ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
ᠡᠳᠦᠭᠡ 《2024 ᠣᠨ᠎ᠤ ᠬᠥᠳᠡᠯᠮᠦᠷᠢ ᠵᠢᠨ 〈ᠤᠷ᠎ᠠ ᠮᠡᠷᠭᠡᠵᠢᠯ᠎ᠤᠨ ᠠᠩᠭ᠋ᠠᠬᠠᠢ ᠪᠦᠷᠭᠦᠳ〉᠎ᠤᠨ ᠱᠠᠩᠨᠠᠯ (ᠲᠡᠳᠬᠦᠮᠵᠢ) ᠰᠤᠷᠤᠯᠭ᠎ᠠ ᠵᠢᠨ ᠮᠥᠩᠭᠥ ᠵᠢᠨ ᠱᠠᠩᠨᠠᠯ (ᠲᠡᠳᠬᠦᠮᠵᠢ ᠭᠥᠷᠳᠡᠬᠦ) ᠭᠥᠷᠳᠡᠭᠰᠡᠨ ᠰᠣᠷᠣᠭᠴᠢ ᠵᠢᠨ ᠨᠡᠷᠡᠰ᠎ᠢ ᠨᠡᠢ᠌ᠲᠡᠯᠡᠬᠦ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠠᠬᠢᠳᠠᠯ [2024] 121 ᠳ᠋ᠦ᠍ᠭᠡᠷ ᠲᠣᠭ᠋ᠠᠲᠤ)᠎ᠢ ᠲᠠᠨᠠᠷ᠎ᠲᠤ ᠳᠠᠮᠵᠢᠭᠤᠯᠤᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠬᠠᠮᠲᠤᠳᠤᠨᠢ ᠰᠠᠶ᠋ᠢᠲᠤᠷ ᠠᠳᠬᠤᠵᠤ ᠨᠠᠢ᠌ᠳᠠᠪᠤᠷᠢᠵᠢᠭᠤᠯᠲᠤᠭ᠋ᠠᠢ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠢᠭᠡ ᠪᠦᠯᠦᠭ ᠤᠷ᠎ᠠ ᠴᠢᠳᠠᠪᠤᠷᠢ ᠵᠢ ᠡᠷᠬᠢᠮᠯᠡᠬᠦ᠂ ᠴᠢᠳᠠᠪᠤᠷᠢᠲᠠᠨ ᠪᠣᠯᠬᠤ᠎ᠪᠠᠷ ᠬᠦᠴᠦᠯᠡᠨ ᠴᠢᠷᠮᠠᠢ᠌ᠬᠤ᠂ ᠬᠥᠳᠡᠯᠮᠦᠷᠢ᠎ᠳᠤ ᠬᠠᠶ᠋ᠢᠷᠠᠲᠠᠶ ᠰᠢᠨ᠎ᠡ ᠴᠠᠭ ᠦᠶ᠎ᠡ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠨ ᠪᠦᠬᠦᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ᠃
ᠬᠣᠶᠠᠷ᠂ 2024 ᠣᠨ᠎ᠤ 《ᠤᠷ᠎ᠠ ᠮᠡᠷᠭᠡᠵᠢᠯ᠎ᠤᠨ ᠠᠩᠭ᠋ᠠᠬᠠᠢ ᠪᠦᠷᠭᠦᠳ》᠎ᠤᠨ ᠱᠠᠩᠨᠠᠯ ᠭᠥᠷᠳᠡᠭᠰᠡᠨ (ᠲᠡᠳᠬᠦᠮᠵᠢ ᠭᠥᠷᠳᠡᠭᠰᠡᠨ) ᠰᠣᠷᠣᠭᠴᠢ ᠵᠢᠨ ᠪᠠᠢ᠌ᠭ᠎ᠠ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠠᠮᠢᠶ᠎ᠠ ᠪᠦᠬᠦᠢ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠱᠠᠩᠨᠠᠯ ᠭᠥᠷᠳᠡᠭᠰᠡᠨ (ᠲᠡᠳᠬᠦᠮᠵᠢ ᠭᠥᠷᠳᠡᠭᠰᠡᠨ) ᠰᠣᠷᠣᠭᠴᠢ ᠵᠢᠨ ᠱᠠᠩᠨᠠᠯ᠎ᠤᠨ ᠮᠥᠩᠭᠥ ᠵᠢ ᠥᠭᠬᠦ ᠪᠠ ᠲᠡᠷᠢᠭᠦᠨ᠎ᠤ ᠦᠢ᠍ᠯᠡ ᠠᠵᠢᠯᠯᠠᠭ᠎ᠠ ᠵᠢ ᠤᠬᠠᠭᠤᠯᠬᠤ ᠵᠡᠷᠭᠡ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ᠂ ᠤᠯᠤᠰ᠎ᠤᠨ ᠲᠣᠭ᠎ᠤᠨ ᠳᠣᠣᠷᠠᠬᠢ ᠶᠠᠷᠢᠶ᠎ᠠ ᠢᠯᠡᠳᠬᠡᠯ᠂ ᠭᠣᠣᠯ ᠰᠡᠳᠦᠪᠲᠦ ᠠᠩᠭᠢ ᠵᠢᠨ ᠪᠠ ᠡᠪᠯᠡᠯ᠎ᠤᠨ ᠬᠤᠷᠠᠯ ᠵᠡᠷᠭᠡ ᠠᠵᠢᠯᠯᠠᠭ᠎ᠠ ᠵᠢᠨ ᠬᠡᠯᠪᠡᠷᠢ ᠵᠢ ᠭᠦᠢ᠍ᠴᠡᠳ ᠠᠰᠢᠭᠯᠠᠨ᠂ ᠱᠠᠩᠨᠠᠯ ᠭᠥᠷᠳᠡᠭᠰᠡᠨ (ᠲᠡᠳᠬᠦᠮᠵᠢ ᠭᠥᠷᠳᠡᠭᠰᠡᠨ) ᠰᠤᠷᠤᠭᠴᠢᠳ ᠵᠶ᠋ᠠᠷ ᠦᠰᠦᠨ ᠪᠣᠢ᠌ᠵᠢᠭᠰᠠᠨ ᠥᠯᠢᠭᠡᠷ᠎ᠢ᠎ᠨᠢ ᠶᠠᠷᠢᠭᠤᠯᠵᠤ᠂ ᠨᠠᠩ ᠤᠯᠠᠨ ᠰᠣᠷᠣᠭᠴᠢ ᠢᠯᠠᠩᠭᠤᠶ᠎ᠠ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠢᠨ᠎ᠡ ᠰᠤᠷᠤᠭᠴᠢᠳ᠎ᠢ ᠬᠥᠲᠥᠯᠥᠨ ᠵᠢᠯᠤᠭᠣᠳᠴᠤ ᠢᠲᠡᠭᠡᠯ ᠵᠣᠷᠢᠭ᠎ᠢ᠎ᠨᠢ ᠪᠠᠲᠤᠳᠬᠠᠨ᠂ ᠴᠢᠷᠮᠠᠢ᠌ᠨ ᠰᠤᠷᠤᠯᠴᠠᠭᠤᠯᠵᠤ᠂ ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ ᠵᠠᠮ ᠵᠶ᠋ᠠᠷ ᠰᠠᠶ᠋ᠢᠲᠤᠷ ᠵᠠᠮᠨᠠᠭᠤᠯᠬᠤ ᠬᠡᠷᠡᠭᠲᠡᠶ᠃
ᠭᠤᠷᠪᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠡᠯ᠎ᠡ ᠱᠠᠲᠤᠨ᠎ᠤ ᠡᠯ᠎ᠡ ᠲᠥᠷᠥᠯ᠎ᠤᠨ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ ᠰᠢᠯᠢᠳᠡᠭ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠤᠯᠠᠨ ᠲᠠᠯ᠎ᠠ᠎ᠪᠠᠷ ᠤᠬᠠᠭᠤᠯᠵᠤ᠂ ᠲᠣᠰ ᠭᠠᠵᠠᠷ ᠣᠷᠣᠨ᠎ᠤ ᠰᠢᠯᠢᠳᠡᠭ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠤᠷᠢᠵᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠳᠤ ᠣᠷᠣᠭᠤᠯᠤᠨ ᠲᠠᠢ᠌ᠯᠤᠮᠵᠢ ᠬᠢᠯᠭᠡᠬᠦ ᠠᠵᠢᠯᠯᠠᠭ᠎ᠠ ᠥᠷᠨᠢᠭᠦᠯᠵᠦ᠂ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠰᠣᠷᠣᠭᠴᠢ ᠡᠯᠰᠡᠬᠦ ᠪᠠ ᠰᠣᠷᠣᠭᠴᠢ ᠬᠥᠮᠥᠵᠢᠭᠦᠯᠬᠦ᠂ ᠦᠨᠡᠯᠡᠬᠦ᠂ ᠬᠡᠷᠡᠭᠯᠡᠬᠦ᠂ ᠤᠷᠮᠠᠰᠢᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 8 ᠰᠠᠷ᠎ᠠ ᠵᠢᠨ 1᠎ᠤ ᠡᠳᠦᠷ