ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠨᠡᠢ᠌ᠭᠡᠮ᠎ᠤᠨ ᠪᠣᠯᠪᠠᠰᠤᠷᠠᠯ᠎ᠤᠨ ᠦᠨᠡᠯᠡᠯᠲᠡ ᠵᠢᠨ ᠵᠣᠬᠢᠶᠠᠨ ᠪᠠᠢ᠌ᠭᠤᠯᠤᠯᠲᠠ᠎ᠳᠤ᠄
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ ᠥᠷᠨᠢᠭᠦᠯᠬᠦ᠎ᠪᠠᠷ ᠭᠤᠶᠤᠴᠢᠯᠠᠭᠰᠠᠨ ᠨᠢᠭᠡᠴᠢ᠎ᠳᠤ ᠳᠠᠩᠰᠠᠯᠠᠭᠤᠯᠤᠨ ᠬᠠᠮᠢᠶᠠᠷᠬᠤ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ ᠲᠠᠷᠬᠠᠭ᠋ᠠᠪᠠ [2020] 45 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠦᠨᠡᠯᠡᠵᠦ ᠬᠢᠨᠠᠨ ᠬᠠᠷᠭᠤᠭᠤᠯᠬᠤ᠎ᠪᠠᠷ ᠳᠠᠮᠵᠢᠭ᠋ᠠᠳ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠲᠣᠰ ᠨᠢᠭᠡᠴᠢ ᠵᠢᠨ ᠵᠶ᠋ᠡᠨ ᠠᠵᠢᠯᠲᠠᠨ ᠠᠵᠢᠯᠴᠢᠨ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ ᠥᠷᠨᠢᠭᠦᠯᠬᠦ ᠵᠢ ᠵᠥᠪᠰᠢᠶᠡᠷᠡᠵᠦ᠂ ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠵᠢᠨ ᠲᠣᠪᠴᠢᠶ᠎ᠠ ᠵᠢᠨ ᠪᠦᠯᠦᠭᠯᠡᠯ᠎ᠳᠦ ᠬᠢᠵᠠᠭ᠋ᠠᠷᠲᠤ ᠺᠣᠮᠫᠠᠨᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠵᠤ ᠦᠨᠡᠯᠡᠬᠦ ᠬᠦᠷᠢᠶ᠎ᠡ ᠬᠡᠪᠴᠢᠶ᠎ᠡ᠎ᠳᠤ ᠲᠣᠬᠢᠷᠠᠭᠤᠯᠤᠯᠲᠠ ᠬᠢᠬᠦ ᠵᠢ ᠵᠥᠪᠰᠢᠶᠡᠷᠡᠭᠰᠡᠨ᠎ᠤ ᠬᠠᠮᠲᠤ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠢ ᠳᠣᠣᠷᠠᠬᠢ ᠮᠡᠲᠦ ᠱᠠᠭ᠋ᠠᠷᠳᠠᠯᠭ᠎ᠠ ᠳᠤᠷᠠᠳᠪᠠ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠠᠷᠢᠶᠠᠯᠠᠭᠳᠠᠬᠤ ᠣᠷᠣᠨ᠎ᠠᠴᠠ ᠬᠠᠮᠢᠶᠠᠷᠬᠤ ᠵᠠᠷᠴᠢᠮ ᠶᠣᠰᠣᠭ᠋ᠠᠷ᠂ ᠵᠠᠰᠠᠭ᠎ᠤᠨ ᠣᠷᠳᠣᠨ᠎ᠠᠴᠠ ᠬᠢᠨᠠᠨ ᠬᠠᠮᠢᠶᠠᠷᠬᠤ᠂ ᠪᠠᠢ᠌ᠭᠤᠯᠤᠮᠵᠢ᠎ᠨᠢ ᠥᠪᠡᠷ᠎ᠢ᠎ᠪᠠᠨ ᠱᠠᠭ᠋ᠠᠷᠳᠠᠬᠤ᠂ ᠨᠡᠢ᠌ᠭᠡᠮ ᠵᠶ᠋ᠡᠷ ᠵᠶ᠋ᠡᠨ ᠬᠢᠨᠠᠯᠲᠠ ᠲᠠᠯᠪᠢᠬᠤ᠂ ᠤᠯᠠᠨ ᠨᠠᠢ᠌ᠳᠠ᠎ᠪᠠᠷ ᠵᠶ᠋ᠡᠨ ᠣᠷᠣᠯᠴᠠᠬᠤ ᠠᠵᠢᠯ᠎ᠤᠨ ᠲᠣᠭᠲᠠᠴᠠ ᠵᠢ ᠢᠳᠡᠪᠬᠢᠲᠡᠢ ᠪᠠᠢ᠌ᠭᠤᠯᠵᠤ᠂ ᠦᠨᠡᠯᠡᠬᠦ ᠪᠠᠢ᠌ᠭᠤᠯᠤᠮᠵᠢ ᠵᠢᠨ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠬᠣᠶᠠᠷ᠂ ᠡᠯ᠎ᠡ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ᠎ᠨᠢ ᠳᠠᠩᠰᠠᠯᠠᠭᠤᠯᠵᠤ ᠢᠯᠡ ᠨᠡᠢ᠌ᠲᠡᠯᠡᠭᠰᠡᠨ ᠠᠵᠢᠯ ᠮᠡᠷᠭᠡᠵᠢᠯ (ᠠᠵᠢᠯ᠎ᠤᠨ ᠲᠥᠷᠥᠯ)᠎ᠤᠨ ᠬᠡᠪᠴᠢᠶᠡᠨ ᠳᠣᠲᠣᠷ᠎ᠠ᠂ 《ᠬᠡᠨ ᠦᠨᠡᠯᠡᠪᠡᠯ ᠬᠡᠨ ᠦᠨᠡᠮᠯᠡᠯ ᠣᠯᠭᠣᠵᠤ ᠬᠡᠨ ᠬᠠᠷᠢᠭᠤᠴᠠᠬᠤ》 ᠵᠠᠷᠴᠢᠮ ᠶᠣᠰᠣᠭ᠋ᠠᠷ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠦᠨᠡᠯᠡᠯᠲᠡ ᠬᠢᠭᠰᠡᠨ ᠪᠠᠢ᠌ᠭ᠎ᠠ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠶ᠃
ᠭᠤᠷᠪᠠ᠂ ᠡᠯ᠎ᠡ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ ᠵᠢᠨ ᠨᠡᠷᠡᠰ ᠪᠠ ᠦᠨᠡᠯᠡᠬᠦ ᠪᠠᠢ᠌ᠭᠤᠯᠤᠮᠵᠢ ᠵᠢᠨ ᠦᠨᠡᠯᠡᠯᠲᠡ ᠬᠢᠬᠦ ᠵᠢ ᠥᠷᠨᠢᠭᠦᠯᠦᠭᠰᠡᠨ ᠠᠵᠢᠯ ᠮᠡᠷᠭᠡᠵᠢᠯ (ᠠᠵᠢᠯ᠎ᠤᠨ ᠲᠥᠷᠥᠯ)᠂ ᠳᠡᠰ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ (pjjg.osta.org.cn) ᠳᠡᠭᠡᠷ᠎ᠡ ᠨᠡᠢ᠌ᠲᠡᠯᠡᠵᠦ᠂ ᠬᠥᠳᠡᠯᠦᠩᠭᠦᠢ᠎ᠪᠠᠷ ᠲᠣᠬᠢᠷᠠᠭᠤᠯᠬᠤ ᠵᠢ ᠬᠡᠷᠡᠭᠵᠢᠭᠦᠯᠦᠨ᠎ᠡ᠃ ᠵᠢᠷᠤᠮᠵᠢᠩᠭᠤᠢ ᠬᠢᠨᠠᠨ ᠲᠣᠭᠲᠠᠭ᠋ᠠᠬᠤ᠎ᠪᠠᠷ ᠳᠡᠮᠵᠢᠨ ᠣᠯᠣᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠎ᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠠᠵᠢᠯ᠎ᠤᠨ ᠰᠦᠯᠵᠢᠶ᠎ᠡ (jndj.osta.org.cn)᠎ᠠᠴᠠ ᠪᠠᠢ᠌ᠴᠠᠭ᠋ᠠᠨ ᠯᠠᠪᠯᠠᠬᠤ ᠵᠢᠨ ᠬᠠᠮᠲᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠲᠣᠭ᠎ᠠ ᠪᠦᠷᠢᠳᠬᠡᠯ᠎ᠤᠨ ᠬᠡᠪᠴᠢᠶᠡᠨ᠎ᠳᠤ ᠣᠷᠣᠭᠤᠯᠤᠨ᠎ᠠ᠃
ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ ᠵᠢᠨ ᠰᠢᠨ᠎ᠡ᠎ᠪᠠᠷ ᠨᠡᠮᠡᠵᠦ ᠳᠠᠩᠰᠠᠯᠠᠭᠤᠯᠤᠭᠰᠠᠨ ᠨᠡᠷᠡᠰ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠵᠤ ᠦᠨᠡᠯᠡᠬᠦ ᠬᠦᠷᠢᠶ᠎ᠡ ᠬᠡᠪᠴᠢᠶ᠎ᠡ ᠵᠢᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ
ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 7 ᠰᠠᠷ᠎ᠠ ᠵᠢᠨ 10᠎ᠤ ᠡᠳᠦᠷ