ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-06-20

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠵᠢᠯᠲᠠᠨ᠎ᠤ ᠶᠠᠪᠤᠳᠠᠯ (ᠺᠠᠳ᠋ᠷ)᠎ᠤᠨ ᠭᠠᠵᠠᠷ᠂ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠤ᠄
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ ᠵᠢ ᠦᠨᠡᠯᠡᠬᠦ ᠠᠷᠭ᠎ᠠ (ᠲᠤᠷᠰᠢᠨ ᠬᠡᠷᠡᠭᠵᠢᠭᠦᠯᠬᠦ)》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2023] 51 ᠳ᠋ᠦ᠍ᠭᠡᠷ ᠲᠣᠭ᠋ᠠᠲᠤ) ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2024] 85 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠡᠯ᠎ᠡ ᠮᠤᠵᠢ ᠬᠣᠲᠠ ᠵᠢᠨ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠲᠡᠷᠢᠭᠦᠨ᠎ᠤ ᠲᠤᠷᠰᠢᠯᠭ᠎ᠠ᠎ᠲᠠᠢ ᠤᠶᠠᠯᠳᠤᠭᠤᠯᠤᠨ᠂ ᠨᠠᠷᠢᠨ ᠬᠢᠨᠠᠮᠠᠭ᠋ᠠᠢ ᠰᠤᠳᠤᠯᠤᠨ ᠲᠣᠭᠲᠠᠭ᠋ᠠᠬᠤ᠎ᠪᠠᠷ ᠳᠡᠮᠵᠢᠨ᠂ 2024 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ᠎ᠳᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠨᠢᠭᠤᠷᠲᠠᠨ ᠰᠢᠯᠭ᠋ᠠᠵᠤ ᠬᠠᠷᠢᠭᠤ ᠮᠠᠷᠭᠤᠬᠤ ᠵᠢ ᠤᠶᠠᠯᠳᠤᠭᠤᠯᠤᠭᠰᠠᠨ ᠦᠨᠡᠯᠡᠬᠦ ᠬᠡᠯᠪᠡᠷᠢ ᠵᠢ ᠬᠡᠷᠡᠭᠵᠢᠭᠦᠯᠦᠨ᠎ᠡ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠬᠦ ᠨᠥᠬᠥᠴᠡᠯ
      (ᠨᠢᠭᠡ) ᠰᠤᠷᠤᠯᠭ᠎ᠠ ᠵᠢᠨ ᠨᠠᠮᠲᠠᠷ ᠪᠣᠯᠣᠨ ᠬᠢᠷᠢ ᠬᠡᠮ᠎ᠤᠨ ᠱᠠᠭ᠋ᠠᠷᠳᠠᠯᠭ᠎ᠠ
      ᠭᠤᠶᠤᠴᠢᠯᠠᠨ ᠮᠡᠳᠡᠭᠦᠯᠦᠭᠰᠡᠳ ᠡᠷᠬᠡᠪᠰᠢ ᠡᠯ᠎ᠡ ᠲᠥᠷᠥᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ᠂ ᠬᠤᠪᠢ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠤ ᠠᠵᠤ ᠠᠬᠤᠢ ᠵᠢᠨ ᠠᠵᠢᠯ ᠬᠢᠵᠦ ᠪᠠᠢ᠌ᠭ᠎ᠠ ᠠᠵᠢᠯ᠎ᠤᠨ ᠪᠠᠶ᠋ᠢᠷᠢ᠎ᠳᠠᠭᠠᠨ ᠪᠠᠢ᠌ᠭ᠎ᠠ ᠲᠤᠰᠬᠠᠢ ᠮᠡᠷᠭᠡᠵᠢᠯ᠎ᠤᠨ ᠠᠵᠢᠯᠲᠠᠨ ᠪᠠᠶ᠋ᠢᠬᠤ ᠬᠡᠷᠡᠭᠲᠡᠶ᠂ ᠡᠷᠬᠡᠪᠰᠢ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠤᠶᠤ ᠤᠶᠤᠨᠳᠠᠨ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ᠎ᠲᠠᠢ ᠪᠠᠶ᠋ᠢᠬᠤ ᠬᠡᠷᠡᠭᠲᠡᠶ ᠪᠥᠭᠡᠳ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠣᠯᠣᠭᠰᠠᠨ᠎ᠤ ᠳᠠᠷᠠᠭ᠎ᠠ᠂ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠭᠰᠡᠨ ᠬᠠᠮᠢᠶ᠎ᠠ ᠪᠦᠬᠦᠢ ᠠᠵᠢᠯ᠎ᠢ ᠬᠢᠭᠡᠳ ᠪᠦᠬᠦᠯᠢ 5 ᠵᠢᠯ ᠪᠣᠯᠤᠭᠰᠠᠨ ᠪᠠᠶ᠋ᠢᠬᠤ ᠬᠡᠷᠡᠭᠲᠡᠶ᠃
      (ᠬᠣᠶᠠᠷ) ᠴᠢᠳᠠᠪᠤᠷᠢ ᠠᠵᠢᠯ᠎ᠤᠨ ᠠᠮᠵᠢᠯᠲᠠ ᠵᠢᠨ ᠱᠠᠭ᠋ᠠᠷᠳᠠᠯᠭ᠎ᠠ
      2024 ᠣᠨ᠎ᠤ ᠵᠢᠩᠬᠢᠨᠢ ᠳᠡᠭᠡᠳᠦ ᠲᠠᠰ᠎ᠤᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠠᠨᠨ ᠲᠣᠭᠲᠠᠭ᠋ᠠᠯᠭ᠋ᠠᠬᠤ᠎ᠳᠤ ᠣᠷᠣᠯᠴᠠᠭᠰᠠᠨ ᠲᠤᠰᠬᠠᠢ ᠮᠡᠷᠭᠡᠵᠢᠯ᠎ᠤᠨ ᠠᠵᠢᠯᠲᠠᠨ᠂ ᠲᠤᠰᠬᠠᠢ ᠮᠡᠷᠭᠡᠵᠢᠯ᠎ᠤᠨ ᠤᠨᠤᠯ᠎ᠤᠨ ᠬᠢᠷᠢ ᠲᠦᠪᠰᠢᠨ᠂ ᠠᠵᠢᠯ᠎ᠤᠨ ᠴᠢᠳᠠᠪᠤᠷᠢ᠂ ᠠᠵᠢᠯ᠎ᠤᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ᠎ᠤᠨ ᠲᠤᠬᠠᠢ ᠱᠠᠭ᠋ᠠᠷᠳᠠᠯᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠰᠢᠷᠢᠰ ᠲᠤᠰᠬᠠᠢ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ᠎ᠢ ᠳᠠᠷᠤᠮᠠᠯᠯᠠᠨ ᠲᠠᠷᠬᠠᠭ᠋ᠠᠬᠤ ᠲᠤᠬᠠᠢ》 (ᠥᠪᠥᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠪᠠ [2021] 28 ᠳ᠋ᠤᠭ᠋ᠠᠷ ᠲᠣᠭ᠋ᠠᠲᠤ) ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠡᠵᠡᠮᠳᠡᠨ᠎ᠡ᠃
      (ᠭᠤᠷᠪᠠ) ᠦᠷᠭᠦᠯᠵᠢᠯᠡᠯ ᠰᠤᠷᠭ᠋ᠠᠨ ᠬᠥᠮᠦᠵᠢᠯ᠎ᠤᠨ ᠱᠠᠭ᠋ᠠᠷᠳᠠᠯᠭ᠎ᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2023] 204 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠭᠤᠶᠤᠴᠢᠯᠠᠨ ᠮᠡᠳᠡᠭᠦᠯᠦᠭᠰᠡᠳ᠎ᠨᠢ ᠥᠪᠡᠷ᠎ᠲᠡᠭᠡᠨ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (www.nmgrck.cn) ᠵᠢᠨ ᠲᠠᠪᠴᠠᠩ᠎ᠳᠤ ᠭᠠᠷᠴᠤ ᠬᠢᠨᠠᠨ ᠰᠢᠯᠭ᠋ᠠᠭᠰᠠᠨ ᠺᠠᠷᠲ ᠵᠶ᠋ᠠᠨ ᠳᠠᠷᠤᠮᠠᠯᠯᠠᠨ᠎ᠠ᠃
      (ᠳᠥᠷᠪᠡ) ᠪᠤᠰᠤᠳ ᠱᠠᠭ᠋ᠠᠷᠳᠠᠯᠭ᠎ᠠ
      ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠰᠠᠭ᠋ᠠᠳ ᠦᠭᠡᠢ ᠨᠡᠪᠲᠡᠷᠡᠬᠦ ᠵᠠᠮ᠎ᠤᠨ ᠲᠥᠷᠥ ᠵᠢᠨ ᠪᠣᠳᠣᠯᠭ᠎ᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠤᠨ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠲᠤᠬᠠᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ᠂ ᠨᠠᠢ᠌ᠳᠠ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠲᠤᠬᠠᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠦᠢ᠍ᠯᠡᠰ᠎ᠤᠨ ᠬᠥᠭᠵᠢᠯᠲᠡ ᠵᠢ ᠨᠡᠪᠲᠡᠷᠡᠭᠦᠯᠬᠦ ᠲᠥᠷᠥ ᠵᠢᠨ ᠪᠣᠳᠣᠯᠭ᠎ᠠ᠂ ᠮᠡᠷᠭᠡᠵᠢᠯ᠎ᠤᠨ ᠴᠣᠯᠠ ᠵᠢᠨ ᠳᠦᠷᠢᠮ ᠬᠢᠭᠡᠳ ᠠᠵᠢᠯ ᠮᠡᠷᠭᠡᠵᠢᠯ᠎ᠤᠨ ᠬᠢᠷᠢ ᠬᠡᠮ᠎ᠢ ᠪᠦᠲᠦᠮᠵᠢᠲᠡᠢ ᠵᠣᠯᠭ᠋ᠠᠭᠤᠯᠬᠤ ᠲᠥᠷᠥ ᠵᠢᠨ ᠪᠣᠳᠣᠯᠭ᠎ᠠ᠂ ᠰᠢᠷᠢᠰ ᠰᠣᠯᠢᠵᠤ ᠬᠢᠨᠠᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠡᠷᠭᠡ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2024] 85 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃
      ᠬᠣᠶᠠᠷ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠬᠤ ᠴᠠᠭ᠎ᠤᠨ ᠬᠢᠵᠠᠭ᠋ᠠᠷ
      ᠮᠡᠷᠭᠡᠵᠢᠯ᠎ᠤᠨ ᠴᠣᠯᠠ ᠵᠢ ᠮᠡᠳᠡᠭᠦᠯᠦᠭᠰᠡᠨ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠣᠨ ᠵᠢᠯ᠂ ᠠᠵᠢᠯ᠎ᠤᠨ ᠪᠦᠲᠦᠮᠵᠢ ᠦᠷ᠎ᠡ ᠪᠦᠲᠦᠭᠡᠯ (ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ)᠂ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠭᠰᠠᠨ ᠺᠠᠷᠲ᠎ᠤᠨ ᠬᠢᠵᠠᠭ᠋ᠠᠷᠯᠠᠬᠤ ᠴᠠᠭ᠎ᠨᠢ ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠬᠦ ᠴᠠᠭ᠎ᠤᠨ ᠬᠢᠵᠠᠭ᠋ᠠᠷ (2024 ᠣᠨ᠎ᠤ 7 ᠰᠠᠷ᠎ᠠ ᠵᠢᠨ 12᠎ᠤᠨ ᠡᠳᠦᠷ) ᠪᠣᠯᠣᠨ᠎ᠠ᠂ ᠭᠤᠶᠤᠴᠢᠯᠠᠨ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ᠂ ᠬᠠᠮᠢᠶ᠎ᠠ ᠪᠦᠬᠦᠢ ᠮᠠᠲ᠋ᠧᠷᠢᠶᠠᠯ᠎ᠢ ᠳᠠᠬᠢᠵᠤ ᠨᠥᠬᠥᠵᠦ ᠮᠡᠳᠡᠭᠦᠯᠵᠦ ᠪᠣᠯᠬᠤ ᠦᠭᠡᠢ᠃
      ᠭᠤᠷᠪᠠ᠂ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ
      ᠮᠠᠲ᠋ᠧᠷᠢᠶᠠᠯ᠎ᠢ ᠬᠢᠨᠠᠨ ᠲᠣᠭᠲᠠᠭ᠋ᠠᠬᠤ᠎ᠳᠤ ᠦᠷᠭᠦᠯᠵᠢᠯᠡᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠬᠢᠨᠠᠨ ᠲᠣᠭᠲᠠᠭ᠋ᠠᠬᠤ ᠵᠢ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠦᠭᠴᠢ᠎ᠨᠢ ᠰᠦᠯᠵᠢᠶᠡᠨ ᠳᠡᠭᠡᠷ᠎ᠡ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢ ᠪᠡᠶᠡᠯᠡᠭᠦᠯᠬᠦ ᠵᠢᠨ ᠬᠠᠮᠲᠤ᠂ ᠪᠢᠴᠢᠭ᠎ᠤᠨ ᠬᠡᠯᠪᠡᠷᠢ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃
      (ᠨᠢᠭᠡ) ᠰᠦᠯᠵᠢᠶᠡᠨ ᠳᠡᠭᠡᠷ᠎ᠡ ᠳᠠᠩᠰᠠᠯᠠᠭᠤᠯᠵᠤ ᠲᠠᠭᠯᠠᠨ ᠮᠡᠳᠡᠭᠦᠯᠬᠦ
      1. ᠭᠤᠶᠤᠴᠢᠯᠠᠨ ᠮᠡᠳᠡᠭᠦᠯᠦᠭᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠰᠢᠰᠲ᠋ᠧᠮ》 (ᠰᠦᠯᠵᠢᠶᠡᠨ᠎ᠤ ᠬᠠᠶᠢᠭ᠄ www.nmgrck.cn/zcsb)᠎ᠳᠤ ᠣᠷᠣᠵᠤ᠂ ᠲᠣᠰ ᠬᠥᠮᠥᠨ᠎ᠤ ᠪᠡᠶ᠎ᠡ ᠵᠢᠨ ᠦᠨᠡᠮᠯᠡᠯ᠎ᠤᠨ ᠨᠣᠮᠧᠷ ᠵᠶ᠋ᠡᠷ ᠳᠠᠩᠰᠠᠯᠠᠭᠤᠯᠬᠤ ᠵᠢᠨ ᠬᠠᠮᠲᠤ ᠬᠠᠮᠢᠶ᠎ᠠ ᠪᠦᠬᠦᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠪᠢᠴᠢᠵᠦ ᠣᠷᠣᠭᠤᠯᠤᠨ᠎ᠠ (ᠳᠡᠭᠡᠷ᠎ᠡ ᠨᠢᠭᠡ ᠵᠢᠯ᠎ᠳᠤ ᠳᠠᠩᠰᠠᠯᠠᠭᠤᠯᠤᠭᠰᠠᠨ ᠬᠤᠪᠢ ᠬᠥᠮᠥᠨ ᠳᠠᠬᠢᠵᠤ ᠳᠠᠩᠰᠠᠯᠠᠭᠤᠯᠬᠤ ᠴᠢᠬᠤᠯᠠ ᠦᠭᠡᠢ᠂ ᠪᠡᠶ᠎ᠡ ᠵᠢᠨ ᠦᠨᠡᠮᠯᠡᠯ᠎ᠤᠨ ᠨᠣᠮᠧᠷ ᠵᠢᠴᠢ ᠳᠠᠩᠰᠠᠯᠠᠭᠤᠯᠤᠭᠰᠠᠨ ᠨᠢᠭᠤᠴᠠ ᠨᠣᠮᠧᠷ ᠵᠶ᠋ᠡᠷ ᠵᠶ᠋ᠡᠨ ᠰᠢᠭᠤᠳ ᠣᠷᠣᠵᠤ ᠪᠣᠯᠣᠨ᠎ᠠ)᠃ ᠰᠢᠰᠲ᠋ᠧᠮ᠎ᠤᠨ ᠠᠵᠢᠯᠯᠠᠭ᠋ᠠᠨ᠎ᠤ ᠶᠠᠪᠤᠴᠠ᠎ᠳᠤ ᠬᠡᠷᠪᠡ ᠠᠰᠠᠭᠤᠳᠠᠯ᠎ᠲᠠᠢ ᠪᠣᠯ《ᠰᠢᠰᠲ᠋ᠧᠮ᠎ᠤᠨ ᠠᠵᠢᠯᠯᠠᠭ᠋ᠠᠨ᠎ᠤ ᠭᠠᠷ ᠳᠡᠪᠲᠡᠷ》᠎ᠠᠴᠠ ᠯᠠᠪᠯᠠᠨ ᠦᠵᠡᠬᠦ ᠪᠤᠶᠤ 0471— 6928486᠎ᠳᠤ ᠤᠲᠠᠰᠤᠳᠠᠵᠤ ᠯᠠᠪᠯᠠᠵᠤ ᠪᠣᠯᠣᠨ᠎ᠠ᠃
      2. ᠲᠠᠭᠯᠠᠨ ᠮᠡᠳᠡᠭᠦᠯᠬᠦ ᠱᠠᠭ᠋ᠠᠷᠳᠠᠯᠭ᠎ᠠ᠃ ᠭᠤᠶᠤᠴᠢᠯᠠᠨ ᠮᠡᠳᠡᠭᠦᠯᠦᠭᠴᠢ᠎ᠠᠴᠠ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠭᠰᠡᠨ ᠮᠡᠳᠡᠭᠡ ᠵᠠᠩᠭᠢ᠎ᠪᠠᠨ ᠲᠠᠭᠯᠠᠵᠤ᠂ ᠬᠣᠯᠪᠣᠭᠳᠠᠯ ᠪᠦᠬᠦᠢ ᠮᠠᠲ᠋ᠧᠷᠢᠶᠠᠯ᠎ᠢ ᠰᠢᠷᠪᠢᠵᠦ ᠳᠡᠭᠡᠭᠰᠢ ᠳᠠᠮᠵᠢᠭᠤᠯᠬᠤ ᠬᠡᠷᠡᠭᠲᠡᠶ᠃ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ᠎ᠳᠠᠭᠠᠨ᠂ ᠭᠤᠶᠤᠴᠢᠯᠠᠨ ᠮᠡᠳᠡᠭᠦᠯᠦᠭᠴᠢ ᠵᠢᠨ ᠠᠵᠢᠯᠯᠠᠵᠤ ᠪᠠᠢ᠌ᠭ᠎ᠠ ᠨᠢᠭᠡᠴᠢ ᠵᠢᠨ ᠪᠥᠬᠥ ᠨᠡᠷᠡᠢ᠌ᠳᠦᠯ᠎ᠢ ᠲᠠᠭᠯᠠᠨ ᠪᠢᠴᠢᠬᠦ ᠵᠢᠨ ᠬᠠᠮᠲᠤ᠂ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢ ᠰᠣᠩᠭᠣᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠭᠤᠶᠤᠴᠢᠯᠠᠨ ᠮᠡᠳᠡᠭᠦᠯᠦᠭᠴᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠥᠪᠯᠡᠯ (ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ)᠎ᠢ ᠰᠢᠭᠤᠳ ᠰᠣᠩᠭᠣᠵᠤ᠂ ᠭᠤᠶᠤᠴᠢᠯᠠᠨ ᠮᠡᠳᠡᠭᠦᠯᠬᠦ ᠮᠡᠷᠭᠡᠵᠢᠯ᠎ᠤᠨ ᠴᠣᠯᠠ ᠵᠢᠨ ᠨᠡᠷᠡᠢ᠌ᠳᠦᠯ᠄ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢ ᠰᠣᠩᠭᠣᠨ᠎ᠠ᠃ ᠮᠠᠲ᠋ᠧᠷᠢᠶᠠᠯ ᠵᠶ᠋ᠠᠨ ᠲᠤᠰᠢᠶᠠᠭᠰᠠᠨ᠎ᠤ ᠳᠠᠷᠠᠭ᠎ᠠ᠂ ᠬᠢᠨᠠᠨ ᠲᠣᠭᠲᠠᠭ᠋ᠠᠬᠤ ᠬᠦᠰᠦᠨᠦᠭᠲᠦ᠂ ᠬᠦᠷᠭᠡᠵᠦ ᠬᠢᠨᠠᠭᠤᠯᠬᠤ ᠬᠦᠰᠦᠨᠦᠭᠲᠦ ᠵᠢ ᠳᠠᠷᠤᠮᠠᠯᠯᠠᠨ ᠭᠠᠷᠭ᠋ᠠᠨ ᠠᠪᠤᠨ᠎ᠠ᠃
      3. ᠭᠤᠶᠤᠴᠢᠯᠠᠨ ᠮᠡᠳᠡᠭᠦᠯᠦᠭᠴᠢ᠎ᠠᠴᠠ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ》 (ᠳᠠᠭ᠋ᠠᠯᠳᠤᠭᠤᠯᠤᠯ 1 ᠵᠢ ᠦᠵᠡ) ᠵᠢᠨ ᠶᠣᠰᠣᠭ᠋ᠠᠷ ᠪᠢᠴᠢᠭ᠎ᠤᠨ ᠬᠡᠯᠪᠡᠷᠢ ᠵᠢᠨ ᠮᠠᠲ᠋ᠧᠷᠢᠶᠠᠯ ᠵᠶ᠋ᠡᠨ ᠨᠠᠷᠢᠨ ᠬᠢᠨᠠᠮᠠᠭ᠋ᠠᠢ ᠪᠡᠯᠡᠳᠬᠡᠨ᠎ᠡ᠂ ᠡᠭᠦᠨ᠎ᠳᠤ ᠳᠠᠭ᠋ᠠᠯᠳᠤᠭᠤᠯᠤᠯ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠴᠥᠮ A4 ᠴᠠᠭ᠋ᠠᠰᠤ᠎ᠪᠠᠷ ᠳᠡᠪᠲᠡᠷᠯᠡᠬᠦ ᠬᠡᠷᠡᠭᠲᠡᠶ᠃
      (ᠬᠣᠶᠠᠷ) ᠪᠠᠢ᠌ᠭ᠎ᠠ ᠨᠢᠭᠡᠴᠢ᠎ᠠᠴᠠ ᠬᠢᠨᠠᠨ ᠬᠠᠷᠭᠤᠭᠤᠯᠬᠤ
      1. ᠭᠤᠶᠤᠴᠢᠯᠠᠨ ᠮᠡᠳᠡᠭᠦᠯᠬᠦ ᠠᠵᠢᠯᠲᠠᠨ᠎ᠤ ᠪᠠᠢ᠌ᠭ᠎ᠠ ᠨᠢᠭᠡᠴᠢ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂ ᠢᠯᠡ ᠨᠡᠢ᠌ᠲᠡᠯᠡᠬᠦ (ᠢᠯᠡ ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ)᠎ᠪᠠᠷ ᠳᠡᠮᠵᠢᠨ ᠣᠨᠳᠣᠣ ᠰᠠᠨᠠᠯ ᠦᠭᠡᠢ ᠪᠣᠯ ᠰᠠᠶᠢ ᠪᠠᠲᠤᠯᠠᠨ ᠲᠠᠨᠢᠯᠴᠠᠭᠤᠯᠵᠤ ᠳᠡᠭᠡᠭᠰᠢ ᠮᠡᠳᠡᠭᠦᠯᠵᠦ ᠪᠣᠯᠣᠨ᠎ᠠ᠃ ᠡᠭᠦᠨ᠎ᠳᠤ᠂ ᠭᠤᠶᠤᠴᠢᠯᠠᠨ ᠮᠡᠳᠡᠭᠦᠯᠦᠭᠴᠢ ᠵᠢᠨ ᠪᠠᠢ᠌ᠭ᠎ᠠ ᠨᠢᠭᠡᠴᠢ᠎ᠨᠢ ᠡᠷᠬᠡᠪᠰᠢ 《ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠦᠰᠦᠨᠦᠭᠲᠦ》 ᠵᠢᠨ ᠨᠢᠭᠡᠴᠢ ᠵᠢᠨ ᠲᠠᠨᠢᠯᠴᠠᠭᠤᠯᠬᠤ ᠰᠠᠨᠠᠯ ᠭᠡᠬᠦ ᠬᠦᠰᠦᠨᠦᠭ᠎ᠲᠤ ᠭᠤᠶᠤᠴᠢᠯᠠᠨ ᠮᠡᠳᠡᠭᠦᠯᠦᠭᠴᠢ ᠵᠢᠨ ᠶᠣᠰᠣ ᠮᠣᠷᠠᠯ᠂ ᠴᠢᠳᠠᠪᠤᠷᠢ᠂ ᠠᠵᠢᠯ᠎ᠳᠤ ᠭᠠᠷᠬᠤ᠂ ᠠᠵᠢᠯ᠎ᠤᠨ ᠪᠦᠲᠦᠮᠵᠢ᠂ ᠠᠷᠢᠭᠤᠨ ᠴᠢᠬᠡᠴᠢ ᠵᠡᠷᠭᠡ ᠡᠯ᠎ᠡ ᠲᠠᠯ᠎ᠠ ᠵᠢᠨ ᠢᠯᠡᠷᠡᠯ᠎ᠢ ᠨᠠᠷᠢᠨ ᠬᠢᠨᠠᠮᠠᠭ᠋ᠠᠢ ᠲᠠᠭᠯᠠᠨ ᠪᠢᠴᠢᠬᠦ ᠵᠢᠨ ᠬᠠᠮᠲᠤ ᠪᠠᠢ᠌ᠭ᠎ᠠ ᠨᠢᠭᠡᠴᠢ ᠵᠢᠨ ᠢᠯᠡ ᠨᠡᠢ᠌ᠲᠡᠯᠡᠭᠰᠡᠨ ᠪᠠᠶ᠋ᠢᠳᠠᠯ ᠭᠡᠬᠦ ᠬᠡᠰᠡᠭ ᠪᠠ 《ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠬᠦᠷᠭᠡᠨ ᠬᠢᠨᠠᠭᠤᠯᠬᠤ ᠬᠦᠰᠦᠨᠦᠭᠲᠦ》 ᠵᠢᠨ ᠨᠢᠭᠡᠴᠢ ᠵᠢᠨ ᠰᠠᠨᠠᠯ ᠭᠡᠬᠦ ᠬᠡᠰᠡᠭ᠎ᠲᠤ᠄ 《ᠮᠡᠳᠡᠭᠦᠯᠦᠭᠰᠡᠨ ᠮᠠᠲ᠋ᠧᠷᠢᠶᠠᠯ᠎ᠢ ᠨᠢᠭᠡᠨᠲᠡ ᠨᠢᠭᠡᠳ ᠨᠢᠭᠡ᠎ᠪᠠᠷ ᠬᠢᠨᠠᠨ ᠬᠠᠷᠭᠤᠭᠤᠯᠵᠤ᠂ ᠦᠨᠡᠨ ᠪᠣᠳᠠᠲᠠᠢ ᠪᠥᠭᠡᠳ ᠣᠨᠣᠪᠴᠢᠲᠠᠢ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ᠂ ᠪᠠᠲᠤᠯᠠᠨ ᠲᠠᠨᠢᠯᠴᠠᠭᠤᠯᠵᠤ ᠲᠡᠭᠡᠭᠡᠰᠢ ᠮᠡᠳᠡᠭᠦᠯᠬᠦ ᠵᠢ ᠵᠥᠪᠰᠢᠶᠡᠷᠡᠨ᠎ᠡ》 ᠭᠡᠵᠦ ᠲᠠᠭᠯᠠᠨ ᠪᠢᠴᠢᠬᠦ ᠬᠡᠷᠡᠭᠲᠡᠶ᠃ ᠬᠠᠷᠢᠭᠤᠴᠠᠯᠭ᠋ᠠᠲᠠᠨ ᠭᠠᠷ᠎ᠤᠨ ᠦᠰᠦᠭ ᠵᠢᠷᠤᠵᠤ᠂ ᠨᠢᠭᠡᠴᠢ ᠵᠢᠨ ᠵᠶ᠋ᠡᠨ ᠲᠠᠮᠠᠭ᠎ᠠ᠎ᠪᠠᠨ ᠳᠠᠷᠤᠨ᠎ᠠ᠃ ᠮᠡᠳᠡᠭᠦᠯᠬᠦ ᠨᠥᠬᠥᠴᠡᠯ᠎ᠳᠤ ᠦᠯᠦ ᠨᠡᠶ᠋ᠢᠴᠡᠬᠦ ᠮᠠᠲ᠋ᠧᠷᠢᠶᠠᠯ᠎ᠢ ᠬᠤᠪᠢ ᠬᠥᠮᠥᠨ᠎ᠳᠤᠨᠢ ᠪᠤᠴᠠᠭ᠋ᠠᠨ᠎ᠠ᠃
      2. ᠮᠠᠲ᠋ᠧᠷᠢᠶᠠᠯ᠎ᠤᠨ ᠭᠡᠭᠡᠭᠳᠡᠬᠦ ᠵᠢ ᠰᠡᠷᠭᠡᠢ᠌ᠯᠡᠬᠦ ᠵᠢᠨ ᠲᠥᠯᠥᠭᠡ᠂ ᠮᠡᠳᠡᠭᠦᠯᠦᠭᠰᠡᠨ ᠨᠢᠭᠡᠴᠢ ᠤᠤᠯ ᠮᠠᠲ᠋ᠧᠷᠢᠶᠠᠯ᠎ᠢ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠬᠤ᠎ᠳᠠᠭᠠᠨ᠂ ᠪᠤᠢ ᠪᠦᠬᠦᠢ ᠭᠤᠶᠤᠴᠢᠯᠠᠨ ᠮᠡᠳᠡᠭᠦᠯᠦᠭᠴᠢ ᠵᠢᠨ ᠱᠠᠩᠨᠠᠯ᠎ᠤᠨ ᠦᠨᠡᠮᠯᠡᠯ᠂ ᠥᠭᠦᠯᠡᠯ᠎ᠤᠨ ᠬᠤᠭᠤᠴᠠᠭ᠋ᠠᠲᠤ ᠰᠡᠳᠬᠦᠯ ᠵᠡᠷᠭᠡ ᠤᠤᠯ ᠮᠠᠲ᠋ᠧᠷᠢᠶᠠᠯ ᠵᠢᠴᠢ ᠪᠤᠰᠤᠳ ᠮᠠᠲ᠋ᠧᠷᠢᠶᠠᠯ᠎ᠢ ᠲᠠᠩᠰᠠ ᠡᠪᠬᠡᠮᠡᠯ᠎ᠤᠨ ᠤᠭᠤᠲᠠᠨ᠎ᠳᠤ ᠬᠢᠵᠦ ᠣᠷᠣᠭᠤᠯᠬᠤ ᠬᠡᠷᠡᠭᠲᠡᠶ᠃ ᠡᠭᠦᠨ᠎ᠳᠤ᠂ ᠥᠭᠦᠯᠡᠯ᠎ᠢ ᠬᠤᠭᠤᠴᠠᠭ᠋ᠠᠲᠤ ᠰᠡᠳᠬᠦᠯ᠎ᠤᠨ ᠭᠠᠷᠴᠠᠭ ᠳᠡᠭᠡᠷ᠎ᠡ ᠬᠠᠷᠠᠨᠳᠠ᠎ᠪᠠᠷ ᠲᠡᠮᠳᠡᠭ ᠲᠠᠯᠪᠢᠬᠤ ᠵᠢᠨ ᠬᠠᠮᠲᠤ ᠵᠣᠬᠢᠶᠠᠯ᠎ᠤᠨ ᠪᠠᠢ᠌ᠭ᠎ᠠ ᠬᠠᠭᠤᠳᠠᠰᠤ ᠵᠢ ᠨᠤᠭᠤᠯᠵᠤ ᠲᠠᠯᠪᠢᠨ᠂ ᠬᠢᠨᠠᠨ ᠪᠠᠢ᠌ᠴᠠᠭ᠋ᠠᠬᠤ᠎ᠳᠤ ᠳᠥᠭᠥᠮ ᠪᠣᠯᠭ᠋ᠠᠬᠤ ᠬᠡᠷᠡᠭᠲᠡᠶ᠃
      3. ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠲᠠᠨ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠬᠦ᠎ᠳᠡᠭᠡᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠤᠨ ᠳᠣᠲᠣᠷ᠎ᠠ ᠪᠠᠲᠤᠯᠠᠨ ᠲᠠᠨᠢᠯᠴᠠᠭᠤᠯᠵᠤ᠂ ᠡᠯ᠎ᠡ ᠨᠢᠭᠡᠴᠢ ᠵᠢᠨ᠎ᠬᠢᠨ ᠱᠠᠭ᠋ᠠᠷᠳᠠᠯᠭ᠎ᠠ ᠶᠣᠰᠣᠭ᠋ᠠᠷ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠵᠤ᠂ ᠲᠣᠰ ᠵᠢᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠯᠭ᠋ᠠᠬᠤ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ᠎ᠳᠡᠭᠡᠨ ᠡᠷᠬᠡᠪᠰᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠴᠣᠬᠣᠯᠠᠪᠤᠷᠢᠯᠠᠭᠰᠠᠨ ᠠᠵᠢᠯ᠎ᠤᠨ ᠪᠠᠶ᠋ᠢᠷᠢ ᠵᠢᠨ ᠤᠷᠢᠨ ᠬᠡᠷᠡᠭᠯᠡᠬᠦ ᠶᠡᠷᠦᠩᠬᠡᠢ ᠬᠦᠰᠦᠨᠦᠭᠲᠦ ᠵᠢᠨ ᠬᠠᠭᠤᠯᠪᠤᠷᠢ ᠵᠢ ᠳᠠᠭ᠋ᠠᠯᠳᠤᠭᠤᠯᠬᠤ ᠵᠢᠨ ᠬᠠᠮᠲᠤ ᠪᠠᠢ᠍ᠢ᠍ᠢ᠍ᠭ᠎ᠠ ᠨᠢᠭᠡᠴᠢ ᠵᠢᠨ ᠵᠶ᠋ᠠᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠃
      (ᠭᠤᠷᠪᠠ) ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠠ ᠭᠣᠣᠯᠯᠠᠨ ᠬᠠᠮᠢᠶᠠᠷᠬᠤ ᠰᠠᠯᠠᠭ᠎ᠠ
      1. ᠠᠶ᠋ᠢᠮᠠᠭ ᠬᠣᠲᠠ ᠵᠢᠴᠢ ᠲᠡᠭᠦᠨ᠎ᠠᠴᠠ ᠳᠣᠷᠣᠭᠰᠢᠬᠢ ᠬᠠᠷᠢᠶ᠎ᠠ ᠨᠢᠭᠡᠴᠢ᠎ᠨᠢ ᠠᠵᠢᠯᠲᠠᠨ ᠵᠶ᠋ᠠᠨ ᠮᠡᠳᠡᠭᠦᠯᠬᠦ᠎ᠳᠤ᠂ ᠪᠠᠢ᠌ᠭ᠎ᠠ ᠨᠢᠭᠡᠴᠢ ᠪᠣᠯᠣᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠱᠠᠲᠤ ᠳᠠᠷᠠᠭ᠋ᠠᠯᠠᠨ ᠠᠵᠤ ᠠᠬᠤᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ)᠎ᠳᠤ ᠬᠦᠷᠭᠡᠨ ᠮᠡᠳᠡᠭᠦᠯᠦᠨ᠎ᠡ᠃
      2. ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠬᠤ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠲᠣᠰ ᠭᠠᠵᠠᠷ ᠣᠷᠣᠨ᠎ᠤ᠎ᠪᠠᠨ ᠭᠤᠶᠤᠴᠢᠯᠠᠨ ᠮᠡᠳᠡᠭᠦᠯᠦᠭᠰᠡᠨ ᠨᠢᠭᠡᠴᠢ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ ᠪᠠ ᠭᠤᠶᠤᠴᠢᠯᠠᠨ ᠮᠡᠳᠡᠭᠦᠯᠦᠭᠴᠢ ᠵᠢᠨ ᠤᠷᠢᠨ ᠬᠡᠷᠡᠭᠯᠡᠭᠰᠡᠨ ᠪᠠᠶ᠋ᠢᠳᠠᠯ᠎ᠤᠨ ᠪᠣᠭᠣᠮᠲᠠ ᠵᠢ ᠰᠠᠢ᠍ᠢ᠍ᠳᠤᠷ ᠡᠵᠡᠮᠳᠡᠬᠦ ᠬᠡᠷᠡᠭᠲᠡᠶ᠃ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠤᠨ ᠤᠭ ᠮᠠᠲ᠋ᠧᠷᠢᠶᠠᠯ᠎ᠢ ᠬᠠᠮᠲᠤ᠎ᠳᠤᠨᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠶ᠃ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ ᠬᠡᠷᠡᠭᠯᠡᠭᠴᠢ USBkey᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠰᠢᠰᠲ᠋ᠧᠮ (www.nmgrck.cn/zcsb/index.shtml)᠎ᠳᠤ ᠣᠷᠣᠨ᠎ᠠ᠃
      3. ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠴᠢ ᠵᠢᠨ ᠮᠡᠳᠡᠭᠦᠯᠦᠭᠰᠡᠨ ᠠᠵᠢᠯᠲᠠᠨ᠎ᠢ ᠪᠠᠢ᠌ᠭ᠎ᠠ ᠨᠢᠭᠡᠴᠢ᠎ᠠᠴᠠ᠎ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠲ᠋ᠧᠷᠢᠶᠠᠯ᠎ᠢ ᠬᠢᠨᠠᠨ ᠬᠠᠷᠭᠤᠭᠤᠯᠵᠤ ᠬᠤᠷᠢᠶᠠᠩᠭᠤᠢ᠌ᠯᠠᠭᠰᠠᠨ᠎ᠤ ᠳᠠᠷᠠᠭ᠎ᠠ ᠰᠢᠭᠤᠳ ᠠᠵᠤ ᠠᠬᠤᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ)᠎ᠳᠤ ᠮᠡᠳᠡᠭᠦᠯᠦᠨ ᠬᠦᠷᠭᠡᠨ᠎ᠡ᠃
      4. ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠷᠣᠨ᠎ᠤ ᠰᠢᠭᠤᠳ ᠬᠠᠷᠢᠶ᠎ᠠ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠮᠠᠲ᠋ᠧᠷᠢᠶᠠᠯ ᠵᠶ᠋ᠠᠨ ᠳᠡᠭᠡᠭᠰᠢ ᠮᠡᠳᠡᠭᠦᠯᠬᠦ᠎ᠠᠴᠠ ᠡᠮᠦᠨ᠎ᠡ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠡᠨ ᠮᠡᠳᠡᠭᠦᠯᠦᠭᠰᠡᠨ ᠠᠵᠢᠯᠲᠠᠨ᠎ᠤ ᠨᠡᠷᠡᠰ᠎ᠢ ᠲᠣᠰ ᠲᠣᠰ᠎ᠤᠨ ᠠᠯᠪᠠᠨ᠎ᠤ ᠰᠦᠯᠵᠢᠶᠡᠨ ᠥᠷᠲᠡᠭᠡ ᠳᠡᠭᠡᠷ᠎ᠡ᠎ᠪᠠᠨ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠴᠠᠭ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠵᠤ ᠪᠣᠯᠬᠤ ᠦᠭᠡᠢ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯ ᠰᠠᠶᠢ ᠳᠡᠭᠡᠭᠰᠢ ᠮᠡᠳᠡᠭᠦᠯᠵᠦ ᠪᠣᠯᠣᠨ᠎ᠠ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠢᠯᠡ ᠨᠡᠢ᠌ᠲᠡᠯᠡᠭᠰᠡᠨ ᠪᠠᠶ᠋ᠢᠳᠠᠯ᠎ᠢ ᠪᠠᠭᠲᠠᠭ᠋ᠠᠬᠤ ᠬᠡᠷᠡᠭᠲᠡᠶ᠃
      5. ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠷᠣᠨ᠎ᠤ ᠰᠢᠭᠤᠳ ᠬᠠᠷᠢᠶ᠎ᠠ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ᠎ᠳᠡᠭᠡᠨ᠂ ᠡᠷᠬᠡᠪᠰᠢ 《2024 ᠣᠨ᠎ᠤ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠮᠡᠳᠡᠭᠦᠯᠦᠭᠰᠡᠨ ᠠᠵᠢᠯᠲᠠᠨ᠎ᠤ ᠨᠡᠷᠡᠰ᠎ᠤᠨ ᠪᠦᠷᠢᠳᠬᠡᠯ》 (ᠳᠠᠭ᠋ᠠᠯᠳᠤᠭᠤᠯᠤᠯ 2᠎ᠢ ᠦᠵᠡ)᠎ᠢ 1 ᠬᠤᠪᠢ ᠬᠠᠩᠭ᠋ᠠᠬᠤ ᠵᠢᠨ ᠬᠠᠮᠲᠤ᠂ ᠨᠢᠭᠡᠴᠢ ᠵᠢᠨ ᠵᠶ᠋ᠠᠨ ᠠᠯᠪᠠᠨ ᠲᠠᠮᠠᠭ᠎ᠠ (ᠬᠠᠮᠲᠤ᠎ᠳᠤᠨᠢ ᠡᠯᠧᠺᠲᠷᠣᠨ ᠬᠡᠪᠯᠡᠯ᠎ᠢ ᠮᠡᠳᠡᠭᠦᠯᠦᠨ ᠬᠦᠷᠭᠡᠬᠦ ᠬᠡᠷᠡᠭᠲᠡᠢ) ᠵᠢ ᠳᠠᠷᠤᠬᠤ ᠬᠡᠷᠡᠭᠲᠡᠶ᠃
      ᠳᠥᠷᠪᠡ᠂ ᠪᠤᠰᠤᠳ ᠵᠦᠢ᠍ᠯ
      (ᠨᠢᠭᠡ) ᠭᠤᠶᠤᠴᠢᠯᠠᠨ ᠮᠡᠳᠡᠭᠦᠯᠦᠭᠴᠢ᠎ᠠᠴᠠ ᠤᠷᠢᠳ ᠵᠶ᠋ᠠᠷ ᠮᠠᠲ᠋ᠧᠷᠢᠶᠠᠯ᠎ᠢ ᠬᠢᠨᠠᠨ ᠲᠣᠭᠲᠠᠭ᠋ᠠᠵᠤ᠂ ᠮᠠᠲ᠋ᠧᠷᠢᠶᠠᠯ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠦᠭᠡᠢ ᠬᠥᠮᠥᠰ᠎ᠢ ᠲᠤᠬᠠᠢ ᠵᠢᠨ ᠵᠢᠯ᠎ᠤᠨ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠦᠭᠡᠢ᠎ᠪᠠᠷ ᠦᠵᠡᠨ᠎ᠡ᠃ ᠮᠠᠲ᠋ᠧᠷᠢᠶᠠᠯ᠎ᠤᠨ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠬᠥᠮᠥᠰ ᠨᠢᠭᠤᠷᠲᠠᠨ ᠰᠢᠯᠭ᠋ᠠᠯᠲᠠ ᠵᠢᠨ ᠬᠠᠷᠢᠭᠤ ᠮᠠᠷᠭᠤᠬᠤ ᠭᠣᠭᠴᠣᠭ᠎ᠠ᠎ᠳᠤ ᠣᠷᠣᠵᠤ᠂ ᠨᠢᠭᠤᠷᠲᠠᠨ ᠰᠢᠯᠭ᠋ᠠᠯᠲᠠ ᠵᠢᠨ ᠬᠠᠷᠢᠭᠤ ᠮᠠᠷᠭᠤᠬᠤ ᠴᠠᠭ᠂ ᠭᠠᠵᠠᠷ ᠣᠷᠣᠨ ᠵᠢᠴᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠠᠰ᠎ᠲᠤᠨᠢ ᠮᠡᠳᠡᠭᠳᠡᠨ᠎ᠡ᠃ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠨᠢᠭᠤᠷᠲᠠᠨ ᠰᠢᠯᠭ᠋ᠠᠵᠤ ᠬᠠᠷᠢᠭᠤ ᠮᠠᠷᠭᠤᠬᠤ᠎ᠳᠤ ᠴᠥᠮ ᠵᠠᠭᠤᠨ᠎ᠤ ᠬᠤᠪᠢ ᠵᠢᠨ ᠳᠦᠷᠢᠮ᠎ᠢ ᠬᠡᠷᠡᠭᠯᠡᠵᠦ᠂ ᠲᠣᠰ ᠲᠣᠰ ᠬᠡᠮᠵᠢᠶᠡᠵᠢᠭᠦᠯᠦᠨ ᠬᠤᠪᠢ ᠣᠯᠭᠣᠭᠰᠠᠨ᠎ᠤ ᠳᠠᠷᠠᠭ᠎ᠠ᠂ ᠬᠢᠨᠠᠨ ᠲᠣᠭᠲᠠᠭ᠋ᠠᠭᠰᠠᠨ ᠶᠡᠷᠦᠩᠬᠡᠢ ᠬᠤᠪᠢ ᠵᠢ ᠨᠡᠮᠡᠵᠦ ᠪᠤᠳᠤᠨ᠎ᠠ᠂ ᠪᠤᠳᠤᠬᠤ ᠠᠷᠭ᠎ᠠ᠎ᠨᠢ᠄ ᠬᠢᠨᠠᠨ ᠲᠣᠭᠲᠠᠭ᠋ᠠᠭᠰᠠᠨ ᠶᠡᠷᠦᠩᠬᠡᠢ ᠬᠤᠪᠢ = ᠮᠠᠲ᠋ᠧᠷᠢᠶᠠᠯ᠎ᠢ ᠬᠢᠨᠠᠨ ᠲᠣᠭᠲᠠᠭ᠋ᠠᠭᠰᠠᠨ ᠬᠤᠪᠢ × 70% + ᠨᠢᠭᠤᠷᠲᠠᠨ ᠰᠢᠯᠭ᠋ᠠᠯᠲᠠ ᠵᠢᠨ ᠬᠠᠷᠢᠭᠤ ᠮᠠᠷᠭᠤᠬᠤ᠎ᠳᠤ ᠣᠯᠣᠭᠰᠠᠨ ᠬᠤᠪᠢ × 30%᠃
      (ᠬᠣᠶᠠᠷ) 2020 — 2023 ᠣᠨ᠎ᠳᠤ ᠨᠢᠭᠡᠨᠲᠡ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠬᠢᠨᠠᠨ ᠲᠣᠭᠲᠠᠭ᠋ᠠᠯᠲᠠ᠎ᠳᠤ ᠣᠷᠣᠯᠴᠠᠭᠰᠠᠨ ᠬᠥᠮᠥᠰ᠎ᠲᠤ ᠮᠥᠨ ᠬᠦ᠌ ᠰᠢᠯᠭ᠋ᠠᠯᠲᠠ ᠪᠠ ᠬᠢᠨᠠᠨ ᠲᠣᠭᠲᠠᠭ᠋ᠠᠬᠤ ᠵᠢ ᠤᠶᠠᠯᠳᠤᠭᠤᠯᠤᠭᠰᠠᠨ ᠦᠨᠡᠯᠡᠬᠦ ᠠᠷᠭ᠎ᠠ ᠵᠢ ᠬᠡᠷᠡᠭᠯᠡᠨ᠎ᠡ᠃
      (ᠭᠤᠷᠪᠠ) ᠲᠥᠪ᠎ᠤᠨ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠲᠠᠨ ᠮᠠᠨ᠎ᠤ ᠣᠷᠣᠨ᠎ᠳᠤ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠴᠢᠬᠤᠯᠠᠲᠠᠢ ᠪᠠᠢ᠌ᠪᠠᠯ᠂ ᠲᠣᠰ ᠨᠢᠭᠡᠴᠢ᠎ᠪᠠᠷ ᠵᠶ᠋ᠡᠨ ᠵᠥᠪᠰᠢᠶᠡᠷᠡᠭᠦᠯᠬᠦ ᠵᠢᠨ ᠬᠠᠮᠲᠤ ᠲᠥᠪ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠵᠠᠬᠢᠳᠠᠯ ᠥᠭᠴᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠶ᠋ᠡᠷ ᠵᠥᠪᠰᠢᠶᠡᠷᠡᠭᠦᠯᠦᠭᠰᠡᠨ᠎ᠤ ᠳᠠᠷᠠᠭ᠎ᠠ ᠠᠵᠤ ᠠᠬᠤᠢ ᠵᠢᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠢ᠌ᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ)᠎ᠳᠤ ᠮᠡᠳᠡᠭᠦᠯᠦᠨ ᠬᠦᠷᠭᠡᠨ᠎ᠡ᠃
      (ᠳᠥᠷᠪᠡ) 《ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠲᠢᠩᠬᠢᠮ᠎ᠤᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠵᠠᠷᠤᠳᠠᠯ ᠬᠢᠭᠡᠳ ᠦᠨᠡᠮᠯᠡᠯ᠎ᠤᠨ ᠬᠥᠯᠥᠰᠦ ᠥᠷᠳᠡᠭ᠎ᠤᠨ ᠵᠠᠷᠤᠳᠠᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠲᠥᠯᠥᠪᠯᠡᠭᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠴᠣᠬᠣᠯᠠᠪᠤᠷᠢ》 (ᠳᠣᠲᠣᠭ᠋ᠠᠳᠤ ᠲᠣᠭ᠋ᠠᠴᠠᠯᠲᠠ ᠵᠢᠨ [2001] 1202 ᠳ᠋ᠤᠭ᠋ᠠᠷ ᠲᠣᠭ᠋ᠠᠲᠤ) ᠵᠢᠨ ᠶᠣᠰᠣᠭ᠋ᠠᠷ᠂ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠠᠷᠤᠳᠠᠯ᠎ᠢ ᠬᠤᠷᠢᠶᠠᠬᠤ ᠪᠠᠷᠢᠮᠵᠢᠶ᠎ᠠ᠎ᠨᠢ ᠬᠥᠮᠥᠨ ᠪᠦᠷᠢ 320 ᠲᠥᠭᠥᠷᠢᠭ᠂ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠠᠷᠤᠳᠠᠯ᠎ᠢ ᠬᠤᠷᠢᠶᠠᠬᠤ ᠪᠠᠷᠢᠮᠵᠢᠶ᠎ᠠ᠎ᠨᠢ ᠬᠥᠮᠥᠨ ᠪᠦᠷᠢ 280 ᠲᠥᠭᠥᠷᠢᠭ ᠪᠣᠯᠣᠨ᠎ᠠ᠃
      (ᠲᠠᠪᠤ) ᠡᠯ᠎ᠡ ᠠᠶ᠋ᠢᠮᠠᠭ ᠬᠣᠲᠠ᠂ ᠡᠯ᠎ᠡ ᠨᠢᠭᠡᠴᠢ ᠵᠢᠨ᠎ᠬᠢᠨ ᠮᠡᠷᠭᠡᠵᠢᠯ᠎ᠤᠨ ᠴᠣᠯᠠ ᠮᠡᠳᠡᠭᠦᠯᠦᠨ ᠲᠠᠨᠢᠯᠴᠠᠭᠤᠯᠬᠤ ᠭᠣᠭᠴᠣᠭ᠎ᠠ ᠵᠢᠨ ᠦᠨᠡᠨᠴᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠭᠠᠷᠪᠠᠯ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ ᠪᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤᠨᠢ ᠰᠢᠢ᠍ᠳᠪᠦᠷᠢᠯᠡᠬᠦ ᠵᠢᠨ ᠬᠠᠮᠲᠤ ᠲᠡᠮᠳᠡᠭᠯᠡᠬᠦ ᠬᠡᠷᠡᠭᠲᠡᠶ᠃
      ᠲᠠᠪᠤ᠂ ᠮᠡᠳᠡᠭᠦᠯᠦᠨ ᠬᠦᠷᠭᠡᠬᠦ ᠭᠠᠵᠠᠷ ᠵᠢᠴᠢ ᠬᠠᠷᠢᠯᠴᠠᠬᠤ ᠬᠡᠯᠪᠡᠷᠢ
      ᠮᠡᠳᠡᠭᠦᠯᠦᠨ ᠬᠦᠷᠭᠡᠬᠦ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠴᠢᠩᠭᠢᠰ ᠬᠠᠭ᠋ᠠᠨ ᠵᠡᠭᠡᠯᠢ ᠬᠢᠭᠡᠳ ᠵᠡᠭᠦᠨ ᠬᠣᠶᠠᠳᠤᠭ᠋ᠠᠷ ᠬᠤᠳᠠ ᠲᠣᠭᠣᠷᠢᠭᠰᠠᠨ ᠵᠠᠮ᠎ᠤᠨ ᠠᠭᠤᠯᠵᠠᠷ ᠬᠡᠰᠡᠭ ᠥᠪᠥᠷ ᠮᠣᠩᠭᠣᠯ᠎ᠤᠨ ᠤᠯᠤᠰ᠎ᠤᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠎ᠤᠨ 8 ᠳ᠋ᠤᠭ᠋ᠠᠷ ᠨᠣᠮᠧᠷᠲᠤ ᠠᠰᠠᠷ᠎ᠤᠨ 609 ᠥᠷᠥᠭᠡ
      ᠬᠠᠷᠢᠯᠴᠠᠬᠤ ᠤᠲᠠᠰᠤ᠄ 0471 — 6918865   0471 — 6606329
      ᠳᠠᠭ᠋ᠠᠯᠳᠤᠭᠤᠯᠤᠯ᠄ 1. ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠲᠠᠩᠰᠠ
      2. 2024 ᠣᠨ᠎ᠤ ᠵᠢᠩᠬᠢᠨᠢ ᠳᠡᠭᠡᠳᠦ ᠵᠡᠷᠭᠡ ᠵᠢᠨ ᠠᠵᠤ ᠠᠬᠤᠢ᠌ᠴᠢ ᠵᠢᠨ ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠦᠭᠰᠡᠨ ᠬᠥᠮᠥᠰ᠎ᠤᠨ ᠨᠡᠷᠡᠰ᠎ᠤᠨ ᠪᠦᠷᠢᠳᠬᠡᠯ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
      2024 ᠣᠨ᠎ᠤ 6 ᠰᠠᠷ᠎ᠠ ᠵᠢᠨ 7᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            