ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠤᠷᠤᠯᠳᠤᠭᠴᠢ᠎ᠳᠤ 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ》᠎ᠤ ᠴᠣᠯᠠ ᠣᠯᠭᠣᠬᠤ ᠲᠤᠬᠠᠢ ᠲᠣᠭᠲᠠᠭ᠋ᠠᠯ
ᠨᠡᠶ᠋ᠢᠲᠡᠯᠡᠭᠰᠡᠨ ᠴᠠᠭ᠄ 2024-08-23

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠬᠦ ᠲᠤᠬᠠᠢ ᠮᠡᠳᠡᠭᠳᠡᠯ》 (ᠥᠪᠥᠷ ᠮᠣᠩᠭᠣᠯ ᠵᠢᠨ ᠠᠷᠠᠳ᠎ᠤᠨ ᠶᠠᠪᠤᠳᠠᠯ᠎ᠤᠨ ᠲᠢᠩᠬᠢᠮ ᠲᠠᠷᠬᠠᠭ᠋ᠠᠪᠠ [2023] 117 ᠳ᠋ᠤᠭ᠋ᠠᠷ ᠲᠣᠭ᠋ᠠᠲᠤ)᠎ᠤᠨ ᠱᠠᠩᠨᠠᠨ ᠬᠥᠬᠢᠭᠦᠯᠬᠦ ᠲᠣᠭᠲᠠᠭ᠋ᠠᠯ ᠶᠣᠰᠣᠭ᠋ᠠᠷ᠂ ᠲᠢᠶᠠᠨ ᠰᠢᠨ ᠵᠡᠷᠭᠡ 3 ᠰᠢᠯᠢᠳᠡᠭ ᠤᠷᠤᠯᠳᠤᠬ᠍ᠴᠢ ᠠᠵᠢᠯᠲᠠᠨ ᠠᠵᠢᠯᠴᠢᠨ᠎ᠳᠤ 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ》᠎ᠤ ᠴᠣᠯᠠ (ᠨᠡᠷᠡᠰ᠎ᠢ ᠳᠠᠭ᠋ᠠᠯᠳᠤᠭᠤᠯᠤᠯ᠎ᠳᠤ ᠦᠵᠡ) ᠣᠯᠭᠣᠬᠤ ᠵᠢᠨ ᠬᠠᠮᠲᠤ ᠦᠨᠡᠮᠯᠡᠯ ᠣᠯᠭᠣᠬᠤ᠎ᠪᠠᠷ ᠲᠣᠭᠲᠠᠪᠠ᠃
      ᠬᠥᠬᠢᠭᠦᠯᠦᠭᠳᠡᠨ ᠰᠠᠢ᠌ᠰᠢᠶᠠᠭᠳᠠᠭᠰᠠᠨ ᠤᠷᠤᠯᠳᠤᠬ᠍ᠴᠢᠳ ᠢᠷᠠᠭᠤ ᠠᠯᠳᠠᠷ ᠵᠶ᠋ᠠᠨ ᠨᠠᠨᠳᠢᠩᠨᠠᠨ᠂ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠲᠠᠰᠤᠷᠠᠯᠲᠠ ᠦᠭᠡᠢ ᠰᠢᠨ᠎ᠡ ᠮᠡᠳᠡᠯᠭᠡ ᠵᠢ ᠰᠤᠷᠤᠯᠴᠠᠵᠤ᠂ ᠰᠢᠨ᠎ᠡ ᠤᠷ᠎ᠠ ᠮᠡᠷᠭᠡᠵᠢᠯ᠎ᠢ ᠡᠵᠡᠮᠰᠢᠨ᠂ ᠰᠢᠨ᠎ᠡ ᠠᠮᠵᠢᠯᠲᠠ ᠪᠦᠲᠦᠮᠵᠢ ᠭᠠᠷᠭ᠋ᠠᠵᠤ᠂ ᠭᠣᠣᠯᠯᠠᠬᠤ ᠬᠦᠴᠦᠨ ᠳᠠᠭ᠋ᠠᠭᠤᠯᠤᠭᠴᠢ ᠵᠢᠨ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠬᠤ ᠵᠢ ᠬᠦᠰᠡᠵᠦ ᠪᠠᠢ᠌ᠨ᠎ᠠ᠃ ᠡᠯ᠎ᠡ ᠰᠢᠯᠢᠳᠡᠭ ᠤᠷᠤᠯᠳᠤᠬ᠍ᠴᠢᠳ᠎ᠤᠨ ᠪᠠᠢ᠌ᠭ᠎ᠠ ᠨᠢᠭᠡᠴᠢ ᠬᠥᠬᠢᠭᠦᠯᠦᠨ ᠰᠠᠢ᠌ᠰᠢᠶᠠᠬᠤ᠂ ᠤᠬᠠᠭᠤᠯᠬᠤ ᠠᠵᠢᠯ᠎ᠢ ᠰᠠᠶ᠋ᠢᠲᠤᠷ ᠬᠢᠵᠦ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠰᠢᠯᠢᠳᠡᠭ ᠴᠢᠳᠠᠪᠤᠷᠢᠲᠠᠨ᠎ᠤ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠶ᠋ᠢᠷᠢ᠎ᠪᠠᠨ ᠬᠠᠢ᠌ᠷᠠᠯᠠᠵᠤ ᠠᠵᠢᠯ ᠦᠢ᠍ᠯᠡᠰ ᠵᠶ᠋ᠡᠨ ᠳᠡᠭᠡᠳᠦᠯᠡᠬᠦ᠂ ᠭᠠᠷᠮᠠᠭ᠋ᠠᠢ ᠠᠮᠵᠢᠯᠲᠠ ᠣᠯᠬᠤ᠎ᠪᠠᠷ ᠴᠢᠷᠮᠠᠢ᠌ᠬᠤ ᠵᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠵᠤ᠂ ᠤᠷ᠎ᠠ ᠴᠢᠳᠠᠪᠤᠷᠢ ᠵᠢᠨ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠠᠵᠢᠯ᠎ᠤᠨ ᠲᠤᠬᠠᠢ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠲᠣᠰ ᠭᠠᠵᠠᠷ ᠣᠷᠣᠨ᠎ᠤ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠪᠣᠢ᠌ᠵᠢᠭᠤᠯᠬᠤ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠵᠦ᠂ ᠬᠣᠯᠪᠣᠭᠳᠠᠯ ᠪᠦᠬᠦᠢ ᠠᠵᠢᠯ ᠲᠥᠷᠥᠯ᠎ᠤᠨ ᠰᠠᠯᠠᠭ᠎ᠠ ᠮᠥᠴᠢᠷ᠎ᠲᠠᠢ ᠢᠳᠡᠪᠬᠢᠲᠡᠢ᠎ᠪᠠᠷ ᠬᠠᠮᠲᠤᠷᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠥᠷᠭᠡᠨ ᠵᠶ᠋ᠡᠷ ᠥᠷᠨᠢᠭᠦᠯᠵᠦ᠂ ᠰᠢᠯᠢᠳᠡᠭ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠰᠢᠯᠢᠨ ᠰᠣᠩᠭᠣᠬᠤ ᠡᠷᠴᠢᠮ ᠵᠶ᠋ᠠᠨ ᠴᠢᠩᠭ᠋ᠠᠷᠠᠭᠤᠯᠤᠨ᠂ ᠨᠠᠩ ᠤᠯᠠᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠪᠣᠢ᠌ᠵᠢᠭᠤᠯᠵᠤ᠂ ᠭᠠᠵᠠᠷ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ》᠎ᠤ ᠴᠣᠯᠠ ᠭᠥᠷᠳᠡᠭᠰᠡᠨ ᠰᠢᠯᠢᠳᠡᠭ ᠠᠵᠢᠯᠲᠠᠨ ᠠᠵᠢᠯᠴᠢᠨ᠎ᠤ ᠨᠡᠷᠡᠰ
               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

              ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                        2024 ᠣᠨ᠎ᠤ 7 ᠰᠠᠷ᠎ᠠ ᠵᠢᠨ 10᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            