ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠠᠷᠪᠠᠨ ᠭᠤᠷᠪᠠᠳᠤᠭ᠋ᠠᠷ ᠪᠦᠯᠦᠭ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-01

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠵᠢᠯᠲᠠᠨ᠎ᠤ ᠶᠠᠪᠤᠳᠠᠯ (ᠺᠠᠳ᠋ᠷ)᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ (ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠳᠤ᠄
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ 《ᠠᠷᠪᠠᠨ ᠭᠤᠷᠪᠠᠳᠤᠭ᠋ᠠᠷ ᠪᠦᠯᠦᠭ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠦᠨᠳᠦᠰᠦᠯᠡᠨ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠠᠬᠢᠳᠠᠯ [2024] 80 ᠳ᠋ᠤᠭ᠋ᠠᠷ ᠲᠣᠭ᠋ᠠᠲᠤ)᠂ ᠡᠳᠦᠭᠡ ᠮᠠᠨ᠎ᠤ ᠣᠷᠣᠨ᠎ᠤ ᠠᠷᠪᠠᠨ ᠭᠤᠷᠪᠠᠳᠤᠭ᠋ᠠᠷ ᠪᠦᠯᠦᠭ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠭᠤᠶᠤᠴᠢᠠᠯᠨ ᠮᠡᠳᠡᠭᠦᠯᠬᠦ ᠬᠡᠪᠴᠢᠶ᠎ᠡ
      ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠢ ᠪᠣᠯ ᠭᠣᠣᠯᠳᠠᠭᠤ ᠪᠠᠢ᠌ᠭ᠎ᠠ ᠭᠠᠵᠠᠷ ᠣᠷᠣᠨ ᠪᠤᠶᠤ ᠠᠵᠢᠯ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠳᠡᠯᠭᠡ ᠵᠢ ᠰᠢᠨᠡᠳᠬᠡᠬᠦ ᠢᠨᠵᠧᠨᠧᠷᠢᠩ᠎ᠤᠨ ᠴᠢᠬᠤᠯᠠ ᠡᠭᠦᠷᠭᠡ ᠵᠢ ᠡᠭᠦᠷᠭᠡᠯᠡᠬᠦ᠂ ᠬᠠᠮᠢᠶ᠎ᠠ ᠪᠦᠬᠦᠢ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠳᠠᠪᠤᠷᠢᠲᠠᠨ᠎ᠢ ᠬᠥᠮᠥᠵᠢᠭᠦᠯᠵᠦ ᠪᠣᠯᠪᠠᠰᠤᠷᠠᠭᠤᠯᠬᠤ ᠴᠢᠳᠠᠪᠤᠷᠢ ᠵᠢᠨ ᠲᠠᠯ᠎ᠠ᠎ᠪᠠᠷ ᠠᠵᠢᠯ᠎ᠤᠨ ᠬᠢᠷᠢ ᠪᠦᠲᠦᠮᠵᠢ᠎ᠪᠠᠷ ᠲᠣᠪᠣᠢ᠌ᠮ᠎ᠠ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠣᠷᠣᠨ ᠨᠤᠲᠤᠭ᠂ ᠰᠠᠯᠠᠭ᠎ᠠ ᠮᠥᠴᠢᠷ ᠪᠤᠶᠤ ᠠᠵᠢᠯ ᠲᠥᠷᠥᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ᠂ ᠲᠤᠰᠬᠠᠢ ᠮᠡᠷᠭᠡᠵᠢᠯ᠎ᠤᠨ ᠨᠡᠢ᠌ᠭᠡᠮᠯᠢᠭ (ᠰᠤᠳᠤᠯᠭ᠋ᠠᠨ᠎ᠤ ᠨᠡᠢ᠌ᠭᠡᠮᠯᠢᠭ) ᠵᠢᠴᠢ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠪᠣᠯᠪᠠᠰᠤᠷᠠᠯ᠎ᠤᠨ ᠪᠠᠢ᠌ᠭᠤᠯᠤᠮᠵᠢ ᠵᠢᠨ ᠳᠣᠲᠣᠷ᠎ᠠ᠎ᠠᠴᠠ ᠰᠣᠩᠭᠣᠨ ᠭᠠᠷᠭ᠋ᠠᠨ᠎ᠠ᠃
      ᠬᠣᠶᠠᠷ᠂ ᠭᠤᠶᠤᠴᠢᠯᠠᠨ ᠮᠡᠳᠡᠭᠦᠯᠬᠦ ᠨᠥᠬᠥᠴᠡᠯ
      ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠪᠠᠢ᠌ᠭᠤᠯᠬᠤ᠎ᠪᠠᠷ ᠭᠤᠶᠤᠴᠢᠯᠠᠨ ᠮᠡᠳᠡᠭᠦᠯᠬᠦ᠎ᠳᠤ ᠳᠣᠣᠷᠠᠬᠢ ᠦᠨᠳᠦᠰᠦᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
      (ᠨᠢᠭᠡ) ᠳᠤᠮᠳᠠᠳᠤ ᠤᠯᠤᠰ᠎ᠤᠨ ᠬᠢᠯᠢ ᠵᠢᠨ ᠳᠣᠲᠣᠷ᠎ᠠ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠪᠠᠢ᠌ᠭᠤᠯᠤᠮᠵᠢ (ᠡ᠊ᠩ᠎ᠤᠨ ᠪᠠᠶ᠋ᠢᠳᠠᠯ᠎ᠳᠤ ᠲᠡᠭᠦᠨ᠎ᠤ ᠭᠤᠷᠪᠠ ᠵᠢ ᠲᠣᠭᠲᠠᠭ᠋ᠠᠬᠤ ᠲᠥᠰᠥᠯ᠂ ᠬᠠᠤᠯᠢ ᠵᠢᠨ ᠡᠷᠬᠡᠲᠡᠨ ᠵᠶ᠋ᠡᠷ ᠳᠠᠩᠰᠠᠯᠠᠭᠤᠯᠤᠭᠰᠠᠨ ᠦᠨᠡᠮᠯᠡᠯ᠎ᠤᠨ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ ᠪᠤᠶᠤ ᠡᠵᠡᠩᠨᠡᠯᠲᠡ ᠵᠢᠨ ᠦᠨᠡᠮᠯᠡᠯ᠎ᠤᠨ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠎ᠳᠠᠬᠢ ᠪᠣᠯᠪᠠᠰᠤᠷᠠᠯ᠂ ᠦᠷᠭᠦᠯᠵᠢᠯᠡᠯ ᠰᠤᠷᠭ᠋ᠠᠨ ᠬᠥᠮᠦᠵᠢᠯ ᠪᠠᠭᠲᠠᠨ᠎ᠠ)᠃
      (ᠬᠣᠶᠠᠷ) ᠪᠣᠯᠪᠠᠰᠤᠷᠠᠯ᠎ᠤᠨ ᠬᠡᠷᠡᠭᠴᠡᠭᠡ ᠵᠢ ᠬᠠᠩᠭ᠋ᠠᠵᠤ ᠳᠡᠢ᠌ᠯᠬᠦ ᠬᠠᠷᠢᠴᠠᠩᠭᠤᠢ ᠲᠣᠭᠲᠠᠪᠤᠷᠢᠲᠠᠢ ᠥᠨᠳᠥᠷ ᠬᠡᠪ ᠪᠣᠯᠪᠠᠰᠤᠷᠠᠯ᠎ᠲᠠᠢ ᠲᠤᠰᠬᠠᠢ ᠲᠤᠰᠢᠶᠠᠯᠲᠠᠨ ᠪᠠ ᠲᠤᠰᠢᠶᠠᠯ ᠬᠠᠪᠰᠤᠷᠭ᠋ᠠᠭᠰᠠᠨ ᠪᠠᠭᠰᠢ ᠵᠢᠨ ᠡᠩᠨᠡᠭᠡ᠎ᠲᠠᠢ᠂ ᠪᠦᠷᠢᠨ ᠲᠡᠭᠦᠯᠳᠡᠷ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠴᠢ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢ ᠬᠢᠵᠦ ᠪᠠᠢ᠌ᠭ᠎ᠠ ᠲᠤᠰᠬᠠᠢ ᠲᠤᠰᠢᠶᠠᠯᠲᠠᠨ ᠪᠠ ᠲᠤᠰᠢᠶᠠᠯ ᠬᠠᠪᠰᠤᠷᠭ᠋ᠠᠭᠰᠠᠨ ᠠᠵᠢᠯᠲᠠᠨ᠎ᠲᠠᠢ ᠪᠠᠶ᠋ᠢᠬᠤ ᠬᠡᠷᠡᠭᠲᠡᠶ᠃
      (ᠭᠤᠷᠪᠠ) ᠪᠦᠷᠢᠨ ᠲᠡᠭᠦᠯᠳᠡᠷ ᠵᠢᠭ᠋ᠠᠨ ᠰᠤᠷᠭ᠋ᠠᠯᠲᠠ ᠵᠢ ᠵᠣᠬᠢᠶᠠᠨ ᠪᠠᠢ᠌ᠭᠤᠯᠵᠤ ᠬᠠᠮᠢᠶᠠᠷᠬᠤ᠂ ᠰᠤᠷᠤᠯᠭ᠋ᠠᠲᠠᠨ᠎ᠢ ᠰᠢᠯᠭ᠋ᠠᠨ ᠬᠢᠨᠠᠬᠤ ᠬᠠᠮᠢᠶᠠᠷᠤᠯᠲᠠ᠂ ᠪᠣᠯᠪᠠᠰᠤᠷᠠᠯ᠎ᠤᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ᠂ ᠪᠣᠯᠪᠠᠰᠤᠷᠠᠯ᠎ᠤᠨ ᠦᠷ᠎ᠡ ᠪᠦᠲᠦᠮᠵᠢ ᠵᠢ ᠦᠨᠡᠯᠡᠬᠦ᠂ ᠠᠷᠤ ᠲᠠᠯ᠎ᠠ ᠵᠢᠨ ᠦᠢ᠍ᠯᠡᠴᠢᠯᠡᠭᠡ ᠪᠠᠲᠤᠯᠠᠭ᠎ᠠ ᠵᠢᠴᠢ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠡᠷᠭᠡ ᠦᠨᠳᠦᠰᠦᠨ ᠬᠠᠮᠢᠶᠠᠷᠤᠯᠲᠠ ᠵᠢᠨ ᠳᠦᠷᠢᠮ᠎ᠲᠠᠢ ᠪᠠᠶ᠋ᠢᠬᠤ ᠬᠡᠷᠡᠭᠲᠡᠶ᠃
      (ᠳᠥᠷᠪᠡ) ᠪᠣᠳᠠᠲᠤ ᠴᠣᠭᠴᠠ ᠵᠢᠨ ᠪᠠ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠎ᠳᠤ ᠬᠡᠷᠡᠭᠰᠡᠬᠦ ᠵᠢᠭ᠋ᠠᠨ ᠰᠤᠷᠭ᠋ᠠᠯᠲᠠ ᠵᠢᠨ ᠲᠣᠨᠣᠭ ᠲᠥᠬᠦᠭᠡᠷᠦᠮᠵᠢ ᠪᠠ ᠰᠠᠭᠤᠷᠢ ᠲᠥᠬᠦᠭᠡᠷᠦᠮᠵᠢ ᠵᠢ ᠬᠠᠩᠭ᠋ᠠᠵᠤ ᠳᠡᠢ᠌ᠯᠬᠦ᠂ ᠲᠣᠭᠲᠠᠮᠠᠯ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠲᠠᠯᠠᠪᠤᠷ ᠭᠠᠵᠠᠷ᠂ ᠲᠣᠨᠣᠭ ᠲᠥᠬᠦᠭᠡᠷᠦᠮᠵᠢ ᠵᠡᠷᠭᠡ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠪᠠ ᠣᠳᠣᠬᠢᠴᠢᠯᠠᠭᠰᠠᠨ ᠠᠯᠤᠰ ᠡᠵᠡᠮᠰᠢᠯᠲᠦ ᠵᠢᠭ᠋ᠠᠨ ᠰᠤᠷᠭ᠋ᠠᠯᠲᠠ ᠵᠢᠨ ᠨᠥᠬᠥᠴᠡᠯ᠎ᠲᠠᠢ ᠪᠠᠢ᠌ᠵᠤ᠂ ᠰᠦᠯᠵᠢᠶ᠎ᠡ ᠳᠡᠭᠡᠷᠡᠬᠢ ᠪᠣᠯᠪᠠᠰᠤᠷᠠᠯ ᠪᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠢ᠌ᠭᠤᠯᠬᠤ ᠬᠡᠷᠡᠭᠳᠡᠢ᠃
      (ᠲᠠᠪᠤ) ᠲᠤᠰᠬᠠᠢ ᠮᠡᠷᠭᠡᠵᠢᠯ᠎ᠤᠨ ᠠᠵᠢᠯᠲᠠᠨ᠎ᠢ ᠬᠥᠮᠥᠵᠢᠭᠦᠯᠦᠨ ᠪᠣᠯᠪᠠᠰᠤᠷᠠᠭᠤᠯᠬᠤ ᠡᠯᠪᠡᠭ ᠪᠠᠶᠠᠯᠢᠭ ᠲᠤᠷᠰᠢᠯᠭ᠎ᠠ᠎ᠲᠠᠢ ᠪᠠᠢ᠌ᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠵᠢᠯ ᠪᠦᠷᠢ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠪᠣᠯᠪᠠᠰᠤᠷᠠᠭᠤᠯᠬᠤ ᠶᠡᠷᠦᠩᠬᠡᠢ ᠬᠡᠮᠵᠢᠶ᠎ᠡ ᠵᠢ 2000 ᠬᠥᠮᠥᠨ ᠤᠳᠠᠭ᠎ᠠ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ᠃
      ᠭᠤᠷᠪᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ
      (ᠨᠢᠭᠡ) ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠵᠶ᠋ᠠᠷ ᠮᠡᠳᠡᠭᠦᠯᠬᠦ ᠬᠦᠰᠦᠨᠦᠭᠲᠦ (ᠳᠠᠭ᠋ᠠᠯᠳᠤᠭᠤᠯᠤᠯ᠎ᠳᠤ ᠦᠵᠡ);
      (ᠬᠣᠶᠠᠷ) ᠬᠠᠤᠯᠢ ᠵᠢᠨ ᠡᠷᠬᠡᠲᠡᠨ ᠵᠶ᠋ᠡᠷ ᠳᠠᠩᠰᠠᠯᠠᠭᠤᠯᠤᠭᠰᠠᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ (ᠨᠢᠭᠡᠴᠢ ᠵᠢᠨ ᠵᠶ᠋ᠡᠨ ᠲᠠᠮᠠᠭ᠎ᠠ ᠵᠢ ᠳᠠᠷᠤᠨ᠎ᠠ);
      (ᠭᠤᠷᠪᠠ) ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠪᠤᠶᠤ ᠨᠥᠬᠥᠪᠦᠷᠢ ᠮᠠᠲ᠋ᠧᠷᠢᠶᠠᠯ᠃ ᠭᠠᠵᠠᠷ ᠣᠷᠣᠨ ᠪᠤᠶᠤ ᠰᠠᠯᠠᠭ᠎ᠠ ᠮᠥᠴᠢᠷ᠂ ᠠᠵᠢᠯ ᠲᠥᠷᠥᠯ᠎ᠤᠨ ᠪᠠᠢ᠌ᠭᠤᠯᠤᠭᠰᠠᠨ ᠣᠷᠣᠨ ᠪᠦᠰᠡ ᠵᠢᠨ ᠴᠢᠨᠠᠷᠲᠠᠢ᠂ ᠠᠵᠢᠯ ᠲᠥᠷᠥᠯ᠎ᠤᠨ ᠴᠢᠨᠠᠷᠲᠠᠢ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠳᠤ ᠬᠠᠷᠢᠶᠠᠯᠠᠭᠳᠠᠪᠠᠯ᠂ ᠬᠣᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ᠎ᠢ ᠬᠠᠮᠲᠤ᠎ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ᠭᠤᠶᠤᠴᠢᠯᠠᠨ ᠮᠡᠳᠡᠭᠦᠯᠬᠦ ᠪᠠᠢ᠌ᠭᠤᠯᠤᠮᠵᠢ᠎ᠨᠢ ᠪᠥᠬᠥ ᠮᠠᠲ᠋ᠧᠷᠢᠶᠠᠯ᠎ᠢ ᠳᠡᠪᠲᠡᠷᠯᠡᠵᠦ᠂ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠬᠢᠨᠠᠭᠤᠯᠬᠤ ᠬᠡᠷᠡᠭᠲᠡᠶ᠃
      ᠳᠥᠷᠪᠡ᠂ ᠬᠣᠯᠪᠣᠭᠳᠠᠯ ᠪᠦᠬᠦᠢ ᠱᠠᠭ᠋ᠠᠷᠳᠠᠯᠭ᠎ᠠ
      ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠢ ᠡᠩ ᠲᠡᠷᠢᠭᠦᠨ᠎ᠳᠤ ᠣᠷᠣᠨ ᠪᠦᠰᠡ ᠵᠢᠨ ᠴᠢᠨᠠᠷᠲᠠᠢ᠂ ᠠᠵᠢᠯ ᠲᠥᠷᠥᠯ᠎ᠤᠨ ᠴᠢᠨᠠᠷᠲᠠᠢ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠤ ᠳᠣᠲᠣᠷ᠎ᠠ᠎ᠠᠴᠠ ᠰᠣᠩᠭᠣᠨ ᠲᠠᠨᠢᠯᠴᠠᠭᠤᠯᠬᠤ ᠵᠢᠨ ᠬᠠᠮᠲᠤ ᠵᠢᠱ᠌ᠢᠭᠳᠡᠭᠰᠡᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠬᠥᠮᠥᠵᠢᠭᠦᠯᠦᠨ ᠪᠣᠯᠪᠠᠰᠤᠷᠠᠭᠤᠯᠬᠤ ᠡᠭᠦᠷᠭᠡ ᠵᠢ ᠡᠭᠦᠷᠭᠡᠯᠡᠵᠦ ᠪᠠᠢ᠌ᠭ᠎ᠠ ᠪᠠᠶ᠋ᠢᠳᠠᠯ᠎ᠢ ᠭᠣᠣᠯᠳᠠᠯᠭ᠎ᠠ᠎ᠲᠠᠢ ᠰᠢᠨᠵᠢᠯᠡᠨ ᠪᠠᠢ᠌ᠴᠠᠭ᠋ᠠᠬᠤ ᠬᠡᠷᠡᠭᠲᠡᠶ᠃ 《ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠪᠣᠢ᠌ᠵᠢᠭᠤᠯᠬᠤ ᠵᠢ ᠲᠦᠷᠭᠡᠳᠬᠡᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠋ᠠᠨ᠎ᠤ ᠲᠥᠰᠥᠯ (2024 — 2026 ᠣᠨ)》᠎ᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠷᠪᠠᠨ ᠭᠤᠷᠪᠠᠳᠤᠭ᠋ᠠᠷ ᠪᠦᠯᠦᠭ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠎ᠢ ᠰᠣᠩᠭᠣᠬᠤ᠎ᠳᠠᠭᠠᠨ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶ᠎ᠡ ᠴᠠᠷᠠᠭ᠎ᠠ ᠲᠡᠢ᠌ᠰᠢ ᠬᠡᠯᠪᠡᠢ᠌ᠯᠭᠡᠬᠦ ᠪᠣᠯᠣᠨ᠎ᠠ᠃ ᠡᠯ᠎ᠡ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠣᠰ ᠭᠠᠵᠠᠷ ᠣᠷᠣᠨ᠂ ᠲᠣᠰ ᠠᠵᠢᠯ ᠲᠥᠷᠥᠯ᠎ᠤᠨ ᠵᠶ᠋ᠡᠨ ᠮᠡᠳᠡᠯᠭᠡ ᠵᠢ ᠰᠢᠨᠡᠳᠬᠡᠬᠦ ᠢᠨᠵᠧᠨᠧᠷᠢᠩ᠎ᠢ ᠬᠡᠷᠡᠭᠵᠢᠭᠦᠯᠬᠦ ᠬᠡᠷᠡᠭᠴᠡᠭᠡ ᠵᠢ ᠦᠨᠳᠦᠰᠦᠯᠡᠨ᠂ ᠰᠢᠯᠢᠳᠡᠭ᠎ᠢ᠎ᠨᠢ ᠰᠣᠩᠭᠣᠨ 1 ᠵᠢᠱ᠌ᠢᠭᠳᠡᠭᠴᠢ ᠨᠢᠭᠡᠴᠢ ᠵᠢ ᠲᠠᠨᠢᠯᠴᠠᠭᠤᠯᠵᠤ᠂ 2024 ᠣᠨ᠎ᠤ 7 ᠰᠠᠷ᠎ᠠ ᠵᠢᠨ 1᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃
      ᠬᠠᠷᠢᠯᠴᠠᠬᠤ ᠬᠥᠮᠥᠨ᠄ ᠸᠠᠩ ᠾᠦᠢ
      ᠬᠠᠷᠢᠯᠴᠠᠬᠤ ᠤᠲᠠᠰᠤ᠄ 0471 — 6944061
      ᠳᠠᠭ᠋ᠠᠯᠳᠤᠭᠤᠯᠤᠯ᠄ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ ᠵᠶ᠋ᠡᠷ ᠭᠤᠶᠤᠴᠢᠯᠠᠨ ᠮᠡᠳᠡᠭᠦᠯᠬᠦ ᠬᠦᠰᠦᠨᠦᠭᠲᠦ
              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

              ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                    2024 ᠣᠨ᠎ᠤ 6 ᠰᠠᠷ᠎ᠠ ᠵᠢᠨ 14᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            