ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
ᠮᠠᠨ᠎ᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ 《2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠵᠶ᠋ᠠᠷ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠬᠦ ᠲᠤᠬᠠᠢ ᠮᠡᠳᠡᠭᠳᠡᠯ》 (ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠭᠡᠷ᠎ᠤᠨ ᠵᠠᠬᠢᠳᠠᠯ [2023] 270 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠠᠴᠠ 2023 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠢ ᠵᠢᠨ ᠭᠤᠶᠤᠴᠢᠯᠠᠬᠤ᠎ᠪᠠᠷ ᠳᠡᠮᠵᠢᠨ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠬᠢᠨᠠᠨ ᠲᠣᠭᠲᠠᠭ᠋ᠠᠬᠤ ᠵᠢᠴᠢ ᠵᠠᠷᠯᠠᠨ ᠨᠡᠢ᠌ᠲᠡᠯᠡᠭᠡᠳ ᠣᠨᠳᠣᠣ ᠰᠠᠨᠠᠯ ᠦᠭᠡᠢ ᠲᠤᠯᠠ᠂ ᠡᠳᠦᠭᠡ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠤ ᠨᠡᠷᠡᠰ᠎ᠢ ᠨᠡᠢ᠌ᠲᠡᠯᠡᠶ᠎ᠡ (ᠳᠠᠭ᠋ᠠᠯᠳᠤᠭᠤᠯᠤᠯ᠎ᠳᠤ ᠦᠵᠡ)᠃
ᠡᠯ᠎ᠡ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠵᠣᠬᠢᠶᠠᠨ ᠪᠠᠢ᠌ᠭᠤᠯᠵᠤ ᠬᠠᠮᠢᠶᠠᠷᠬᠤ ᠪᠠ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠰᠠᠭᠤᠷᠢᠨ᠎ᠤ ᠪᠦᠲᠦᠭᠡᠨ ᠪᠠᠢ᠌ᠭᠤᠯᠤᠯᠲᠠ ᠬᠢᠭᠡᠳ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠤᠨ ᠳᠤᠮᠳᠠᠬᠢ ᠠᠰᠠᠭᠤᠳᠠᠯ᠎ᠢ ᠢᠳᠡᠪᠬᠢᠲᠡᠢ ᠵᠣᠬᠢᠴᠠᠭᠤᠯᠤᠨ ᠰᠢᠢ᠍ᠳᠪᠦᠷᠢᠯᠡᠵᠦ᠂ ᠮᠠᠨ᠎ᠤ ᠣᠷᠣᠨ᠎ᠤ ᠡᠷᠬᠢᠯᠡᠭᠰᠡᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠶ᠃ ᠡᠯ᠎ᠡ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠨᠢ ᠠᠮᠠᠯᠠᠯᠲᠠ᠎ᠪᠠᠨ ᠦᠨᠡᠨᠬᠦ ᠭᠦᠢ᠍ᠴᠡᠳᠬᠡᠵᠦ᠂ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢᠨ ᠲᠤᠬᠠᠢ ᠬᠡᠷᠡᠭᠵᠢᠭᠦᠯᠬᠦ ᠲᠥᠰᠥᠯ᠎ᠤᠨ ᠶᠣᠰᠣᠭ᠋ᠠᠷ᠂ ᠴᠢᠬᠤᠯᠠ ᠪᠦᠬᠦᠢ ᠪᠠᠲᠤᠯᠠᠭ᠎ᠠ ᠪᠠ ᠳᠡᠮᠵᠢᠯᠭᠡ ᠬᠠᠩᠭ᠋ᠠᠵᠤ᠂ ᠪᠦᠲᠦᠭᠡᠨ ᠪᠠᠢ᠌ᠭᠤᠯᠬᠤ ᠠᠵᠢᠯ᠎ᠤᠨ ᠡᠭᠦᠷᠭᠡ᠎ᠪᠠᠨ ᠪᠡᠶᠡᠯᠡᠭᠦᠯᠵᠦ᠂ ᠡᠭᠦᠷᠭᠡᠯᠡᠵᠦ ᠪᠦᠬᠦᠢ ᠲᠥᠷᠥᠯ ᠵᠦᠢ᠍ᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠡᠭᠦᠷᠭᠡ ᠵᠢᠨ ᠪᠣᠳᠠᠲᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠦᠨᠡᠨᠬᠦ ᠰᠠᠶ᠋ᠢᠲᠤᠷ ᠬᠢᠬᠦ ᠬᠡᠷᠡᠭᠲᠡᠶ᠃
ᠳᠠᠭ᠋ᠠᠯᠳᠤᠭᠤᠯᠤᠯ᠄ 2023 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠵᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠤ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
2024 ᠣᠨ᠎ᠤ 6 ᠰᠠᠷ᠎ᠠ ᠵᠢᠨ 21᠎ᠤ ᠡᠳᠦᠷ