ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-08-13

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
      ᠪᠦᠬᠦ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠬᠦ ᠵᠢᠨ ᠲᠥᠯᠥᠭᠡ᠂ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠭᠰᠠᠨ ᠨᠢᠭᠡᠴᠢ᠎ᠳᠤ ᠳᠠᠩᠰᠠᠯᠠᠨ ᠬᠠᠮᠢᠶᠠᠷᠬᠤ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2020] 45 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠥᠷ ᠮᠣᠩᠭᠣᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠬᠢᠭᠡᠳ ᠠᠵᠢᠯ ᠣᠯᠭᠣᠯᠲᠠ ᠵᠢ ᠠᠬᠢᠭᠤᠯᠬᠤ ᠨᠡᠢ᠌ᠭᠡᠮᠯᠢᠭ᠎ᠢ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠᠢ᠌ᠭᠤᠯᠤᠮᠵᠢ᠎ᠪᠠᠷ ᠲᠣᠭᠲᠠᠭ᠋ᠠᠪᠠ᠂ ᠬᠦᠴᠦᠨ᠎ᠲᠠᠢ ᠬᠤᠭᠤᠴᠠᠭ᠎ᠠ᠎ᠨᠢ ᠬᠣᠶᠠᠷ ᠵᠢᠯ ᠪᠣᠯᠣᠨ᠎ᠠ᠃ ᠡᠳᠦᠭᠡ ᠬᠠᠮᠢᠶ᠎ᠠ ᠪᠦᠬᠦᠢ ᠠᠵᠢᠯ᠎ᠳᠤ ᠳᠣᠣᠷᠠᠬᠢ ᠮᠡᠲᠦ ᠱᠠᠭ᠋ᠠᠷᠳᠠᠯᠭ᠎ᠠ ᠳᠤᠷᠠᠳᠪᠠ᠂ ᠬᠠᠮᠲᠤ᠎ᠳᠤᠨᠢ ᠨᠠᠢ᠌ᠳᠠᠪᠤᠷᠢᠵᠢᠭᠤᠯᠲᠤᠭ᠋ᠠᠢ᠃
      ᠨᠢᠭᠡ᠂ ᠡᠯ᠎ᠡ ᠠᠶ᠋ᠢᠮᠠᠭ ᠬᠣᠲᠠ ᠵᠢᠨ᠎ᠬᠢᠨ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠴᠢᠳᠠᠪᠤᠷᠢ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠳᠠᠭ᠋ᠠᠭ᠋ᠠᠴᠢᠯᠠᠯᠲᠠ ᠵᠠᠷᠯᠠᠬᠤ ᠪᠤᠶᠤ ᠰᠢᠯᠢᠨ ᠰᠣᠩᠭᠣᠬᠤ ᠠᠷᠭ᠎ᠠ ᠮᠠᠶᠢᠭ ᠵᠶ᠋ᠠᠷ ᠨᠢᠭᠡ ᠪᠤᠶᠤ ᠤᠯᠠᠨ ᠠᠵᠢᠯ᠎ᠤᠨ ᠪᠠᠢ᠌ᠭᠤᠯᠤᠮᠵᠢ ᠵᠢ ᠲᠣᠭᠲᠠᠭ᠋ᠠᠵᠤ᠂ ᠰᠢᠯᠭ᠋ᠠᠭᠤᠯᠤᠭᠴᠢ ᠵᠢᠨ ᠨᠡᠷ᠎ᠡ ᠮᠡᠳᠡᠭᠦᠯᠬᠦ᠂ ᠬᠢᠷᠢ ᠬᠡᠮ᠎ᠤᠨ ᠲᠤᠬᠠᠢ ᠠᠩᠬ᠎ᠠ ᠤᠳᠠᠭ᠎ᠠ ᠵᠢᠨ ᠬᠢᠨᠠᠯᠲᠠ᠂ ᠰᠢᠯᠭ᠋ᠠᠯᠲᠠ ᠵᠢᠨ ᠲᠠᠯᠠᠪᠤᠷ᠎ᠤᠨ ᠪᠡᠯᠡᠳᠬᠡᠯ ᠪᠠ ᠬᠢᠨᠠᠨ ᠲᠣᠭᠲᠠᠭ᠋ᠠᠬᠤ ᠵᠢ ᠬᠡᠷᠡᠭᠵᠢᠭᠦᠯᠬᠦ ᠵᠢ ᠪᠣᠳᠠᠲᠠᠢ ᠬᠠᠷᠢᠭᠤᠴᠠᠬᠤ ᠬᠡᠷᠡᠭᠲᠡᠶ᠃ ᠡᠭᠦᠨ᠎ᠤ ᠬᠠᠮᠲᠤ ᠬᠠᠷᠢᠶ᠎ᠠ ᠣᠷᠣᠨ᠎ᠤ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠬᠢᠨᠠᠯᠲᠠ ᠲᠠᠯᠪᠢᠨ ᠵᠢᠯᠤᠭᠣᠳᠬᠤ ᠪᠠ ᠮᠡᠷᠭᠡᠵᠢᠯ᠎ᠤᠨ ᠳᠡᠮᠵᠢᠯᠭᠡ ᠦᠵᠡᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠣᠶᠠᠷ᠂ ᠡᠯ᠎ᠡ ᠠᠶ᠋ᠢᠮᠠᠭ ᠬᠣᠲᠠ ᠵᠢᠨ᠎ᠬᠢᠨ ᠥᠪᠥᠷ ᠮᠣᠩᠭᠣᠯ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠬᠢᠭᠡᠳ ᠠᠵᠢᠯ ᠣᠯᠭᠣᠯᠲᠠ ᠵᠢ ᠠᠬᠢᠭᠤᠯᠬᠤ ᠨᠡᠢ᠌ᠭᠡᠮᠯᠢᠭ᠎ᠯᠦᠭᠡ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠬᠡᠷᠡᠭᠵᠢᠭᠦᠯᠬᠦ ᠲᠥᠰᠥᠯ ᠲᠣᠭᠲᠠᠭ᠋ᠠᠬᠤ᠂ ᠠᠯᠪᠠᠨ ᠵᠠᠷ ᠨᠡᠢ᠌ᠲᠡᠯᠡᠬᠦ᠂ ᠬᠢᠷᠢ ᠬᠡᠮ᠎ᠢ ᠳᠠᠬᠢᠨ ᠬᠢᠨᠠᠬᠤ᠂ ᠰᠢᠯᠭ᠋ᠠᠯᠲᠠ ᠵᠢᠨ ᠰᠡᠳᠦᠪ ᠭᠠᠷᠭ᠋ᠠᠬᠤ᠂ ᠬᠢᠷᠢ ᠪᠦᠲᠦᠮᠵᠢ ᠵᠢ ᠵᠠᠷᠯᠠᠨ ᠨᠡᠢ᠌ᠲᠡᠯᠡᠬᠦ ᠪᠠ ᠦᠨᠡᠮᠯᠡᠯ᠎ᠢ ᠬᠠᠷᠭᠤᠭᠤᠯᠤᠨ ᠣᠯᠭᠣᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠭᠤᠷᠪᠠ᠂ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠴᠢᠳᠠᠪᠤᠷᠢ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠭᠰᠠᠨ ᠠᠵᠢᠯ ᠮᠡᠷᠭᠡᠵᠢᠯ (ᠠᠵᠢᠯ᠎ᠤᠨ ᠲᠥᠷᠥᠯ)᠂ ᠲᠠᠰ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ (http://www.osta.org.cn) ᠳᠡᠭᠡᠷ᠎ᠡ ᠨᠡᠢ᠌ᠲᠡᠯᠡᠵᠦ᠂ ᠬᠥᠳᠡᠯᠦᠩᠭᠦᠢ᠎ᠪᠠᠷ ᠲᠣᠬᠢᠷᠠᠭᠤᠯᠬᠤ ᠵᠢ ᠬᠡᠷᠡᠭᠵᠢᠭᠦᠯᠦᠨ᠎ᠡ᠃ ᠵᠢᠷᠤᠮᠵᠢᠭᠤᠨ ᠬᠢᠨᠠᠨ ᠲᠣᠭᠲᠠᠭ᠋ᠠᠬᠤ᠎ᠪᠠᠷ ᠳᠡᠮᠵᠢᠨ ᠣᠯᠣᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠎ᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ᠎ᠠᠴᠠ ᠪᠠᠢ᠌ᠴᠠᠭ᠋ᠠᠨ ᠯᠠᠪᠯᠠᠵᠤ ᠪᠣᠯᠬᠤ ᠵᠢᠨ ᠬᠠᠮᠲᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠪᠦᠷᠢᠳᠬᠡᠬᠦ ᠬᠡᠪᠴᠢᠶᠡᠨ᠎ᠳᠤ ᠣᠷᠣᠭᠤᠯᠤᠨ᠎ᠠ᠃
      ᠳᠥᠷᠪᠡ᠂ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠪᠤᠰᠤ ᠠᠵᠢᠯ᠎ᠤᠨ ᠦᠢ᠍ᠯᠡᠴᠢᠯᠡᠭᠡᠨ᠎ᠤ ᠤᠷ᠎ᠠ ᠴᠢᠳᠠᠪᠤᠷᠢ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠦᠨᠡᠮᠯᠡᠯ᠎ᠤᠨ ᠳ᠋ᠤᠭ᠋ᠠᠷᠯᠠᠯ᠎ᠤᠨ ᠡᠮᠦᠨ᠎ᠡ 9 ᠣᠷᠣᠨ᠂ ᠳ᠋ᠤᠭ᠋ᠠᠷᠯᠠᠯ᠎ᠨᠢ S00001599 ᠪᠠᠢ᠌ᠵᠤ᠂ 10᠎ᠠᠴᠠ 22 ᠳ᠋ᠤᠭ᠋ᠠᠷ ᠣᠷᠣᠨ ᠬᠦᠷᠲᠡᠯᠡᠬᠢ ᠳ᠋ᠤᠭ᠋ᠠᠷᠯᠠᠯ᠎ᠤᠨ ᠳᠦᠷᠢᠮᠵᠢᠯ᠎ᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠲᠥᠪ᠎ᠤᠨ 《〈ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠦᠨᠡᠮᠯᠡᠯ᠎ᠤᠨ ᠳ᠋ᠤᠭ᠋ᠠᠷᠯᠠᠯ᠎ᠤᠨ ᠳᠦᠷᠢᠮᠵᠢᠯ (ᠲᠤᠷᠰᠢᠨ ᠬᠡᠷᠡᠭᠵᠢᠭᠦᠯᠬᠦ)〉 ᠪᠠ 〈ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠦᠨᠡᠮᠯᠡᠯ᠎ᠤᠨ ᠯᠠᠪᠯᠠᠯᠲᠠ ᠵᠢᠨ ᠶᠠᠩᠵᠤ ᠬᠡᠯᠪᠡᠷᠢ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》᠎ᠢ ᠦᠨᠳᠦᠰᠦᠯᠡᠨ ᠬᠡᠷᠡᠭᠵᠢᠭᠦᠯᠦᠨ᠎ᠡ᠃
      ᠳᠠᠭ᠋ᠠᠯᠳᠤᠭᠤᠯᠤᠯ᠄ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ ᠵᠢ ᠳᠠᠩᠰᠠᠯᠠᠭᠤᠯᠬᠤ ᠬᠦᠰᠦᠨᠦᠭᠲᠦ
                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

                   ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                          2024 ᠣᠨ᠎ᠤ 7 ᠰᠠᠷ᠎ᠠ ᠵᠢᠨ 2᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            