ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
ᠡᠳᠦᠭᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠵᠢᠭ᠋ᠠᠬᠤ ᠮᠠᠲ᠋ᠧᠷᠢᠶᠠᠯ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠎ᠤᠨ 《〈ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠲᠥᠯᠦᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠭᠠᠷᠴᠠᠭ (2024 ᠣᠨ)〉᠎ᠢ ᠨᠡᠢ᠌ᠲᠡᠯᠡᠬᠦ ᠲᠤᠬᠠᠢ ᠮᠡᠳᠡᠭᠳᠡᠯ》 (ᠵᠢᠭ᠋ᠠᠬᠤ ᠮᠠᠲ᠋ᠧᠷᠢᠶᠠᠯ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠎ᠤᠨ ᠵᠠᠬᠢᠳᠠᠯ [2024] 2 ᠳ᠋ᠤᠭ᠋ᠠᠷ ᠲᠣᠭ᠋ᠠᠲᠤ᠂ ᠳᠣᠷᠣᠭᠰᠢ 《ᠰᠣᠩᠭᠣᠨ ᠬᠡᠷᠡᠭᠯᠡᠬᠦ ᠭᠠᠷᠴᠠᠭ》 ᠭᠡᠵᠦ ᠲᠣᠪᠴᠢᠯᠠᠨ᠎ᠠ)᠎ᠢ ᠲᠠᠨᠠᠷ᠎ᠲᠤ ᠳᠠᠮᠵᠢᠭᠤᠯᠤᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠬᠠᠮᠲᠤᠳᠤᠨᠢ ᠰᠠᠶ᠋ᠢᠲᠤᠷ ᠠᠳᠬᠤᠵᠤ ᠨᠠᠢ᠌ᠳᠠᠪᠤᠷᠢᠵᠢᠭᠤᠯᠲᠤᠭ᠋ᠠᠢ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠰᠣᠩᠭᠣᠨ ᠬᠡᠷᠡᠭᠯᠡᠬᠦ ᠭᠠᠷᠴᠠᠭ》᠎ᠤᠨ ᠶᠣᠰᠣᠭ᠋ᠠᠷ᠂ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠠᠵᠢᠯ᠎ᠢ ᠰᠠᠶ᠋ᠢᠲᠤᠷ ᠬᠢᠬᠦ ᠵᠢ ᠵᠢᠯᠤᠭᠣᠳᠴᠤ᠂ ᠬᠠᠭᠤᠷᠮᠠᠭ ᠬᠡᠪᠯᠡᠯ᠎ᠤᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ ᠪᠣᠯᠬᠤ ᠦᠭᠡᠢ᠃
ᠬᠣᠶᠠᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ᠂ ᠬᠡᠯᠡ ᠪᠢᠴᠢᠭ᠂ ᠲᠡᠦᠬᠡ ᠵᠢᠨ ᠬᠢᠴᠢᠶᠡᠯ᠎ᠤᠨ ᠡᠷᠬᠡᠪᠰᠢ ᠰᠤᠷᠬᠤ ᠬᠢᠴᠢᠶᠡᠯ᠎ᠳᠤ ᠤᠯᠤᠰ᠎ᠠᠴᠠ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠬᠠᠮᠢᠶ᠎ᠠ ᠪᠦᠬᠦᠢ ᠠᠵᠢᠯ᠎ᠢ ᠠᠬᠢᠭᠤᠯᠬᠤ ᠬᠡᠷᠡᠭᠲᠡᠶ᠃ ᠡᠷᠲᠡ᠎ᠠᠴᠠ ᠠᠷᠭ᠎ᠠ ᠰᠦᠪᠡᠭᠴᠢᠯᠡᠵᠦ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠲᠥᠯᠦᠪᠵᠢᠭᠦᠯᠭᠡ ᠵᠢᠨ ᠵᠢᠭ᠋ᠠᠬᠤ ᠮᠠᠲ᠋ᠧᠷᠢᠶᠠᠯ ᠬᠡᠪᠯᠡᠭᠦᠯᠬᠦ ᠨᠢᠭᠡᠴᠢ᠎ᠠᠴᠠ ᠡᠷᠬᠡ ᠣᠯᠭᠣᠭᠰᠠᠨ ᠲᠠᠷᠬᠠᠭ᠋ᠠᠬᠤ ᠦᠢ᠍ᠯᠡᠴᠢᠯᠡᠭᠡᠨ᠎ᠤ ᠨᠢᠭᠡᠴᠢ᠎ᠲᠠᠢ ᠢᠳᠡᠪᠬᠢᠲᠡᠢ ᠵᠣᠯᠭ᠋ᠠᠭᠤᠯᠵᠤ᠂ ᠵᠢᠭ᠋ᠠᠬᠤ ᠮᠠᠲ᠋ᠧᠷᠢᠶᠠᠯ ᠵᠠᠬᠢᠶᠠᠯᠠᠬᠤ ᠠᠵᠢᠯ᠎ᠢ ᠰᠠᠶ᠋ᠢᠲᠤᠷ ᠬᠢᠵᠦ᠂ 《ᠬᠢᠴᠢᠶᠡᠯ᠎ᠠᠴᠠ ᠡᠮᠦᠨ᠎ᠡ ᠨᠣᠮ ᠪᠢᠴᠢᠭ ᠵᠶ᠋ᠠᠨ ᠭᠠᠷᠳᠠᠵᠤ ᠣᠯᠬᠤ᠂ ᠬᠥᠮᠥᠨ ᠪᠦᠷᠢ ᠨᠢᠭᠡ ᠳᠡᠪᠲᠡᠷ᠎ᠲᠠᠢ ᠪᠠᠢ᠍ᠢ᠍ᠬᠤ》 ᠵᠢ ᠦᠨᠡᠨᠬᠦ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠲᠣᠭ᠋ᠠᠨ᠎ᠤ ᠤᠬᠠᠭ᠋ᠠᠨ᠂ ᠠᠩᠭ᠍ᠯᠢ ᠬᠡᠯᠡ᠂ ᠲᠣᠭ᠋ᠠᠴᠢᠯᠠᠭᠰᠠᠨ ᠮᠡᠷᠭᠡᠵᠢᠯ᠎ᠤᠨ ᠬᠡᠷᠡᠭᠯᠡᠯᠲᠡ (ᠺᠣᠮᠫᠢᠦ᠋ᠲ᠋ᠧᠷ᠎ᠤᠨ ᠰᠠᠭᠤᠷᠢ ᠬᠢᠭᠡᠳ ᠬᠡᠷᠡᠭᠯᠡᠯᠲᠡ)᠂ ᠪᠡᠶ᠎ᠡ ᠵᠢᠨ ᠲᠠᠮᠢᠷ ᠬᠢᠭᠡᠳ ᠡᠷᠡᠭᠦᠯ ᠮᠠᠨᠳᠤ᠂ ᠭᠤᠸ᠎ᠠ ᠰᠠᠢ᠌ᠬᠠᠨ᠎ᠤ ᠬᠥᠮᠦᠵᠢᠯ᠂ ᠬᠥᠳᠡᠯᠮᠦᠷᠢ ᠵᠢᠨ ᠬᠥᠮᠦᠵᠢᠯ᠂ ᠨᠡᠢ᠌ᠳᠡᠮ᠎ᠤᠨ ᠬᠡᠷᠡᠭᠯᠡᠭᠡᠨ᠎ᠤ ᠠᠵᠢᠯ ᠮᠡᠷᠭᠡᠵᠢᠯ᠎ᠤᠨ ᠬᠡᠪ ᠪᠣᠯᠪᠠᠰᠤᠷᠠᠯ ᠵᠡᠷᠭᠡ ᠤᠯᠠᠨ ᠨᠠᠢ᠌ᠳᠠ ᠵᠢᠨ ᠰᠠᠭᠤᠷᠢ ᠬᠢᠴᠢᠶᠡᠯ ᠪᠠ ᠲᠤᠰᠬᠠᠢ ᠮᠡᠷᠭᠡᠵᠢᠯ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠠᠵᠢᠯ᠎ᠢ ᠰᠠᠶ᠋ᠢᠲᠤᠷ ᠬᠢᠵᠦ᠂ 《ᠰᠣᠩᠭᠣᠨ ᠬᠡᠷᠡᠭᠯᠡᠬᠦ ᠭᠠᠷᠴᠠᠭ》᠎ᠢ ᠮᠡᠷᠭᠡᠵᠢᠯ᠎ᠤᠨ ᠠᠵᠢᠯᠲᠠᠨ᠎ᠤ ᠰᠤᠷᠭ᠋ᠠᠨ ᠬᠥᠮᠦᠵᠢᠯ᠎ᠤᠨ ᠰᠦᠯᠵᠢᠶ᠎ᠡ (https://jg.class.com.cn) ᠵᠢᠨ 《ᠰᠤᠷᠭ᠋ᠠᠨ ᠬᠥᠮᠦᠵᠢᠯ᠎ᠤᠨ ᠶᠠᠮᠤᠨ᠎ᠤ ᠵᠢᠭ᠋ᠠᠬᠤ ᠮᠠᠲ᠋ᠧᠷᠢᠶᠠᠯ᠎ᠤᠨ ᠠᠯᠪᠠᠨ ᠭᠡᠷ》 ᠲᠤᠰᠬᠠᠢ ᠪᠤᠯᠤᠩ᠎ᠳᠤ ᠭᠠᠷᠴᠤ ᠪᠠᠭᠤᠯᠭ᠋ᠠᠨ ᠠᠪᠴᠤ ᠪᠣᠯᠣᠨ᠎ᠠ᠃
ᠭᠤᠷᠪᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠷᠢᠶ᠎ᠠ ᠣᠷᠣᠨ᠎ᠤ ᠳᠣᠲᠣᠷᠠᠬᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠭᠰᠡᠨ ᠪᠠᠶ᠋ᠢᠳᠠᠯ᠎ᠳᠤ ᠴᠠᠭ ᠲᠤᠬᠠᠢᠳᠤᠨᠢ ᠰᠤᠭᠤᠴᠢᠨ ᠪᠠᠢ᠌ᠴᠠᠭ᠋ᠠᠯᠲᠠ ᠬᠢᠵᠦ᠂ ᠱᠠᠭ᠋ᠠᠷᠳᠠᠯᠭ᠎ᠠ ᠶᠣᠰᠣᠭ᠋ᠠᠷ ᠵᠢᠭ᠋ᠠᠬᠤ ᠮᠠᠲ᠋ᠧᠷᠢᠶᠠᠯ᠎ᠢ ᠵᠢᠷᠤᠮᠵᠢᠩᠭᠤᠢ ᠰᠣᠩᠭᠣᠨ ᠬᠡᠷᠡᠭᠯᠡᠭᠰᠡᠨ ᠦᠭᠡᠢ ᠪᠠᠶ᠋ᠢᠳᠠᠯ᠎ᠳᠤ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠵᠢᠭ᠋ᠠᠬᠤ ᠮᠠᠲ᠋ᠧᠷᠢᠶᠠᠯ᠎ᠤᠨ ᠠᠵᠢᠯ᠎ᠤᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠵᠢᠯᠤᠭᠣᠳᠬᠤ ᠰᠠᠨᠠᠯ》᠎ᠢ ᠦᠨᠳᠦᠰᠦᠯᠡᠨ ᠬᠠᠮᠢᠶ᠎ᠠ ᠪᠦᠬᠦᠢ ᠨᠢᠭᠡᠴᠢ᠂ ᠠᠵᠢᠯᠲᠠᠨ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
ᠳᠥᠷᠪᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠲᠤᠰᠬᠠᠢ ᠬᠥᠮᠥᠨ ᠵᠢᠭ᠋ᠠᠨ ᠲᠣᠭᠲᠠᠭ᠋ᠠᠵᠤ ᠬᠠᠷᠢᠭᠤᠴᠠᠭᠤᠯᠵᠤ᠂ 10 ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠲᠣᠰ ᠭᠠᠵᠠᠷ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠲᠣᠰ ᠰᠤᠷᠤᠯᠭ᠎ᠠ ᠵᠢᠨ ᠣᠨ᠎ᠤ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠭᠰᠡᠨ ᠪᠠᠶ᠋ᠢᠳᠠᠯ (ᠳᠠᠭ᠋ᠠᠯᠳᠤᠭᠤᠯᠤᠯ᠎ᠳᠤ ᠦᠵᠡ)᠎ᠢ ᠬᠤᠷᠢᠶᠠᠩᠭᠤᠢ᠌ᠯᠠᠭᠰᠠᠨ᠎ᠤ ᠳᠠᠷᠠᠭ᠎ᠠ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃
ᠬᠠᠷᠢᠯᠴᠠᠬᠤ ᠬᠥᠮᠥᠨ᠄ ᠫᠠᠩ ᠳ᠋ᠦᠩ ᠢᠦᠢ
ᠬᠠᠷᠢᠯᠴᠠᠬᠤ ᠤᠲᠠᠰᠤ᠄ (0471) 6944622
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠭᠰᠡᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 5 ᠰᠠᠷ᠎ᠠ ᠵᠢᠨ 21᠎ᠤ ᠡᠳᠦᠷ