ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
《ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠤᠰᠬᠠᠢ ᠲᠥᠷᠥᠯ᠎ᠤᠨ ᠲᠤᠬᠠᠢ᠌ᠯᠠᠭᠰᠠᠨ ᠠᠵᠢᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠬᠦ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠠᠴᠠ ᠪᠥᠬᠥ ᠣᠷᠣᠨ᠎ᠤ ᠡᠯ᠎ᠡ ᠱᠠᠲᠤᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠵᠡᠭᠡᠯᠢ ᠭᠤᠳᠤᠮᠵᠢ (ᠨᠡᠢ᠌ᠭᠡᠮ ᠲᠣᠭᠣᠷᠢᠭ) ᠵᠢᠨ ᠺᠠᠳ᠋ᠷ ᠠᠵᠢᠯᠲᠠᠨ ᠠᠵᠢᠯᠴᠢᠨ᠎ᠢ ᠥᠷᠭᠡᠨ ᠵᠶ᠋ᠡᠷ ᠳᠠᠶ᠋ᠢᠴᠢᠯᠠᠨ ᠤᠷᠤᠯᠳᠤᠭ᠋ᠠᠨ᠎ᠳᠤ ᠢᠳᠡᠪᠬᠢᠲᠡᠢ ᠣᠷᠣᠯᠴᠠᠭᠤᠯᠵᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ ᠵᠶ᠋ᠠᠷ ᠤᠯᠠᠨ ᠶᠠᠩᠵᠤ ᠵᠢᠨ ᠠᠶ᠋ᠢᠮᠠᠭ ᠬᠣᠲᠠ ᠵᠢᠨ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠵᠦ᠂ 28 ᠨᠡᠷᠡᠰ ᠰᠢᠯᠢᠳᠡᠭ ᠠᠵᠢᠯ ᠮᠡᠷᠭᠡᠵᠢᠯ᠎ᠤᠨ ᠵᠢᠯᠣᠭᠣᠳᠤᠭᠴᠢ᠂ ᠦᠨᠳᠦᠰᠦᠨ ᠱᠠᠲᠤᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠰᠣᠩᠭᠣᠨ ᠭᠠᠷᠭ᠋ᠠᠵᠤ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠳᠤ ᠣᠷᠣᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠨᠢ ᠬᠤᠪᠢ ᠬᠥᠮᠥᠨ᠎ᠤ ᠲᠤᠬᠠᠢ᠌ᠯᠠᠭᠰᠠᠨ ᠠᠵᠢᠯ᠎ᠤᠨ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ᠂ ᠪᠦᠯᠬᠦᠮ᠎ᠤᠨ ᠤᠷᠤᠯᠳᠤᠭ᠋ᠠᠨ ᠵᠶ᠋ᠠᠷ ᠳᠡᠮᠵᠢᠨ᠂ ᠰᠢᠯᠢᠳᠡᠭ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠳᠦᠷᠦᠯ ᠵᠦᠢ᠍ᠯ᠂ ᠦᠷ᠎ᠡ ᠪᠦᠲᠦᠭᠡᠯ᠂ ᠬᠡᠷᠡᠭ᠎ᠤᠨ ᠵᠢᠱ᠌ᠢᠶ᠎ᠡ᠂ ᠪᠢᠴᠢᠯ ᠬᠢᠴᠢᠶᠡᠯ᠎ᠤᠨ ᠪᠦᠲᠦᠭᠡᠯ᠎ᠤᠨ ᠰᠢᠯᠭ᠋ᠠᠷᠠᠭᠤᠯᠤᠯᠲᠠ ᠵᠡᠷᠭᠡ ᠭᠣᠭᠴᠣᠭ᠎ᠠ᠎ᠳᠤ᠂ ᠦᠬᠠᠢ ᠬᠤᠳᠠ ᠵᠢᠨ ᠯᠢ ᠰᠢᠶᠣᠣ ᠰᠢᠶᠣᠣ᠂ ᠤᠯᠠᠭ᠋ᠠᠨᠬᠠᠳᠠ ᠬᠤᠳᠠ ᠵᠢᠨ ᠯᠢ ᠢ ᠮᠠᠨ ᠵᠡᠷᠭᠡ ᠣᠷᠤᠯᠳᠤᠬ᠍ᠴᠢᠳ ᠲᠤᠰ ᠲᠤᠰ ᠬᠤᠪᠢ ᠬᠥᠮᠥᠨ᠎ᠤ ᠲᠤᠬᠠᠢ᠌ᠯᠠᠭᠰᠠᠨ ᠠᠵᠢᠯ᠎ᠤᠨ ᠤᠷᠤᠯᠳᠤᠭ᠋ᠠᠨ᠎ᠤ ᠠᠵᠢᠯ ᠮᠡᠷᠭᠡᠵᠢᠯ᠎ᠤᠨ ᠵᠢᠭ᠋ᠠᠨ ᠵᠢᠯᠤᠭᠣᠳᠬᠤ ᠳᠤᠭᠤᠢ᠌ᠯᠠᠩ᠂ ᠦᠨᠳᠦᠰᠦᠨ ᠱᠠᠲᠤᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠳᠤᠭᠤᠢ᠌ᠯᠠᠩ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠦ᠂ ᠦᠬᠠᠢ ᠬᠤᠳᠠ᠂ ᠪᠤᠭᠤᠲᠤ ᠬᠤᠳᠠ ᠵᠡᠷᠭᠡ 4 ᠠᠶ᠋ᠢᠮᠠᠭ ᠬᠤᠳᠠ ᠲᠤᠰ ᠲᠤᠰ ᠬᠠᠮᠲᠤ ᠵᠢᠨ ᠤᠷᠤᠯᠳᠤᠭ᠋ᠠᠨ᠎ᠤ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠡᠢ᠃ 《ᠬᠦᠰᠡᠯ ᠱᠠᠭ᠋ᠠᠷᠳᠠᠯᠭ᠎ᠠ᠎ᠲᠠᠢ ᠯᠡ ᠪᠠᠢ᠌ᠪᠠᠯ ᠪᠢᠳᠠ ᠪᠠᠢ᠌ᠨ᠎ᠠ — ᠬᠥᠯᠥᠨ ᠪᠣᠢ᠌ᠷ᠎ᠤᠨ 〈ᠵᠢᠷᠭᠤᠭ᠎ᠠ᠎ᠳᠤ ᠣᠷᠣᠭᠤᠯᠵᠤ ᠳᠥᠷᠪᠡ ᠵᠢ ᠬᠦᠷᠭᠡᠵᠦ ᠬᠣᠶᠠᠷ᠎ᠢ ᠬᠠᠪᠰᠤᠷᠤᠨ ᠲᠡᠳᠬᠦᠬᠦ〉》 ᠵᠡᠷᠭᠡ 6 ᠲᠥᠷᠥᠯ ᠵᠦᠢ᠍ᠯ᠎ᠨᠢ ᠰᠢᠯᠢᠳᠡᠭ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠪᠡ᠃ 《ᠡᠷᠭᠦᠨ᠎ᠡ ᠬᠣᠲᠠ ᠵᠢᠨ ᠦᠨᠳᠦᠰᠦᠨ ᠱᠠᠲᠤᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ》 ᠵᠡᠷᠭᠡ 6 ᠦᠢ᠍ᠯᠡᠴᠢᠯᠡᠭᠡᠨ᠎ᠤ ᠦᠷ᠎ᠡ ᠪᠦᠲᠦᠭᠡᠯ᠎ᠨᠢ ᠰᠢᠯᠢᠳᠡᠭ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠦᠷ᠎ᠡ ᠪᠦᠲᠦᠭᠡᠯ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠵᠦ᠂ 《ᠬᠢᠩᠭ᠋ᠠᠨ ᠠᠶ᠋ᠢᠮᠠᠭ᠎ᠤᠨ 〈ᠲᠣᠮᠣ ᠳ᠋ᠠᠢ᠌ᠲ᠋ᠠ + ᠲᠡᠮᠦᠷ ᠬᠥᠯ〉᠎ᠨᠢ ᠠᠵᠢᠯ ᠣᠯᠭᠣᠯᠲᠠ ᠵᠢᠨ ᠰᠢᠨ᠎ᠡ ᠬᠤᠷᠳᠤᠴᠠ ᠵᠢ ᠡᠭᠦᠳᠦᠭᠰᠡᠨ》 ᠵᠡᠷᠭᠡ 6 ᠬᠡᠷᠡᠭ᠎ᠤᠨ ᠵᠢᠱ᠌ᠢᠶ᠎ᠡ᠎ᠨᠢ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠪᠡ᠃ 《ᠠᠵᠢᠯ ᠮᠡᠷᠭᠡᠵᠢᠯ᠎ᠤᠨ ᠪᠠᠶ᠋ᠢᠷᠢ ᠲᠣᠭᠲᠠᠭ᠋ᠠᠯᠲᠠ ᠵᠢ ᠰᠠᠶ᠋ᠢᠲᠤᠷ ᠬᠢᠪᠡᠯ᠂ ᠰᠠᠨᠠᠭ᠋ᠠᠨ᠎ᠳᠠᠭᠠᠨ ᠳᠠᠭ᠋ᠠᠷᠠᠭᠰᠠᠨ ᠰᠠᠶ᠋ᠢᠨ ᠠᠵᠢᠯ (ᠪᠤᠭᠤᠲᠤ ᠬᠣᠲᠠ) ᠣᠯᠵᠤ ᠴᠢᠳᠠᠨ᠎ᠠ》 ᠵᠡᠷᠭᠡ 3 ᠪᠢᠴᠢᠯ ᠬᠢᠴᠢᠶᠡᠯ᠎ᠤᠨ ᠪᠦᠲᠦᠭᠡᠯ᠎ᠨᠢ ᠠᠵᠢᠯ ᠡᠷᠢᠬᠦ ᠴᠢᠳᠠᠪᠤᠷᠢ ᠵᠢᠨ ᠪᠣᠳᠠᠲᠠᠢ ᠪᠣᠯᠪᠠᠰᠤᠷᠠᠯ᠎ᠤᠨ ᠰᠢᠯᠢᠳᠡᠭ ᠪᠢᠴᠢᠯ ᠬᠢᠴᠢᠶᠡᠯ᠎ᠤᠨ ᠱᠠᠩᠨᠠᠯ ᠭᠥᠷᠳᠡᠵᠦ᠂ ᠠᠯᠠᠱ᠌ᠠ ᠠᠶ᠋ᠢᠮᠠᠭ᠂ ᠮᠠᠨᠵᠤᠤᠷ ᠬᠣᠲᠠ ᠬᠠᠮᠤᠭ᠎ᠤᠨ ᠰᠠᠶ᠋ᠢᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠥᠷᠳᠡᠵᠦ᠂ ᠬᠥᠬᠡᠬᠣᠲᠠ᠂ ᠬᠥᠯᠥᠨ ᠪᠣᠢ᠌ᠷ ᠬᠣᠲᠠ ᠵᠡᠷᠭᠡ 8 ᠠᠶ᠋ᠢᠮᠠᠭ ᠬᠣᠲᠠ ᠬᠠᠮᠤᠭ᠎ᠤᠨ ᠰᠠᠶ᠋ᠢᠨ ᠵᠣᠬᠢᠶᠠᠨ ᠪᠠᠢ᠌ᠭᠤᠯᠤᠯᠲᠠ ᠵᠢᠨ ᠱᠠᠩᠨᠠᠯ ᠭᠥᠷᠳᠡᠪᠡ᠃
ᠱᠠᠩᠨᠠᠯ ᠣᠯᠣᠭᠰᠠᠨ ᠨᠢᠭᠡᠴᠢ ᠪᠣᠯᠣᠨ ᠬᠤᠪᠢ ᠬᠥᠮᠥᠨ ᠢᠷᠠᠭᠤ ᠠᠯᠳᠠᠷ ᠵᠶ᠋ᠠᠨ ᠨᠠᠨᠳᠢᠩᠨᠠᠵᠤ᠂ ᠯᠠᠪᠳᠠᠭᠤᠨ ᠲᠣᠭᠲᠠᠭᠤᠨ ᠵᠶ᠋ᠠᠷ ᠳᠠᠬᠢᠨᠲᠠ ᠰᠢᠯᠢᠳᠡᠭ ᠪᠦᠲᠦᠮᠵᠢ ᠭᠠᠷᠭ᠋ᠠᠬᠤ ᠵᠢ ᠬᠦᠰᠡᠵᠦ ᠪᠠᠢ᠌ᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠲᠣᠰ ᠤᠳᠠᠭ᠋ᠠᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠤᠰᠬᠠᠢ ᠲᠥᠷᠥᠯ᠎ᠤᠨ ᠲᠤᠬᠠᠢ᠌ᠯᠠᠭᠰᠠᠨ ᠠᠵᠢᠯ᠎ᠤᠨ ᠤᠷᠤᠯᠳᠤᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠥ ᠣᠷᠣᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠳᠡᠢ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠤᠰᠬᠠᠢ ᠲᠥᠷᠥᠯ᠎ᠤᠨ ᠲᠤᠬᠠᠢ᠌ᠯᠠᠭᠰᠠᠨ ᠠᠵᠢᠯ᠎ᠤᠨ ᠤᠷᠤᠯᠳᠤᠭ᠋ᠠᠨ᠎ᠳᠤ ᠱᠠᠩᠨᠠᠯ ᠬᠦᠷᠲᠡᠭᠰᠡᠳ᠎ᠤᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 7 ᠰᠠᠷ᠎ᠠ ᠵᠢᠨ 18᠎ᠤ ᠡᠳᠦᠷ