ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-07-02

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠺᠠᠳ᠋ᠷ (ᠠᠵᠢᠯᠲᠠᠨ᠎ᠤ ᠶᠠᠪᠤᠳᠠᠯ)᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠡᠯ᠎ᠡ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ᠎ᠳᠤ᠄
      ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ 《2024 ᠣᠨ᠎ᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2024] 48 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠵᠢᠨ ᠬᠠᠮᠲᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠦᠨ ᠳᠠᠩᠰᠠᠯᠠᠭᠤᠯᠵᠤ᠂ ᠡᠳᠦᠭᠡ ᠮᠠᠨ᠎ᠤ ᠣᠷᠣᠨ᠎ᠤ 2024 ᠣᠨ᠎ᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ ᠲᠤᠬᠠᠢ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠲᠣᠬᠢᠷᠠᠭᠤᠯᠤᠯᠲᠠ ᠬᠢᠬᠦ ᠬᠡᠪᠴᠢᠶ᠎ᠡ
      ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ᠂ ᠠᠵᠤ ᠠᠬᠤᠢ᠌ᠯᠠᠯ 2023 ᠣᠨ᠎ᠤ 12  ᠰᠠᠷ᠎ᠠ ᠵᠢᠨ 31᠎ᠤ ᠡᠳᠦᠷ᠎ᠠᠴᠠ ᠡᠮᠦᠨ᠎ᠡ ᠲᠣᠭᠲᠠᠭ᠋ᠠᠯ ᠶᠣᠰᠣᠭ᠋ᠠᠷ ᠠᠵᠢᠯ᠎ᠠᠴᠠ᠎ᠪᠠᠨ ᠠᠮᠠᠷᠠᠬᠤ (ᠠᠵᠢᠯ᠎ᠠᠴᠠ᠎ᠪᠠᠨ ᠪᠠᠭᠤᠬᠤ) ᠭᠠᠷᠳᠠᠮ᠎ᠢ ᠭᠦᠢ᠍ᠴᠡᠳᠬᠡᠭᠰᠡᠨ ᠪᠥᠭᠡᠳ ᠰᠠᠷ᠎ᠠ᠎ᠪᠠᠷ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ (ᠠᠵᠢᠯ᠎ᠠᠴᠠ᠎ᠪᠠᠨ ᠪᠠᠭᠤᠭᠰᠠᠨ ᠠᠮᠢᠳᠤᠷᠠᠯ᠎ᠤᠨ ᠵᠠᠷᠤᠳᠠᠯ) ᠠᠪᠴᠤ ᠪᠠᠢ᠌ᠭ᠎ᠠ ᠠᠵᠢᠯ᠎ᠠᠴᠠ᠎ᠪᠠᠨ ᠠᠮᠠᠷᠠᠭᠰᠠᠳ (ᠠᠵᠢᠯ᠎ᠠᠴᠠ᠎ᠪᠠᠨ ᠪᠠᠭᠤᠭᠰᠠᠳ)᠂ ᠳᠣᠷᠣᠭᠰᠢ ᠠᠵᠢᠯ᠎ᠠᠴᠠ᠎ᠪᠠᠨ ᠠᠮᠠᠷᠠᠭᠰᠠᠳ ᠭᠡᠵᠦ ᠲᠣᠪᠴᠢᠯᠠᠨ᠎ᠠ᠃
      ᠬᠣᠶᠠᠷ᠂ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ
      (ᠨᠢᠭᠡ) ᠲᠣᠭ᠎ᠠ ᠬᠡᠮᠵᠢᠶ᠎ᠡ ᠲᠣᠭᠲᠠᠭ᠋ᠠᠨ ᠲᠣᠬᠢᠷᠠᠭᠤᠯᠤᠯᠲᠠ ᠬᠢᠬᠦ᠃ ᠠᠵᠢᠯ᠎ᠠᠴᠠ᠎ᠪᠠᠨ ᠠᠮᠠᠷᠠᠭᠰᠠᠳ ᠬᠥᠮᠥᠨ ᠪᠦᠷᠢ᠎ᠳᠤ ᠰᠠᠷ᠎ᠠ᠎ᠳᠤ 30 ᠲᠥᠭᠥᠷᠢᠭ ᠨᠡᠮᠡᠭᠳᠡᠭᠦᠯᠦᠨ᠎ᠡ᠃
      (ᠬᠣᠶᠠᠷ) ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠲᠦᠪᠰᠢᠨ᠎ᠢ ᠦᠨᠳᠦᠰᠦᠯᠡᠵᠦ ᠲᠣᠬᠢᠷᠠᠭᠤᠯᠤᠯᠲᠠ ᠬᠢᠬᠦ᠃ ᠠᠵᠢᠯ᠎ᠠᠴᠠ᠎ᠪᠠᠨ ᠠᠮᠠᠷᠠᠭᠰᠠᠳ ᠲᠣᠰ ᠬᠥᠮᠥᠨ᠎ᠤ 2023 ᠣᠨ᠎ᠤ 12 ᠰᠠᠷ᠎ᠠ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠲᠦᠪᠰᠢᠨ᠎ᠤ 1.2% ᠵᠶ᠋ᠠᠷ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠨᠡᠮᠡᠭᠳᠡᠭᠦᠯᠦᠨ᠎ᠡ (ᠲᠣᠬᠢᠷᠠᠭᠤᠯᠤᠯᠲᠠ ᠬᠢᠬᠦ ᠰᠠᠭᠤᠷᠢ ᠲᠣᠭ᠎ᠠ ᠵᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠥᠭᠬᠦ ᠲᠥᠷᠥᠯ ᠵᠦᠢ᠍ᠯ᠎ᠳᠤ ᠵᠢᠭᠰᠠᠭ᠋ᠠᠭᠳᠠᠭᠰᠠᠨ ᠵᠶ᠋ᠡᠷ ᠪᠠᠷᠢᠮᠵᠢᠶ᠎ᠠ ᠪᠣᠯᠭ᠋ᠠᠨ᠎ᠠ)᠃
      (ᠭᠤᠷᠪᠠ) ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠪᠠᠷ ᠪᠣᠳᠣᠵᠤ ᠲᠣᠬᠢᠷᠠᠭᠤᠯᠤᠯᠲᠠ ᠬᠢᠬᠦ᠃ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠨᠢ 15 ᠵᠢᠯ ᠵᠢᠴᠢ 15 ᠵᠢᠯ᠎ᠠᠴᠠ ᠳᠣᠷᠣᠭᠰᠢ ᠪᠠᠢ᠌ᠪᠠᠯ᠂ 1 ᠵᠢᠯ ᠪᠦᠷᠢ᠎ᠳᠤ 0.5 ᠲᠥᠭᠥᠷᠢᠭ ᠨᠡᠮᠡᠭᠳᠡᠭᠦᠯᠦᠨ᠎ᠡ; 16 ᠵᠢᠯ᠎ᠠᠴᠠ 30 ᠵᠢᠯ᠎ᠤᠨ ᠬᠣᠭᠤᠷᠤᠨᠳᠤᠬᠢ ᠬᠡᠰᠡᠭ᠎ᠲᠤ 1 ᠵᠢᠯ ᠪᠦᠷᠢ᠎ᠳᠤ 1 ᠲᠥᠭᠥᠷᠢᠭ ᠨᠡᠮᠡᠭᠳᠡᠭᠦᠯᠦᠨ᠎ᠡ; 31 ᠵᠢᠯ ᠵᠢᠴᠢ ᠲᠡᠭᠦᠨ᠎ᠠᠴᠠ ᠳᠡᠭᠡᠭᠰᠢᠬᠢ ᠬᠡᠰᠡᠭ᠎ᠲᠤ 1 ᠵᠢᠯ ᠪᠦᠷᠢ᠎ᠳᠤ 1.5 ᠲᠥᠭᠥᠷᠢᠭ ᠨᠡᠮᠡᠭᠳᠡᠭᠦᠯᠦᠨ᠎ᠡ (ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠳᠤ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠳᠦᠷᠢᠮ᠎ᠢ ᠬᠡᠷᠡᠭᠵᠢᠭᠦᠯᠬᠦ᠎ᠠᠴᠠ ᠡᠮᠦᠨᠡᠬᠢ ᠦᠷᠭᠦᠯᠵᠢᠯᠡᠨ ᠠᠵᠢᠯᠯᠠᠭᠰᠠᠨ ᠣᠨ ᠵᠢᠯ ᠪᠠᠭᠲᠠᠨ᠎ᠠ᠂ 1 ᠵᠢᠯ ᠪᠣᠯᠣᠭ᠋ᠠᠳᠤᠢ ᠪᠠᠢ᠌ᠪᠠᠯ 1 ᠵᠢᠯ ᠵᠶ᠋ᠡᠷ ᠪᠤᠳᠤᠨ᠎ᠠ᠂ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠨᠤᠭᠤᠯᠤᠨ ᠪᠤᠳᠤᠭᠰᠠᠨ ᠠᠵᠢᠯᠯᠠᠭᠰᠠᠨ ᠣᠨ ᠵᠢᠯ᠎ᠢ ᠪᠠᠭᠲᠠᠭ᠋ᠠᠬᠤ ᠦᠭᠡᠢ)᠃ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ ᠦᠨᠳᠦᠰᠦᠯᠡᠵᠦ ᠲᠣᠬᠢᠷᠠᠭᠤᠯᠤᠯᠲᠠ ᠬᠢᠬᠦ᠎ᠨᠢ 7.5 ᠲᠥᠭᠥᠷᠢᠭ᠎ᠲᠤ ᠬᠦᠷᠬᠦ ᠦᠭᠡᠢ ᠪᠠᠢ᠌ᠪᠠᠯ᠂ 7.5 ᠲᠥᠭᠥᠷᠢᠭ ᠵᠶ᠋ᠡᠷ ᠪᠣᠳᠣᠵᠤ ᠲᠣᠬᠢᠷᠠᠭᠤᠯᠤᠯᠲᠠ ᠬᠢᠨ᠎ᠡ᠃
      (ᠳᠥᠷᠪᠡ) ᠥᠨᠳᠥᠷ ᠨᠠᠰᠤᠨ᠎ᠤ ᠬᠥᠮᠥᠰ ᠲᠡᠢ᠍ᠢ᠍ᠰᠢ ᠬᠡᠯᠪᠡᠢ᠌ᠯᠭᠡᠵᠦ ᠲᠣᠬᠢᠷᠠᠭᠤᠯᠤᠯᠲᠠ ᠬᠢᠬᠦ᠃ 2023 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ᠂ ᠪᠦᠬᠦᠯᠢ 70 ᠨᠠᠰᠤ ᠬᠥᠷᠥᠭᠰᠡᠨ ᠠᠵᠢᠯ᠎ᠠᠴᠠ᠎ᠪᠠᠨ ᠠᠮᠠᠷᠠᠭᠰᠠᠳ᠎ᠲᠤ ᠬᠥᠮᠥᠨ ᠪᠦᠷᠢ ᠰᠠᠷ᠎ᠠ᠎ᠳᠤ 30 ᠲᠥᠭᠥᠷᠢᠭ ᠨᠡᠮᠡᠭᠳᠡᠭᠦᠯᠦᠨ᠎ᠡ; ᠪᠦᠬᠦᠯᠢ 70 ᠨᠠᠰᠤᠨ᠎ᠠᠴᠠ ᠳᠡᠭᠡᠭᠰᠢᠬᠢ ᠠᠵᠢᠯ᠎ᠠᠴᠠ᠎ᠪᠠᠨ ᠠᠮᠠᠷᠠᠭᠰᠠᠳ᠎ᠲᠤ 1 ᠨᠠᠰᠤ ᠨᠡᠮᠡᠭᠳᠡᠬᠦ ᠪᠦᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ᠎ᠨᠢ ᠳᠠᠬᠢᠭ᠋ᠠᠳ 1 ᠲᠥᠭᠥᠷᠢᠭ ᠨᠡᠮᠡᠭᠳᠡᠭᠦᠯᠦᠨ᠎ᠡ᠃
      (ᠲᠠᠪᠤ) ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠨ ᠴᠡᠷᠢᠭ᠎ᠤᠨ ᠠᠯᠪᠠ᠎ᠠᠴᠠ ᠠᠵᠢᠯ ᠰᠢᠯᠵᠢᠭᠰᠡᠨ ᠺᠠᠳ᠋ᠷ ᠪᠣᠯ ᠳᠡᠭᠡᠷ᠎ᠡ ᠳᠤᠷᠠᠳᠤᠭᠰᠠᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠲᠤᠬᠠᠢ ᠵᠢᠨ ᠭᠠᠵᠠᠷ᠎ᠤᠨ ᠠᠵᠤ ᠠᠬᠤᠢ᠌ᠯᠠᠯ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠡᠭᠰᠢᠳᠬᠡᠭᠰᠡᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠲᠦᠪᠰᠢᠨ᠎ᠠᠴᠠ ᠳᠣᠣᠷ᠎ᠠ ᠪᠠᠢ᠌ᠪᠠᠯ᠂ ᠲᠤᠬᠠᠢ ᠵᠢᠨ ᠭᠠᠵᠠᠷ᠎ᠤᠨ ᠠᠵᠢᠯ᠎ᠠᠴᠠ᠎ᠪᠠᠨ ᠠᠮᠠᠷᠠᠭᠰᠠᠳ᠎ᠤᠨ ᠲᠡᠭᠰᠢᠳᠬᠡᠭᠰᠡᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠲᠦᠪᠰᠢᠨ ᠭᠥᠷᠳᠡᠯ᠎ᠡ ᠨᠥᠬᠥᠪᠦᠷᠢᠯᠡᠵᠦ ᠥᠭᠭᠦᠨ᠎ᠡ᠃
      ᠭᠤᠷᠪᠠ᠂ ᠭᠦᠢ᠍ᠴᠡᠳᠬᠡᠬᠦ ᠴᠠᠭ
      ᠲᠣᠬᠢᠷᠠᠭᠤᠯᠤᠯᠲᠠ ᠬᠢᠵᠦ ᠨᠡᠮᠡᠭᠳᠡᠭᠦᠯᠦᠭᠰᠡᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ 2024 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠳᠥᠷᠪᠡ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ᠎ᠳᠤ ᠬᠡᠷᠡᠭᠰᠡᠬᠦ ᠪᠡᠯᠡ ᠮᠥᠩᠭᠥ
      ᠨᠡᠮᠡᠭᠳᠡᠭᠦᠯᠦᠭᠰᠡᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠨᠢᠭᠡᠳᠦᠯᠲᠡᠢ ᠲᠥᠯᠥᠪᠵᠢᠭᠦᠯᠬᠦ᠎ᠳᠤ ᠣᠷᠣᠯᠴᠠᠭᠰᠠᠨ ᠪᠠᠢ᠌ᠪᠠᠯ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠭᠠᠷᠭ᠋ᠠᠨ᠎ᠠ; ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠨᠢᠭᠡᠳᠦᠯᠲᠡᠢ ᠲᠥᠯᠥᠪᠵᠢᠭᠦᠯᠬᠦ᠎ᠳᠤ ᠣᠷᠣᠯᠴᠠᠭᠰᠠᠨ ᠪᠠᠢ᠌ᠪᠠᠯ᠂ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠭᠠᠷᠭ᠋ᠠᠨ᠎ᠠ᠃ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠦᠭᠡᠢ ᠪᠠᠢ᠌ᠪᠠᠯ᠂ ᠲᠣᠬᠢᠷᠠᠭᠤᠯᠤᠯᠲᠠ ᠬᠢᠬᠦ᠎ᠳᠤ ᠬᠡᠷᠡᠭᠰᠡᠬᠦ ᠪᠡᠯᠡ ᠮᠥᠩᠭᠥ ᠵᠢ ᠤᠤᠯ᠎ᠤᠨ ᠠᠷᠭ᠎ᠠ ᠵᠠᠮ ᠵᠶ᠋ᠠᠷ ᠰᠢᠢ᠍ᠳᠪᠦᠷᠢᠯᠡᠨ᠎ᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
      2024 ᠣᠨ᠎ᠤ 6 ᠰᠠᠷ᠎ᠠ ᠵᠢᠨ 27᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            