ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠬᠣᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ ᠲᠣᠭᠣᠷᠢᠨ ᠦᠵᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-07-23

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
      《ᠬᠣᠶᠠᠳᠤᠭ᠋ᠠᠷ ᠬᠤᠭᠤᠴᠠᠭ᠋ᠠᠨ᠎ᠤ 〈ᠨᠢᠭᠡ ᠪᠦᠰᠡ ᠨᠢᠭᠡ ᠵᠠᠮ〉᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠎ᠢ ᠡᠷᠭᠢᠯᠡᠬᠦ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠬᠢᠳᠠᠯ [2024] 26 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠵᠢ ᠦᠨᠳᠦᠰᠦᠯᠡᠨ᠂ 6 ᠰᠠᠷ᠎ᠠ ᠵᠢᠨ ᠬᠣᠷᠢᠳ ᠵᠶ᠋ᠠᠷ ᠴᠦᠩᠴᠢᠩ ᠬᠣᠲᠠ᠎ᠳᠤ ᠬᠣᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠎ᠢ ᠡᠷᠭᠢᠯᠡᠨ᠎ᠡ᠃ ᠮᠠᠨ᠎ᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠠᠴᠠ ᠬᠠᠮᠢᠶ᠎ᠠ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ ᠬᠣᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠲᠣᠭᠣᠷᠢᠨ ᠦᠵᠡᠭᠦᠯᠬᠦ᠎ᠪᠠᠷ ᠪᠤᠢ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠴᠠᠭ ᠪᠠ ᠭᠠᠵᠠᠷ
      (ᠨᠢᠭᠡ) ᠴᠠᠭ᠄ 2024 ᠣᠨ᠎ᠤ 6 ᠰᠠᠷ᠎ᠠ ᠵᠢᠨ 24᠎ᠤ ᠡᠳᠦᠷ᠎ᠠᠴᠠ 26᠎ᠤ ᠡᠳᠦᠷ ᠪᠣᠯᠲᠠᠯ᠎ᠠ᠃
      (ᠬᠣᠶᠠᠷ) ᠭᠠᠵᠠᠷ᠄ ᠴᠦᠩᠴᠢᠩ᠎ᠤᠨ ᠤᠯᠠᠨ ᠤᠯᠤᠰ᠎ᠤᠨ ᠦᠵᠡᠰᠬᠦᠯᠡᠩ᠎ᠤᠨ ᠲᠥᠪ᠃
      ᠬᠣᠶᠠᠷ᠂ ᠲᠣᠭᠣᠷᠢᠨ ᠦᠵᠡᠬᠦ ᠬᠥᠮᠥᠰ
      (ᠨᠢᠭᠡ) ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠪᠤᠶᠤ ᠬᠤᠪᠢᠳᠠᠨ ᠬᠠᠮᠢᠶᠠᠷᠴᠤ ᠪᠦᠬᠦᠢ ᠨᠥᠬᠥᠳ ᠵᠢᠴᠢ ᠴᠢᠳᠠᠪᠤᠷᠢᠲᠠᠨ᠎ᠢ ᠬᠥᠮᠥᠵᠢᠭᠦᠯᠬᠦ ᠵᠢ ᠬᠠᠷᠢᠭᠤᠴᠠᠬᠤ ᠬᠠᠮᠢᠶ᠎ᠠ ᠪᠦᠬᠦᠢ ᠬᠥᠮᠥᠰ᠂ ᠵᠠᠷᠴᠢᠮ ᠳᠡᠭᠡᠷ᠎ᠡ᠎ᠪᠠᠨ 2 — 3 ᠬᠥᠮᠥᠨ ᠪᠠᠶ᠋ᠢᠬᠤ ᠬᠡᠷᠡᠭᠲᠡᠶ;
      (ᠬᠣᠶᠠᠷ) ᠡᠯ᠎ᠡ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠂ ᠤᠷ᠎ᠠ ᠮᠡᠷᠭᠡᠵᠢᠯ᠎ᠤᠨ ᠶᠡᠬᠡ ᠪᠠᠭᠰᠢᠲᠠᠨ᠎ᠤ ᠠᠵᠢᠯᠯᠠᠬᠤ ᠦᠷᠦᠭᠡ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠡᠷᠭᠡ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠤᠰᠪᠦᠷᠢ 1 ᠬᠥᠮᠥᠨ ᠪᠣᠯᠣᠨ᠎ᠠ᠃
      ᠭᠤᠷᠪᠠ᠂ ᠬᠠᠮᠢᠶ᠎ᠠ ᠪᠦᠬᠦᠢ ᠱᠠᠭ᠋ᠠᠷᠳᠠᠯᠭ᠎ᠠ
      (ᠨᠢᠭᠡ) ᠬᠠᠷᠢᠶ᠎ᠠ ᠭᠠᠵᠠᠷ᠎ᠤᠨ ᠵᠠᠷᠴᠢᠮ ᠶᠣᠰᠣᠭ᠋ᠠᠷ᠂ ᠠᠶ᠋ᠢᠮᠠᠭ ᠬᠣᠲᠠ᠎ᠪᠠᠷ ᠨᠢᠭᠡᠴᠢ ᠪᠣᠯᠭ᠋ᠠᠨ ᠨᠡᠷ᠎ᠡ ᠮᠡᠳᠡᠭᠦᠯᠬᠦ ᠵᠢᠨ ᠬᠠᠮᠲᠤ᠂ ᠨᠢᠭᠡ ᠬᠣᠯᠪᠣᠭ᠋ᠠᠴᠢᠨ᠎ᠢ ᠵᠢᠭ᠋ᠠᠨ ᠲᠣᠭᠲᠠᠭ᠋ᠠᠵᠤ ᠥᠪᠡᠷᠲᠡᠭᠡᠨ ᠵᠠᠰᠠᠬᠤ ᠣᠷᠣᠨ᠎ᠤ ᠠᠵᠢᠯᠲᠠᠳ᠎ᠯᠤᠭ᠎ᠠ ᠬᠠᠮᠢᠶ᠎ᠠ ᠪᠦᠬᠦᠢ ᠤᠴᠢᠷ ᠶᠠᠪᠤᠳᠠᠯ᠎ᠢ ᠵᠣᠯᠭ᠋ᠠᠭᠤᠯᠬᠤ ᠵᠢ ᠬᠠᠷᠢᠭᠤᠴᠠᠭᠤᠯᠤᠨ᠎ᠠ᠃
      (ᠬᠣᠶᠠᠷ) ᠡᠯ᠎ᠡ ᠠᠶ᠋ᠢᠮᠠᠭ ᠬᠣᠲᠠ ᠵᠢᠨ᠎ᠬᠢᠨ ᠡᠷᠬᠡᠪᠰᠢ 6 ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨ᠎ᠡ ᠠᠵᠢᠯ᠎ᠠᠴᠠ᠎ᠪᠠᠨ ᠪᠠᠭᠤᠬᠤ᠎ᠠᠴᠠ ᠡᠮᠦᠨ᠎ᠡ ᠠᠯᠪᠠᠨ ᠲᠠᠮᠠᠭ᠎ᠠ ᠳᠠᠷᠤᠭᠰᠠᠨ 《ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠲᠣᠭᠣᠷᠢᠨ ᠦᠵᠡᠭᠴᠢᠳ᠎ᠤᠨ ᠬᠠᠷᠢᠭᠤ ᠪᠠᠷᠢᠮᠲᠠ ᠵᠢᠨ ᠬᠦᠰᠦᠨᠦᠭᠲᠦ》 (ᠳᠠᠭ᠋ᠠᠯᠳᠤᠭᠤᠯᠤᠯ 2) ᠵᠢᠨ PDF ᠬᠡᠪᠯᠡᠯ ᠪᠠ ᠨᠠᠢ᠌ᠷᠠᠭᠤᠯᠵᠤ ᠪᠣᠯᠬᠤ ᠦᠰᠦᠭ ᠪᠢᠴᠢᠭ᠎ᠤᠨ ᠬᠡᠪᠯᠡᠯ᠎ᠢ ᠵᠢᠭ᠋ᠠᠨ ᠲᠣᠭᠲᠠᠭ᠋ᠠᠭᠰᠠᠨ ᠰᠢᠤᠳᠠᠨ ᠬᠠᠢ᠌ᠷᠴᠠᠭ nmjnds@163.com᠎ᠳᠤ ᠳᠠᠮᠵᠢᠭᠤᠯᠤᠨ ᠬᠦᠷᠭᠡᠬᠦ ᠬᠡᠷᠡᠭᠲᠡᠶ᠃
      (ᠭᠤᠷᠪᠠ) ᠲᠣᠭᠣᠷᠢᠨ ᠦᠵᠡᠭᠴᠢᠳ᠎ᠤᠨ ᠬᠣᠭᠣᠯᠠ ᠬᠣᠨᠣᠭ᠎ᠢ ᠨᠢᠭᠡᠳᠦᠯᠲᠡᠢ ᠲᠣᠬᠢᠷᠠᠭᠤᠯᠵᠤ᠂ ᠵᠠᠮ ᠬᠠᠷᠢᠯᠴᠠᠭ᠋ᠠᠨ᠎ᠤ ᠵᠠᠷᠤᠳᠠᠯ᠂ ᠬᠣᠭᠣᠯᠠ ᠬᠣᠨᠣᠭ᠎ᠤᠨ ᠵᠠᠷᠤᠳᠠᠯ᠎ᠢ ᠥᠪᠡᠷ ᠵᠶ᠋ᠡᠨ ᠬᠠᠷᠢᠭᠤᠴᠠᠨ᠎ᠠ᠃
      ᠬᠠᠷᠢᠯᠴᠠᠬᠤ ᠬᠥᠮᠥᠨ᠄ ᠬᠤᠤ ᡁᠢ ᠷᠥᠩ  ᠴᠧᠨ ᠯᠧᠢ ᠢᠦᠢ
      ᠬᠠᠷᠢᠯᠴᠠᠬᠤ ᠤᠲᠠᠰᠤ᠄ (0471) 6944045  15771339688
            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                2024 ᠣᠨ᠎ᠤ 6 ᠰᠠᠷ᠎ᠠ ᠵᠢᠨ 13᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            