ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
ᠡᠳᠦᠭᠡ ᠳᠤᠮᠳᠠᠳᠤ ᠤᠯᠤᠰ᠎ᠤᠨ ᠠᠵᠢᠯ ᠣᠯᠭᠣᠯᠲᠠ ᠵᠢᠨ ᠪᠣᠯᠪᠠᠰᠤᠷᠠᠯ᠎ᠤᠨ ᠮᠡᠷᠭᠡᠵᠢᠯ᠎ᠤᠨ ᠵᠢᠭ᠋ᠠᠨ ᠵᠢᠯᠤᠭᠣᠳᠬᠤ ᠲᠥᠪ᠎ᠤᠨ 《2024 ᠣᠨ᠎ᠤ ᠳᠣᠣᠷ᠎ᠠ ᠬᠠᠭ᠋ᠠᠰ ᠵᠢᠯ᠎ᠤᠨ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠣᠳᠠᠲᠠᠢ ᠠᠵᠢᠯ᠎ᠳᠤ ᠣᠷᠣᠯᠴᠠᠬᠤ ᠪᠠ ᠰᠣᠷᠣᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠮᠡᠳᠡᠭᠡ ᠵᠠᠩᠭᠢ ᠵᠢ ᠨᠡᠢ᠌ᠲᠡᠯᠡᠬᠦ ᠲᠤᠬᠠᠢ ᠵᠠᠬᠢᠳᠠᠯ》 (ᠳᠤᠮᠳᠠᠳᠤ ᠤᠯᠤᠰ᠎ᠤᠨ ᠠᠵᠢᠯ ᠣᠯᠭᠣᠯᠲᠠ ᠵᠢᠨ ᠪᠣᠯᠪᠠᠰᠤᠷᠠᠯ᠎ᠤᠨ ᠮᠡᠷᠭᠡᠵᠢᠯ᠎ᠤᠨ ᠵᠢᠭ᠋ᠠᠨ ᠵᠢᠯᠤᠭᠣᠳᠬᠤ ᠲᠥᠪ᠎ᠤᠨ ᠵᠠᠬᠢᠳᠠᠯ [2024] 49 ᠳ᠋ᠦ᠍ᠭᠡᠷ ᠲᠣᠭ᠋ᠠᠲᠤ)᠎ᠢ ᠲᠠᠨᠠᠷ᠎ᠲᠤ ᠳᠠᠮᠵᠢᠭᠤᠯᠤᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠬᠠᠮᠲᠤᠳᠤᠨᠢ ᠰᠠᠶ᠋ᠢᠲᠤᠷ ᠠᠳᠬᠤᠵᠤ ᠨᠠᠢ᠌ᠳᠠᠪᠤᠷᠢᠵᠢᠭᠤᠯᠲᠤᠭ᠋ᠠᠢ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠠᠵᠢᠯ᠎ᠳᠤ ᠣᠷᠣᠯᠴᠠᠬᠤ ᠪᠠ ᠰᠣᠷᠣᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2021] 111 ᠳ᠋ᠦ᠍ᠭᠡᠷ ᠲᠣᠭ᠋ᠠᠲᠤ)᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ᠎ᠤ᠎ᠪᠠᠨ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠢ ᠪᠦᠷᠢᠳᠬᠡᠨ ᠡᠮᠬᠢᠯᠡᠵᠦ᠂ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢ ᠵᠢᠯᠣᠭᠣᠳᠤᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠳᠤ ᠲᠥᠯᠥᠪᠯᠡᠭᠡ᠎ᠲᠠᠢ᠎ᠪᠠᠷ ᠣᠷᠣᠯᠴᠠᠭᠤᠯᠵᠤ᠂ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠡᠩᠨᠡᠭᠡ ᠵᠢᠨ ᠲᠣᠭ᠎ᠠ ᠬᠡᠮᠵᠢᠶ᠎ᠡ ᠵᠢ ᠥᠷᠭᠡᠳᠬᠡᠨ᠂ ᠪᠠᠭᠰᠢ ᠵᠢᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠬᠢᠷᠢ ᠲᠦᠪᠰᠢᠨ᠎ᠢ ᠳᠡᠭᠡᠭᠰᠢᠯᠡᠬᠦᠯᠬᠦ ᠬᠡᠷᠡᠭᠳᠡᠢ᠃
ᠬᠣᠶᠠᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠳᠤᠮᠳᠠᠳᠤ ᠤᠯᠤᠰ᠎ᠤᠨ ᠠᠵᠢᠯ ᠣᠯᠭᠣᠯᠲᠠ ᠵᠢᠨ ᠪᠣᠯᠪᠠᠰᠤᠷᠠᠯ᠎ᠤᠨ ᠮᠡᠷᠭᠡᠵᠢᠯ᠎ᠤᠨ ᠵᠢᠯᠣᠭᠣᠳᠤᠯᠭ᠎ᠠ ᠵᠢᠨ ᠲᠥᠪ᠎ᠤᠨ ᠨᠡᠢ᠌ᠲᠡᠯᠡᠭᠰᠡᠨ 2024 ᠣᠨ᠎ᠤ ᠳᠣᠣᠷ᠎ᠠ ᠬᠠᠭ᠋ᠠᠰ ᠵᠢᠯ᠎ᠤᠨ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠮᠡᠳᠡᠭᠡ ᠵᠠᠩᠭᠢ ᠵᠢ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠳᠤ ᠳᠠᠮᠵᠢᠭᠤᠯᠵᠤ᠂ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢ ᠵᠢᠭ᠋ᠠᠨ ᠵᠢᠯᠤᠭᠣᠳᠴᠤ ᠪᠠᠭᠰᠢ ᠨᠠᠷ᠎ᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠰᠠᠭᠤᠷᠢᠨ (ᠬᠥᠯᠥᠨ ᠪᠣᠢ᠌ᠷ᠎ᠤᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ) ᠪᠣᠯᠣᠨ ᠪᠠᠭᠰᠢ ᠵᠢᠨ ᠪᠣᠯᠪᠠᠰᠤᠷᠠᠯ᠎ᠤᠨ ᠰᠠᠭᠤᠷᠢᠨ᠎ᠤ ᠵᠣᠬᠢᠶᠠᠨ ᠪᠠᠢ᠌ᠭᠤᠯᠤᠭᠰᠠᠨ ᠪᠤᠰᠤᠳ ᠪᠣᠯᠪᠠᠰᠤᠷᠠᠯ᠎ᠳᠤ ᠣᠷᠣᠯᠴᠠᠭᠤᠯᠬᠤ ᠬᠡᠷᠡᠭᠳᠡᠢ᠃
ᠭᠤᠷᠪᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠪᠣᠯᠪᠠᠰᠤᠷᠠᠯ᠎ᠳᠤ ᠤᠷᠤᠯᠴᠠᠬᠰᠠᠨ ᠪᠥᠭᠡᠳ ᠪᠣᠯᠪᠠᠰᠤᠷᠠᠯ᠎ᠤᠨ ᠦᠨᠡᠮᠯᠡᠯ ᠣᠯᠣᠭᠰᠠᠨ ᠪᠠᠭᠰᠢ ᠵᠢ ᠲᠣᠰ ᠭᠠᠵᠠᠷ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠭᠰᠠᠨ ᠪᠠᠭᠰᠢ ᠪᠣᠯᠭ᠋ᠠᠨ ᠪᠣᠯᠪᠠᠰᠤᠷᠠᠭᠤᠯᠵᠤ᠂ ᠲᠣᠰ ᠭᠠᠵᠠᠷ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢ ᠵᠣᠬᠢᠶᠠᠨ ᠪᠠᠢ᠌ᠭᠤᠯᠤᠨ ᠠᠶ᠋ᠢᠮᠠᠭ ᠬᠣᠲᠠ ᠵᠢᠨ ᠲᠠᠰ᠂ ᠰᠤᠷᠭ᠋ᠠᠭᠤᠯᠢ ᠵᠢᠨ ᠲᠠᠰ᠎ᠤᠨ ᠪᠣᠳᠠᠲᠠᠢ ᠠᠵᠢᠯ᠎ᠳᠤ ᠣᠷᠣᠯᠴᠠᠬᠤ ᠪᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠢ ᠥᠷᠨᠢᠭᠦᠯᠵᠦ᠂ ᠪᠣᠳᠠᠲᠠᠢ ᠠᠵᠢᠯ᠎ᠳᠤ ᠣᠷᠣᠯᠴᠠᠬᠤ ᠪᠠ ᠰᠣᠷᠣᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠪᠥᠬᠥ ᠲᠠᠯ᠎ᠠ᠎ᠪᠠᠷ ᠳᠡᠯᠭᠡᠷᠡᠭᠦᠯᠬᠦ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 6 ᠰᠠᠷ᠎ᠠ ᠵᠢᠨ 14᠎ᠤ ᠡᠳᠦᠷ