ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠪᠥᠬᠥ ᠣᠷᠣᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠬᠠᠮᠢᠶ᠎ᠠ ᠪᠦᠬᠦᠢ ᠨᠢᠭᠡᠴᠢ᠎ᠳᠤ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠳᠠᠷᠤᠢ᠌ᠬᠠᠨ ᠵᠣᠬᠢᠶᠠᠨ ᠪᠠᠢ᠌ᠭᠤᠯᠤᠨ ᠥᠷᠨᠢᠭᠦᠯᠬᠦ ᠲᠤᠬᠠᠢ ᠰᠠᠨᠠᠭᠤᠯᠭ᠎ᠠ ᠵᠢᠨ ᠵᠠᠬᠢᠳᠠᠯ
ᠨᠡᠶ᠋ᠢᠲᠡᠯᠡᠭᠰᠡᠨ ᠴᠠᠭ᠄ 2024-09-14

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      2024 ᠣᠨ᠎ᠤ 7 ᠰᠠᠷ᠎ᠠ ᠵᠢᠨ 17᠎ᠤ ᠡᠳᠦᠷ᠂ ᠰᠧᠴᠤᠸᠠᠨ ᠮᠤᠵᠢ ᠵᠢᠨ ᠽᠢᠬᠦ᠋ᠩ ᠬᠣᠲᠠ ᠵᠢᠨ ᠪᠦᠷᠢᠨ ᠪᠠᠷᠠᠭ᠋ᠠᠲᠤ ᠲᠣᠮᠣ ᠠᠰᠠᠷ᠎ᠲᠤ ᠭᠠᠯ᠎ᠤᠨ ᠠᠶᠤᠯ ᠭᠠᠷᠴᠤ᠂ 16 ᠬᠥᠮᠥᠨ ᠡᠨᠳᠡᠵᠦ᠂ ᠠᠷᠠᠳ ᠲᠦᠮᠡᠨ᠎ᠤ ᠠᠮᠢ ᠨᠠᠰᠤ ᠪᠠ ᠡᠳ᠋ ᠬᠥᠷᠥᠩᠭᠡ᠎ᠳᠤ ᠬᠦᠨᠳᠦ ᠨᠣᠴᠢᠲᠠᠢ ᠬᠣᠬᠢᠷᠠᠯ ᠤᠴᠠᠷᠠᠭᠤᠯᠪᠠ᠃ 《ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠳᠠᠷᠤᠢ᠌ᠬᠠᠨ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠎ᠤᠨ ᠰᠠᠨᠠᠭᠤᠯᠬᠤ ᠵᠠᠬᠢᠳᠠᠯ》 (ᠥᠪᠥᠷ ᠮᠣᠩᠭᠣᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ [2024] 59 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠤᠳᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠢᠳᠡᠪᠬᠢᠲᠡᠢ ᠬᠥᠳᠡᠯᠦᠯᠴᠡᠨ᠂ ᠬᠠᠷᠢᠶ᠎ᠠ ᠣᠷᠣᠨ᠎ᠤ ᠳᠣᠲᠣᠷᠠᠬᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠂ ᠠᠷᠠᠳ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠡᠷᠬᠢᠯᠡᠬᠥ ᠨᠢᠭᠡᠴᠢ ᠪᠣᠯᠣᠨ ᠲᠥᠪᠯᠡᠷᠡᠭᠦᠯᠦᠨ ᠪᠣᠯᠪᠠᠰᠤᠷᠠᠭᠤᠯᠬᠤ ᠨᠢᠭᠡᠴᠢ ᠵᠢ ᠵᠣᠬᠢᠶᠠᠨ ᠪᠠᠢ᠌ᠭᠤᠯᠤᠨ ᠭᠠᠯ ᠵᠢ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠳᠠᠷᠤᠢ᠌ᠬᠠᠨ ᠥᠷᠨᠢᠭᠦᠯᠵᠦ᠂ ᠠᠳᠠᠯᠢ ᠲᠥᠷᠥᠯ᠎ᠤᠨ ᠡ᠊ᠨᠳᠡᠯ ᠭᠠᠷᠬᠤ᠎ᠠᠴᠠ ᠵᠠᠢ᠌ᠯᠠᠰᠬᠢᠵᠦ᠂ ᠪᠠᠭᠰᠢ ᠰᠤᠷᠤᠭᠴᠢᠳ᠂ ᠰᠤᠷᠤᠯᠭ᠋ᠠᠲᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠡᠷᠡᠰ ᠪᠠᠲᠤᠯᠠᠬᠤ ᠬᠡᠷᠡᠭᠲᠡᠶ᠃ ᠢᠯᠡᠷᠡᠭᠦᠯᠦᠭᠰᠡᠨ ᠠᠰᠠᠭᠤᠳᠠᠯ᠎ᠢ ᠲᠡᠷᠡ ᠳᠠᠷᠤᠢ᠎ᠳᠤᠨᠢ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠠᠩᠬᠠᠷᠴᠤ᠂ ᠬᠦᠨᠳᠦ ᠶᠡᠬᠡ ᠠᠮᠤᠷ ᠲᠦᠪᠰᠢᠨ᠎ᠤ ᠬᠡᠮ ᠰᠣᠭᠣᠭ ᠣᠷᠣᠰᠢᠵᠤ ᠪᠠᠢ᠌ᠪᠠᠯ᠂ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠳᠠᠷᠤᠢ᠌ᠬᠠᠨ ᠵᠣᠭᠰᠣᠭ᠋ᠠᠵᠤ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠦᠵᠡᠵᠦ ᠬᠢᠷᠢ ᠲᠡᠩᠴᠡᠭᠰᠡᠨ᠎ᠤ ᠳᠠᠷᠠᠭ᠎ᠠ ᠰᠠᠶᠢ ᠳᠠᠬᠢᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠥᠷᠨᠢᠭᠦᠯᠬᠦ ᠬᠡᠷᠡᠭᠲᠡᠢ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠲᠣᠰ ᠭᠠᠵᠠᠷ ᠣᠷᠣᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠬᠠᠮᠢᠶ᠎ᠠ ᠪᠦᠬᠦᠢ ᠨᠢᠭᠡᠴᠢ ᠵᠢᠨ ᠭᠠᠯ᠎ᠢ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠴᠠᠭ᠋ᠠᠯᠲᠠ ᠵᠢᠨ ᠠᠵᠢᠯ᠎ᠤᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠮᠡᠳᠡᠭᠦᠯᠬᠦ ᠬᠡᠷᠡᠭᠳᠡᠢ᠃
      ᠬᠠᠷᠢᠯᠴᠠᠬᠤ ᠬᠥᠮᠥᠨ᠄ ᠫᠠᠩ ᠳ᠋ᠦᠩ ᠢᠦᠢ
      ᠬᠠᠷᠢᠯᠴᠠᠬᠤ ᠤᠲᠠᠰᠤ᠄ (0471) 6944622
            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
            ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                   2024 ᠣᠨ᠎ᠤ 7 ᠰᠠᠷ᠎ᠠ ᠵᠢᠨ 25᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            