᠠᠶ᠋ᠢᠷᠢ᠎ᠳᠤ ᠳᠠᠩᠰᠠᠯᠠᠭᠤᠯᠬᠤ ᠵᠢ ᠵᠣᠭᠰᠣᠭ᠋ᠠᠭᠰᠠᠨ ᠬᠣᠯᠪᠣᠭᠳᠠᠯ ᠪᠦᠬᠦᠢ ᠪᠠᠶ᠋ᠢᠳᠠᠯ᠎ᠢ ᠦᠷᠭᠦᠯᠵᠢᠯᠡᠨ ᠢᠯᠡ ᠨᠡᠢ᠌ᠲᠡᠯᠡᠬᠦ ᠵᠢᠨ ᠬᠠᠮᠲᠤ᠂ ᠰᠢᠯᠭ᠋ᠠᠯᠲᠠ᠎ᠳᠤ ᠨᠡᠷ᠎ᠡ ᠮᠡᠳᠡᠭᠦᠯᠬᠦ ᠠᠵᠢᠯ᠎ᠢ ᠵᠣᠭᠰᠣᠭ᠋ᠠᠵᠤ᠂ ᠬᠠᠷᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠶᠣᠰᠣᠭ᠋ᠠᠷ᠂ ᠲᠣᠭᠲᠠᠭᠰᠠᠨ ᠴᠠᠭ ᠬᠤᠭᠤᠴᠠᠭ᠎ᠠ ᠵᠢᠨ ᠳᠣᠲᠣᠷ᠎ᠠ ᠰᠡᠭᠦᠯ ᠬᠤᠷᠢᠶᠠᠬᠤ ᠠᠵᠢᠯ᠎ᠢ ᠳᠠᠭᠤᠰᠬᠠᠵᠤ᠂ ᠲᠣᠭᠲᠠᠭ᠋ᠠᠯ᠎ᠳᠤ ᠨᠡᠢ᠌ᠴᠡᠭᠰᠡᠨ ᠲᠣᠭ᠎ᠠ ᠪᠠᠷᠢᠮᠲᠠ ᠵᠢ ᠳᠡᠭᠡᠭᠰᠢ ᠮᠡᠳᠡᠭᠦᠯᠬᠦ ᠬᠡᠷᠡᠭᠲᠡᠶ᠃

      ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ ᠵᠢᠨ ᠰᠢᠨ᠎ᠡ᠎ᠪᠠᠷ ᠨᠡᠮᠡᠭᠳᠡᠭᠰᠡᠨ ᠳᠠᠩᠰᠠᠯᠠᠭᠤᠯᠬᠤ ᠨᠡᠷᠡᠰ

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠵᠤ ᠦᠨᠡᠯᠡᠬᠦ ᠬᠦᠷᠢᠶ᠎ᠡ ᠬᠡᠪᠴᠢᠶ᠎ᠡ᠎ᠳᠤ ᠲᠣᠬᠢᠷᠠᠭᠤᠯᠤᠯᠲᠠ ᠬᠢᠬᠦ ᠨᠡᠷᠡᠰ

      3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ ᠵᠢᠨ ᠳᠠᠩᠰᠠᠯᠠᠭᠤᠯᠤᠯᠲᠠ ᠵᠢ ᠵᠣᠭᠰᠣᠭ᠋ᠠᠭᠰᠠᠨ ᠨᠡᠷᠡᠰ

      4. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠪᠠᠢ᠌ᠭᠤᠯᠤᠮᠵᠢ ᠵᠢᠨ ᠳᠠᠩᠰᠠᠯᠠᠭᠤᠯᠤᠯᠲᠠ ᠵᠢ ᠤᠷᠲᠤᠳᠬᠠᠭᠰᠠᠨ ᠨᠡᠷᠡᠰ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

      2024 ᠣᠨ᠎ᠤ 11 ᠰᠠᠷ᠎ᠠ ᠵᠢᠨ 20᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            