ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠳᠤ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-15

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      ᠡᠳᠦᠭᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠵᠤᠷᠭ᠋ᠠᠨ᠎ᠤ 《ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠳᠤ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠵᠤᠷᠭ᠋ᠠᠨ᠎ᠤ ᠡᠩ᠎ᠤᠨ ᠵᠠᠬᠢᠳᠠᠯ [2024] 25 ᠳ᠋ᠤᠭ᠋ᠠᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠠᠨᠠᠷ᠎ᠲᠤ ᠳᠠᠮᠵᠢᠭᠤᠯᠤᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠬᠠᠮᠲᠤ᠎ᠳᠤᠨᠢ ᠰᠠᠶ᠋ᠢᠲᠤᠷ ᠠᠳᠬᠤᠵᠤ ᠨᠠᠢ᠌ᠳᠠᠪᠤᠷᠢᠵᠢᠭᠤᠯᠲᠤᠭ᠋ᠠᠢ᠃
      ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠷᠢᠶ᠎ᠠ ᠣᠷᠣᠨ᠎ᠤ ᠳᠣᠲᠣᠷᠠᠬᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠨᠢᠭᠡᠪᠦᠷᠢ ᠵᠢ ᠵᠢᠯᠣᠭᠣᠳᠤᠨ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠵᠢᠨ ᠰᠤᠷᠤᠯᠭ᠎ᠠ ᠡᠬᠢᠯᠡᠭᠰᠡᠨ ᠨᠢᠭᠡᠳᠦᠭᠡᠷ ᠭᠠᠷᠠᠭ᠎ᠲᠤ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠠᠵᠢᠯᠯᠠᠭ᠎ᠠ ᠵᠢᠨ ᠭᠣᠣᠯ ᠰᠡᠳᠦᠪ ᠵᠶ᠋ᠡᠨ ᠲᠣᠭᠲᠠᠭ᠋ᠠᠵᠤ᠂ 《ᠤᠷᠠᠨ ᠲᠠᠷᠬᠠᠨ᠎ᠤ ᠤᠯᠠᠮᠵᠢᠯᠠᠯ》 《ᠤᠷᠠᠨ ᠲᠠᠷᠬᠠᠨ᠎ᠤ ᠤᠯᠠᠮᠵᠢᠯᠠᠯ᠎ᠤᠨ ᠵᠢᠯᠣᠭᠣᠳᠤᠯᠭ᠎ᠠ ᠬᠢᠭᠡᠳ ᠦᠢ᠍ᠯᠡᠳᠦᠯᠭᠡ》 《ᠡᠷᠲᠡᠨ᠎ᠤ ᠤᠷᠠᠨ ᠳᠠᠷᠬᠠᠨ᠎ᠤ ᠥᠯᠢᠭᠡᠷ》 ᠵᠡᠷᠭᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠤᠯᠠᠨ ᠨᠠᠢ᠌ᠳᠠ ᠵᠢᠨ ᠰᠠᠭᠤᠷᠢ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠵᠦ᠂ ᠬᠢᠴᠢᠶᠡᠯ ᠪᠡᠯᠡᠳᠬᠡᠵᠦ ᠬᠢᠴᠢᠶᠡᠯᠯᠡᠬᠦ ᠪᠡᠯᠡᠳᠬᠡᠯ᠎ᠢ ᠰᠠᠶ᠋ᠢᠲᠤᠷ ᠬᠢᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠬᠥᠮᠦᠵᠢᠯ᠎ᠢ ᠴᠢᠩᠭ᠋ᠠᠳᠬᠠᠨ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠰᠢᠨ᠎ᠡ ᠰᠣᠷᠣᠭᠴᠢ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ ᠭᠥᠷᠳᠡᠬᠦ ᠡᠬᠢᠯᠡᠯᠲᠡ ᠵᠢᠨ ᠱᠠᠲᠤᠨ᠎ᠳᠤ ᠤᠷ᠎ᠠ ᠮᠡᠷᠭᠡᠵᠢᠯ ᠵᠶ᠋ᠠᠷ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ ᠵᠶ᠋ᠠᠷ ᠤᠯᠤᠰ᠎ᠲᠠᠭᠠᠨ ᠵᠢᠳᠬᠦᠬᠦ ᠬᠦᠰᠡᠯᠡᠩ ᠢᠲᠡᠭᠡᠯ ᠵᠣᠷᠢᠭ᠎ᠢ᠎ᠨᠢ ᠪᠠᠲᠤᠳᠬᠠᠬᠤ ᠬᠡᠷᠡᠭᠲᠡᠢ᠃
      ᠬᠣᠶᠠᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢ ᠬᠠᠪᠰᠤᠷᠤᠨ ᠲᠣᠰ ᠭᠠᠵᠠᠷ ᠣᠷᠣᠨ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠥᠷᠥᠯ ᠵᠦᠢ᠍ᠯ᠎ᠤᠨ ᠤᠯᠠᠮᠵᠢᠯᠠᠭᠴᠢ ᠵᠢ ᠢᠳᠡᠪᠬᠢᠲᠡᠢ᠎ᠪᠠᠷ ᠤᠷᠢᠵᠤ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠨ ᠭᠣᠣᠯ ᠰᠡᠳᠦᠪᠲᠦ ᠲᠠᠢ᠌ᠯᠤᠮᠵᠢ ᠥᠷᠨᠢᠭᠦᠯᠬᠦ ᠬᠡᠷᠡᠭᠲᠡᠶ᠃ ᠡᠯ᠎ᠡ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠡᠯ᠎ᠡ ᠲᠥᠷᠥᠯ᠎ᠤᠨ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ᠃
      ᠭᠤᠷᠪᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠲᠤᠰᠬᠠᠢ ᠬᠥᠮᠥᠨ ᠲᠣᠭᠲᠠᠭ᠋ᠠᠨ ᠬᠠᠷᠢᠭᠤᠴᠠᠭᠤᠯᠵᠤ᠂ ᠲᠣᠰ ᠭᠠᠵᠠᠷ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠠᠩᠬᠠᠨ᠎ᠤ ᠬᠢᠴᠢᠶᠡᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠭᠰᠠᠨ ᠪᠠᠶ᠋ᠢᠳᠠᠯ ᠵᠶ᠋ᠠᠨ 2024 ᠣᠨ᠎ᠤ 9 ᠰᠠᠷ᠎ᠠ ᠵᠢᠨ 15᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠬᠦᠷᠭᠡᠨ ᠮᠡᠳᠡᠭᠦᠯᠬᠦ ᠬᠡᠷᠡᠭᠳᠡᠢ᠃
      ᠬᠠᠷᠢᠯᠴᠠᠬᠤ ᠬᠥᠮᠥᠨ᠄ ᠫᠠᠩ ᠳ᠋ᠦᠩ ᠢᠦᠢ
      ᠬᠠᠷᠢᠯᠴᠠᠬᠤ ᠤᠲᠠᠰᠤ᠄ (0471) 6944622
              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

              ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                               2024 ᠣᠨ᠎ᠤ 7 ᠰᠠᠷ᠎ᠠ ᠵᠢᠨ 1᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            