ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠨᠡᠢ᠌ᠭᠡᠮ᠎ᠤᠨ ᠳᠠᠭ᠋ᠠᠳᠬᠠᠯ ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢᠨ ᠬᠣᠯᠪᠣᠭᠳᠠᠯ ᠪᠦ᠍ᠬᠦᠢ ᠠᠰᠠᠭᠤᠳᠠᠯ᠎ᠤᠨ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-09-27

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠡᠯ᠎ᠡ ᠠᠶ᠋ᠢᠮᠠᠭ ᠬᠣᠲᠠ᠂ ᠲᠤᠰᠠᠭ᠋ᠠᠷ ᠲᠥᠯᠥᠪᠯᠡᠭᠡᠲᠦ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠳᠤ᠄
      《ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠪᠠᠭᠤᠷᠠᠭᠤᠯᠬᠤ ᠶᠡᠷᠦᠩᠬᠡᠢ᠌ᠯᠡᠭᠰᠡᠨ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠲᠠᠷᠬᠠᠭ᠋ᠠᠪᠠ [2019] 13 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ᠂ ᠡᠳᠦᠭᠡ 2024 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠢᠯ ᠠᠯᠳᠠᠭᠰᠠᠳ᠎ᠤᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠷ᠎ᠠ᠎ᠳᠤ ᠲᠤᠰᠢᠶᠠᠬᠤ ᠰᠦᠢ᠍ᠳᠬᠡᠯ᠎ᠤᠨ ᠰᠠᠭᠤᠷᠢ ᠲᠣᠭ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠢ ᠳᠣᠣᠷᠠᠬᠢ ᠮᠡᠲᠦ ᠮᠡᠳᠡᠭᠳᠡᠶ᠎ᠡ᠃
      2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠪᠥᠬᠥ ᠠᠵᠢᠯ ᠲᠥᠷᠥᠯ᠎ᠤᠨ ᠬᠣᠲᠠ ᠪᠠᠯᠭ᠋ᠠᠰᠤᠨ᠎ᠤ ᠨᠢᠭᠡᠴᠢ᠎ᠳᠤ ᠠᠵᠢᠯ ᠣᠯᠣᠭᠰᠠᠳ᠎ᠤᠨ ᠰᠠᠷ᠎ᠠ ᠵᠢᠨ ᠳᠤᠮᠳᠠᠴᠢ ᠴᠠᠯᠢᠩ᠎ᠨᠢ 8105 ᠲᠥᠭᠥᠷᠢᠭ ᠪᠣᠯᠣᠨ᠎ᠠ᠃ 2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ (ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠪᠠᠭᠲᠠᠨ᠎ᠠ)᠎ᠤᠨ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢᠨ ᠬᠠᠮᠤᠭ᠎ᠤᠨ ᠳᠣᠣᠷ᠎ᠠ ᠬᠡᠮᠵᠢᠶ᠎ᠡ ᠵᠢ 8105 ᠲᠥᠭᠥᠷᠢᠭ᠎ᠤᠨ 60%᠂ ᠳᠠᠷᠤᠢ 4863 ᠲᠥᠭᠥᠷᠢᠭ ᠵᠶ᠋ᠡᠷ ᠬᠠᠷᠭᠤᠭᠤᠯᠤᠨ ᠲᠣᠭᠲᠠᠭ᠋ᠠᠨ᠎ᠠ; ᠬᠠᠮᠤᠭ᠎ᠤᠨ ᠳᠡᠭᠡᠷ᠎ᠡ ᠬᠡᠮᠵᠢᠶ᠎ᠡ ᠵᠢ 8105 ᠲᠥᠭᠥᠷᠢᠭ᠎ᠤᠨ 300%᠂ ᠳᠠᠷᠤᠢ 24315 ᠲᠥᠭᠥᠷᠢᠭ ᠵᠶ᠋ᠡᠷ ᠬᠠᠷᠭᠤᠭᠤᠯᠤᠨ ᠲᠣᠭᠲᠠᠭ᠋ᠠᠨ᠎ᠠ᠃ ᠠᠳᠠᠯᠢ ᠨᠢᠭᠡᠨ ᠰᠦᠢ᠍ᠳᠬᠡᠯ ᠲᠤᠰᠢᠶᠠᠬᠤ ᠨᠢᠭᠡᠴᠢ ᠵᠢᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ᠎ᠨᠢ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ᠎ᠲᠠᠢ ᠨᠢᠭᠡᠳᠦᠯᠲᠡᠢ ᠪᠠᠶ᠋ᠢᠬᠤ ᠬᠡᠷᠡᠭᠲᠡᠶ᠃ 2024 ᠣᠨ᠎ᠤ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠪᠣᠳᠠᠲᠠᠢ ᠲᠤᠰᠢᠶᠠᠬᠤ ᠰᠦᠢ᠍ᠳᠬᠡᠯ᠎ᠤᠨ ᠵᠢᠭ᠋ᠠᠯᠲᠠ ᠲᠣᠭ᠎ᠠ ᠵᠢ ᠪᠤᠳᠤᠬᠤ᠎ᠳᠤ ᠬᠡᠷᠡᠭᠯᠡᠬᠦ ᠲᠡᠭᠰᠢᠳᠬᠡᠭᠰᠡᠨ ᠴᠠᠯᠢᠩ ᠪᠣᠯ 8105 ᠲᠥᠭᠥᠷᠢᠭ ᠪᠣᠯᠣᠨ᠎ᠠ᠃
           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
           ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
                                    2024 ᠣᠨ᠎ᠤ 8 ᠰᠠᠷ᠎ᠠ ᠵᠢᠨ 6᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            