ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
《ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠠᠭ᠋ᠠᠷᠳᠠᠯᠭ᠎ᠠ》 ᠵᠢ ᠨᠠᠢ᠌ᠳᠠᠪᠤᠷᠢᠵᠢᠭᠤᠯᠵᠤ ᠵᠢᠯ᠎ᠤᠨ ᠡᠴᠦᠰ ᠣᠨ᠎ᠤ ᠡᠬᠢᠨ᠎ᠳᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-01-24

ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
      ᠵᠢᠯ᠎ᠤᠨ ᠡᠴᠦᠰ ᠣᠨ᠎ᠤ ᠡᠬᠢᠨ᠎ᠳᠤ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠂ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ (ᠳᠣᠷᠣᠭᠰᠢ 《ᠰᠤᠷᠭ᠋ᠠᠭᠤᠯᠢ ᠬᠦᠷᠢᠶᠡᠯᠡᠩ》 ᠭᠡᠵᠦ ᠲᠣᠪᠴᠢᠯᠠᠨ᠎ᠠ) ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠵᠦ᠂ ᠰᠤᠷᠭ᠋ᠠᠭᠤᠯᠢ ᠬᠦᠷᠢᠶᠡᠯᠡᠩ᠎ᠤᠨ ᠪᠠᠭᠰᠢ ᠰᠤᠷᠤᠭᠴᠢᠳ᠎ᠤᠨ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠠᠨᠳᠤ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠬᠤ ᠵᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
      ᠨᠢᠭᠡ᠂ 《ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠠᠭ᠋ᠠᠷᠳᠠᠯᠭ᠎ᠠ》 ᠵᠢ ᠨᠠᠢ᠌ᠳᠠᠪᠤᠷᠢᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠡᠯ᠎ᠡ ᠵᠦᠢ᠍ᠯ᠎ᠤᠨ ᠠᠵᠢᠯ᠎ᠢ ᠪᠠᠷᠢᠮᠵᠢᠶ᠎ᠠ ᠶᠣᠰᠣᠭ᠋ᠠᠷ ᠰᠠᠢ᠌ᠲᠤᠷ ᠬᠢᠬᠦ ᠬᠡᠷᠡᠭᠲᠡᠢ
      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ᠎ᠬᠢᠨ ᠰᠤᠷᠭ᠋ᠠᠭᠤᠯᠢ ᠬᠦᠷᠢᠶᠡᠯᠡᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠦᠳᠬᠡᠨ ᠦᠵᠡᠵᠦ᠂ ᠰᠤᠷᠭ᠋ᠠᠭᠤᠯᠢ ᠬᠦᠷᠢᠶᠡᠯᠡᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠠ ᠪᠣᠳᠠᠲᠠᠢ ᠦᠢ᠍ᠯᠡᠳᠦᠯᠭᠡ ᠪᠣᠯᠭ᠋ᠠᠵᠤ᠂ 《ᠴᠠᠭ ᠢᠮᠠᠭᠲᠠ ᠰᠠᠨᠠᠭ᠋ᠠᠰᠢᠷᠠᠬᠤ》 ᠠᠵᠢᠯ᠎ᠤᠨ ᠣᠪᠣᠷ ᠪᠠ 《ᠬᠦᠯᠢᠶᠡᠵᠦ ᠳᠡᠢ᠌ᠯᠬᠦ ᠦᠭᠡᠢ᠂ ᠤᠳᠠᠭ᠋ᠠᠰᠢᠷᠠᠭᠤᠯᠵᠤ ᠪᠣᠯᠬᠤ ᠦᠭᠡᠢ》 ᠠᠵᠢᠯ᠎ᠤᠨ ᠰᠤᠷᠲᠠᠯ ᠵᠶ᠋ᠠᠷ 2025 ᠣᠨ᠎ᠤ ᠡᠪᠦᠯ᠎ᠤᠨ ᠠᠮᠠᠷᠠᠯᠲᠠ᠂ ᠴᠠᠭ᠋ᠠᠨ ᠰᠠᠷ᠎ᠠ ᠵᠢᠴᠢ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠠᠴᠠ ᠡᠮᠦᠨ᠎ᠡ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠤ᠂ 《ᠳᠥᠷᠪᠡᠨ ᠦᠭᠡᠢ ᠬᠣᠶᠠᠷ ᠰᠢᠭᠤᠳ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠭ᠋ᠠᠭᠤᠯᠢ ᠬᠦᠷᠢᠶᠡᠯᠡᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠡᠮ ᠰᠣᠭᠣᠭ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠬᠡᠷᠡᠭᠲᠡᠢ᠃ 《ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠠᠭ᠋ᠠᠷᠳᠠᠯᠭ᠎ᠠ》 (ᠳᠠᠭ᠋ᠠᠯᠳᠤᠭᠤᠯᠤᠯ᠎ᠳᠤ ᠦᠵᠡ)᠎ᠪᠠᠷ ᠪᠠᠷᠢᠮᠵᠢᠶᠠᠯᠠᠵᠤ᠂ ᠰᠤᠷᠭ᠋ᠠᠭᠤᠯᠢ ᠬᠦᠷᠢᠶᠡᠯᠡᠩ᠎ᠤᠨ ᠭᠣᠣᠯ ᠬᠠᠷᠢᠭᠤᠴᠠᠯᠭ᠋ᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠂ ᠠᠩᠭᠢ ᠵᠢᠨ ᠡᠷᠬᠢᠯᠡᠭᠴᠢ ᠵᠡᠷᠭᠡ ᠬᠠᠮᠢᠶ᠎ᠠ ᠪᠦᠬᠦᠢ ᠬᠥᠮᠥᠰ᠎ᠢ ᠵᠣᠬᠢᠶᠠᠨ ᠪᠠᠢ᠌ᠭᠤᠯᠤᠨ ᠰᠡᠷᠭᠡᠢ᠌ᠯᠡᠬᠦ ᠱᠠᠭ᠋ᠠᠷᠳᠠᠯᠭ᠎ᠠ ᠵᠢ ᠬᠢᠨᠠᠮᠠᠭ᠋ᠠᠢ ᠰᠤᠷᠤᠯᠴᠠᠭᠤᠯᠵᠤ᠂ ᠰᠤᠷᠭ᠋ᠠᠭᠤᠯᠢ ᠬᠦᠷᠢᠶᠡᠯᠡᠩ᠎ᠤᠨ ᠭᠣᠣᠯᠳᠠᠯᠭ᠎ᠠ᠎ᠲᠠᠢ ᠣᠷᠣᠨ ᠪᠠᠶ᠋ᠢᠷᠢ ᠪᠠ ᠭᠣᠣᠯᠳᠠᠯᠭ᠎ᠠ᠎ᠲᠠᠢ ᠣᠷᠣᠨ ᠪᠦᠰᠡ᠎ᠳᠤ ᠬᠥᠮᠥᠨ᠎ᠤ ᠬᠦᠴᠦᠨ ᠵᠶ᠋ᠡᠷ ᠰᠡᠷᠭᠡᠢ᠌ᠯᠡᠬᠦ᠂ ᠪᠣᠳᠠᠲᠤ ᠴᠣᠭᠴᠠ᠎ᠪᠠᠷ ᠰᠡᠷᠭᠡᠢ᠌ᠯᠡᠬᠦ᠂ ᠡᠯᠧᠺᠲᠷᠣᠨ ᠵᠶ᠋ᠠᠷ ᠰᠡᠷᠭᠡᠢ᠌ᠯᠡᠬᠦ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠰᠤᠷᠭ᠋ᠠᠭᠤᠯᠢ ᠬᠦᠷᠢᠶᠡᠯᠡᠩ᠎ᠢ ᠬᠠᠪᠰᠤᠷᠤᠨ ᠠᠶᠤᠯᠭᠦᠢ ᠦᠢ᠍ᠯᠡᠳᠪᠦᠷᠢᠯᠡᠯ᠎ᠤᠨ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠯ᠎ᠡ ᠰᠤᠷᠭ᠋ᠠᠭᠤᠯᠢ ᠬᠦᠷᠢᠶᠡᠯᠡᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯᠲᠠᠨ ᠵᠢᠴᠢ ᠴᠢᠮᠡᠭᠡ ᠨᠡᠪᠲᠡᠷᠡᠯᠭᠡ ᠵᠢᠨ ᠠᠷᠭ᠎ᠠ ᠮᠠᠶᠢᠭ᠎ᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂ ᠰᠤᠷᠭ᠋ᠠᠭᠤᠯᠢ ᠬᠦᠷᠢᠶᠡᠯᠡᠩ᠎ᠢ ᠬᠠᠪᠰᠤᠷᠤᠨ 《ᠰᠤᠷᠭ᠋ᠠᠭᠤᠯᠢ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠪᠡᠯᠡᠳᠬᠡᠮᠵᠢ》᠎ᠲᠠᠢ ᠬᠠᠷᠢᠴᠠᠭᠤᠯᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠡᠯᠡᠳᠬᠡᠮᠵᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠤᠨ 《ᠬᠥᠮᠥᠨ᠎ᠤ ᠰᠡᠷᠭᠡᠢ᠌ᠯᠡᠯᠲᠡ + ᠳᠦᠷᠢᠮ᠎ᠤᠨ ᠰᠡᠷᠭᠡᠢ᠌ᠯᠡᠯᠲᠡ + ᠮᠡᠷᠭᠡᠵᠢᠯ᠎ᠤᠨ ᠰᠡᠷᠭᠡᠢ᠌ᠯᠡᠯᠲᠡ》 ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠰᠢᠰᠲ᠋ᠧᠮᠵᠢ ᠵᠢ ᠪᠠᠢ᠌ᠭᠤᠯᠵᠤ᠂ ᠪᠠᠭᠰᠢ ᠰᠤᠷᠤᠭᠴᠢᠳ᠎ᠤᠨ ᠠᠮᠢ ᠨᠠᠰᠤᠨ᠎ᠤ ᠠᠮᠤᠷ ᠲᠦᠪᠰᠢᠨ ᠪᠠ ᠰᠤᠷᠭ᠋ᠠᠭᠤᠯᠢ ᠬᠦᠷᠢᠶᠡᠯᠡᠩ᠎ᠤᠨ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠶ᠃
      ᠬᠣᠶᠠᠷ᠂ ᠠᠶᠤᠯᠭᠦᠢ ᠦᠢ᠍ᠯᠡᠳᠪᠦᠷᠢᠯᠡᠯ᠎ᠤᠨ ᠡᠨᠳᠡᠯ᠎ᠤᠨ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ᠂ ᠵᠢᠯ᠎ᠤᠨ ᠡᠴᠦᠰ ᠣᠨ᠎ᠤ ᠡᠬᠢᠨ᠎ᠤ ᠰᠤᠷᠭ᠋ᠠᠭᠤᠯᠢ ᠬᠦᠷᠢᠶᠡᠯᠡᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠬᠢᠬᠦ ᠬᠡᠷᠡᠭᠲᠡᠢ
      ᠣᠢ᠌ᠷ᠎ᠠ ᠵᠢᠨ ᠬᠤᠭᠤᠴᠠᠭ᠋ᠠᠨ᠎ᠠᠴᠠ ᠨᠠᠭ᠋ᠠᠰᠢ᠂ ᠤᠯᠤᠰ᠎ᠤᠨ ᠳᠣᠲᠣᠭ᠋ᠠᠳᠤ᠎ᠳᠤ ᠠᠶᠤᠯᠭᠦᠢ ᠦᠢ᠍ᠯᠡᠳᠪᠦᠷᠢᠯᠡᠯ᠎ᠤᠨ ᠡ᠊ᠨᠳᠡᠯ ᠤᠯᠠᠨ ᠭᠠᠷᠴᠤ᠂ ᠡ᠊ᠨᠳᠡᠯ᠎ᠨᠢ ᠠᠳᠠᠯᠢ ᠪᠤᠰᠤ ᠬᠡᠮᠵᠢᠶ᠎ᠡ᠎ᠪᠠᠷ ᠦᠬᠦᠯ ᠰᠢᠷᠬᠠᠲᠤᠯ ᠪᠠ ᠡᠳ᠋ ᠬᠥᠷᠥᠩᠭᠡ ᠵᠢᠨ ᠬᠦᠨᠳᠦ ᠨᠣᠴᠢᠲᠠᠢ ᠬᠣᠬᠢᠷᠠᠯ᠎ᠢ ᠪᠤᠢ ᠪᠣᠯᠭ᠋ᠠᠭᠰᠠᠨ ᠪᠠᠢ᠌ᠨ᠎ᠠ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠰᠤᠷᠭ᠋ᠠᠭᠤᠯᠢ ᠬᠦᠷᠢᠶᠡᠯᠡᠩ᠎ᠢ ᠵᠢᠭ᠋ᠠᠨ ᠵᠢᠯᠤᠭᠣᠳᠴᠤ ᠪᠠᠶ᠋ᠢᠭ᠋ᠠᠳ ᠡᠨᠳᠡᠯ᠎ᠤᠨ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠨᠢᠭᠡ᠎ᠠᠴᠠ ᠵᠦᠢ᠍ᠴᠢᠯᠡᠵᠦ ᠨᠥᠬᠥᠭᠡ ᠵᠢ ᠮᠡᠳᠡᠵᠦ ᠥᠪᠡᠷ᠎ᠢ᠎ᠪᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠵᠤ᠂ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠨ᠂ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠠᠮᠤᠷ ᠲᠦᠪᠰᠢᠨ᠂ ᠡᠮᠬᠢ ᠵᠢᠷᠤᠮ᠎ᠲᠠᠢ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠶ᠃
      (ᠨᠢᠭᠡ) ᠡᠪᠦᠯ᠎ᠤᠨ ᠤᠯᠠᠷᠢᠯ᠎ᠤᠨ ᠭᠠᠯ ᠰᠡᠷᠭᠡᠢ᠌ᠯᠡᠬᠦ ᠵᠢ ᠴᠢᠩᠭ᠋ᠠᠳᠬᠠᠬᠤ ᠬᠡᠷᠡᠭᠲᠡᠢ᠃ ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠠᠭᠤᠷ ᠠᠮᠢᠰᠬᠤᠯ ᠬᠠᠬᠢᠷ ᠬᠦᠢ᠍ᠲᠡᠨ ᠭᠠᠩ ᠬᠠᠭᠤᠷᠠᠢ ᠪᠠᠢ᠌ᠵᠤ᠂ ᠡᠯ᠎ᠡ ᠰᠤᠷᠭ᠋ᠠᠭᠤᠯᠢ ᠬᠦᠷᠢᠶᠡᠯᠡᠩ᠎ᠤᠨ ᠳᠤᠯᠠᠭ᠋ᠠᠯᠠᠭ᠎ᠠ ᠵᠢᠨ ᠭᠠᠯ᠂ ᠴᠠᠬᠢᠯᠭ᠋ᠠᠨ᠂ ᠬᠡᠢ ᠬᠡᠷᠡᠭᠯᠡᠬᠦ ᠬᠡᠮᠵᠢᠶ᠎ᠡ ᠶᠡᠬᠡ᠎ᠪᠠᠷ ᠨᠡᠮᠡᠭᠳᠡᠪᠡ᠃ ᠡᠯ᠎ᠡ ᠰᠤᠷᠭ᠋ᠠᠭᠤᠯᠢ ᠬᠦᠷᠢᠶᠡᠯᠡᠩ ᠪᠠᠭᠰᠢ᠂ ᠳᠠᠳᠤᠯᠭ᠎ᠠ ᠪᠣᠯᠪᠠᠰᠤᠷᠠᠯ᠎ᠤᠨ ᠦᠢ᠍ᠯᠡᠳᠪᠦᠷᠢ ᠵᠢᠨ ᠲᠠᠰᠤᠭ᠂ ᠪᠠᠶ᠋ᠢᠷᠢ ᠵᠢᠨ ᠭᠡᠷ᠂ ᠶᠣᠰᠣᠯᠠᠯ᠎ᠤᠨ ᠲᠠᠩᠬᠢᠮ ᠵᠡᠷᠭᠡ ᠭᠣᠣᠯᠳᠠᠯᠭ᠎ᠠ᠎ᠲᠠᠢ ᠭᠠᠵᠠᠷ ᠲᠠᠯᠠᠪᠤᠷ᠂ ᠭᠣᠣᠯᠳᠠᠯᠭ᠎ᠠ᠎ᠲᠠᠢ ᠣᠷᠣᠨ ᠪᠦᠰᠡ᠎ᠳᠤ ᠴᠠᠬᠢᠯᠭ᠋ᠠᠨ ᠬᠡᠷᠡᠭᠯᠡᠬᠦ᠂ ᠭᠠᠯ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠵᠢ ᠥᠷᠨᠢᠭᠦᠯᠵᠦ᠂ ᠪᠠᠭᠰᠢ ᠰᠤᠷᠤᠭᠴᠢᠳ᠎ᠤᠨ ᠠᠵᠢᠯᠯᠠᠬᠤ᠂ ᠵᠢᠭ᠋ᠠᠨ ᠰᠤᠷᠭ᠋ᠠᠯᠲᠠ ᠵᠢᠨ ᠳᠠᠳᠤᠯᠭ᠎ᠠ ᠪᠣᠯᠪᠠᠰᠤᠷᠠᠯ᠎ᠳᠤ ᠶᠡᠬᠡ ᠴᠢᠳᠠᠮᠵᠢᠲᠤ ᠴᠠᠬᠢᠯᠭ᠋ᠠᠨ ᠬᠡᠷᠡᠭᠰᠡᠯ ᠵᠶ᠋ᠡᠷ ᠳᠤᠯᠠᠭ᠋ᠠᠯᠠᠬᠤ᠂ ᠢᠯᠡ ᠭᠠᠯ ᠵᠶ᠋ᠠᠷ ᠳᠤᠯᠠᠭ᠋ᠠᠯᠠᠬᠤ ᠭᠠᠵᠠᠷ ᠲᠠᠯᠠᠪᠤᠷ ᠵᠢᠴᠢ ᠠᠮᠢᠳᠤᠷᠠᠯ᠎ᠤᠨ ᠣᠷᠣᠨ ᠪᠦᠰᠡ᠎ᠳᠤ ᠴᠠᠬᠢᠯᠭ᠋ᠠᠨ ᠬᠠᠯᠠᠭ᠋ᠠᠯᠲᠠ ᠵᠢᠨ ᠲᠠᠩᠽᠢ᠂ ᠴᠠᠬᠢᠯᠭ᠋ᠠᠨ ᠬᠠᠯᠠᠭ᠋ᠠᠯᠲᠠ ᠵᠢᠨ ᠲᠣᠨᠣᠭ᠂ ᠴᠠᠬᠢᠯᠭ᠋ᠠᠨ ᠳᠤᠯᠠᠭ᠋ᠠᠯᠠᠭ᠎ᠠ ᠵᠡᠷᠭᠡ ᠵᠢ ᠭᠣᠣᠯᠳᠠᠯᠭ᠎ᠠ᠎ᠲᠠᠢ ᠬᠠᠮᠢᠶᠠᠷᠴᠤ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ ᠡᠵᠡᠮᠳᠡᠬᠦ ᠬᠡᠷᠡᠭᠲᠡᠶ᠃ ᠴᠠᠬᠢᠯᠭ᠋ᠠᠨ ᠬᠦᠴᠦᠨ᠎ᠤ ᠲᠤᠰᠬᠠᠢ ᠮᠡᠷᠭᠡᠵᠢᠯᠲᠡᠨ᠎ᠢ ᠤᠷᠢᠵᠤ ᠡᠯ᠎ᠡ ᠴᠠᠬᠢᠯᠭ᠋ᠠᠨ ᠬᠡᠷᠡᠭᠯᠡᠬᠦ ᠱᠤᠭᠤᠮ᠎ᠤᠨ ᠳᠠᠭ᠋ᠠᠭ᠋ᠠᠴᠠ ᠵᠢᠨ ᠴᠢᠳᠠᠪᠤᠷᠢ᠎ᠳᠤ ᠦᠨᠡᠯᠡᠨ ᠵᠢᠱ᠌ᠢᠯᠲᠡ ᠪᠠᠢ᠌ᠴᠠᠭ᠋ᠠᠯᠲᠠ ᠬᠢᠯᠭᠡᠵᠦ᠂ ᠱᠤᠭᠤᠮ᠎ᠤᠨ ᠳᠠᠭ᠋ᠠᠭ᠋ᠠᠴᠠ᠎ᠠᠴᠠ ᠬᠡᠲᠦᠷᠡᠭᠦᠯᠬᠦ᠎ᠠᠴᠠ ᠰᠡᠷᠭᠡᠢ᠌ᠯᠡᠬᠦ ᠬᠡᠷᠡᠭᠲᠡᠶ᠃ ᠠᠮᠠᠷᠠᠯᠲᠠ ᠵᠢᠨ ᠬᠤᠭᠤᠴᠠᠭ᠋ᠠᠨ᠎ᠳᠤ ᠬᠡᠷᠪᠡ ᠢᠯᠡ ᠭᠠᠯ᠂ ᠭᠠᠯ ᠨᠣᠴᠣᠭ᠋ᠠᠵᠤ ᠠᠵᠢᠯᠯᠠᠬᠤ ᠭᠠᠵᠠᠷ ᠬᠡᠷᠡᠭᠯᠡᠬᠦ ᠴᠢᠬᠤᠯᠠ᠎ᠲᠠᠢ ᠪᠣᠯ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠡᠷᠬᠡᠪᠰᠢ 《ᠬᠥᠮᠥᠨ᠎ᠨᠢ ᠶᠠᠪᠤᠪᠠᠯ ᠭᠠᠯ ᠵᠶ᠋ᠠᠨ ᠤᠨᠲᠠᠷᠠᠬᠤ》 ᠬᠡᠷᠡᠭᠲᠡᠶ᠃ ᠡᠯ᠎ᠡ ᠰᠤᠷᠭ᠋ᠠᠭᠤᠯᠢ ᠬᠦᠷᠢᠶᠡᠯᠡᠩ ᠬᠥᠮᠥᠷᠭᠡ᠎ᠳᠤ ᠬᠠᠳᠠᠭ᠋ᠠᠯᠠᠵᠤ ᠪᠠᠢ᠌ᠭ᠎ᠠ ᠰᠢᠲᠠᠮᠠᠬᠠᠢ ᠬᠡᠢ ᠪᠡᠶᠡᠲᠦ᠂ ᠨᠣᠴᠣᠮᠠᠲᠠᠭ᠋ᠠᠢ ᠬᠡᠢ ᠪᠡᠶᠡᠲᠦ᠂ ᠪᠤᠰᠤᠳ ᠰᠢᠲᠠᠮᠠᠬᠠᠢ ᠮᠠᠲ᠋ᠧᠷᠢᠶᠠᠯ ᠵᠡᠷᠭᠡ ᠵᠢ ᠲᠤᠰᠬᠠᠢ ᠬᠥᠮᠥᠨ ᠲᠤᠰᠬᠠᠢ ᠬᠠᠮᠢᠶᠠᠷᠬᠤ ᠵᠢ ᠪᠡᠶᠡᠯᠡᠭᠦᠯᠵᠦ᠂ ᠤᠯᠤᠰ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ ᠬᠥᠮᠥᠷᠭᠡ ᠪᠠᠢ᠌ᠭᠤᠯᠵᠤ᠂ ᠡᠳ᠋ ᠪᠣᠳᠠᠰ᠎ᠢ ᠨᠣᠮᠧᠷᠯᠠᠨ ᠲᠠᠯᠪᠢᠵᠤ᠂ ᠠᠮᠠᠷᠠᠯᠲᠠ ᠲᠠᠯᠪᠢᠬᠤ᠎ᠠᠴᠠ ᠡᠮᠦᠨ᠎ᠡ ᠲᠤᠶ᠋ᠢᠯᠪᠤᠷᠢᠲᠠᠶ ᠪᠠᠢ᠌ᠴᠠᠭ᠋ᠠᠵᠤ᠂ ᠠᠮᠠᠷᠠᠯᠲᠠ ᠵᠢᠨ ᠬᠤᠭᠤᠴᠠᠭ᠋ᠠᠨ᠎ᠳᠤ ᠴᠠᠭ ᠲᠤᠬᠠᠢ᠎ᠳᠤᠨᠢ ᠬᠢᠨᠠᠨ ᠰᠢᠯᠭ᠋ᠠᠬᠤ ᠬᠡᠷᠡᠭᠲᠡᠶ᠃ ᠡᠯ᠎ᠡ ᠰᠤᠷᠭ᠋ᠠᠭᠤᠯᠢ ᠬᠦᠷᠢᠶᠡᠯᠡᠩ ᠠᠮᠠᠷᠠᠯᠲᠠ ᠵᠢᠨ ᠬᠤᠭᠤᠴᠠᠭ᠎ᠠ᠎ᠪᠠᠨ ᠠᠰᠢᠭᠯᠠᠨ ᠭᠠᠯ ᠤᠨᠲᠠᠷᠠᠭ᠋ᠠᠬᠤ ᠪᠡᠯᠡᠳᠬᠡᠮᠵᠢ ᠲᠥᠬᠦᠭᠡᠷᠦᠮᠵᠢ᠎ᠳᠤ ᠪᠠᠢ᠌ᠴᠠᠭ᠋ᠠᠯᠲᠠ ᠬᠢᠵᠦ᠂ ᠨᠢᠭᠡᠨᠲᠡ ᠬᠤᠭᠤᠴᠠᠭ᠎ᠠ᠎ᠨᠢ ᠲᠤᠯᠤᠭᠰᠠᠨ ᠭᠠᠯ ᠤᠨᠲᠠᠷᠠᠭ᠋ᠠᠭᠤᠷ ᠵᠶ᠋ᠠᠨ ᠰᠣᠯᠢᠵᠤ᠂ ᠪᠠᠴᠢᠮ ᠪᠠᠶ᠋ᠢᠳᠠᠯ᠎ᠢ ᠠᠷᠭ᠋ᠠᠴᠠᠨ ᠲᠠᠷᠬᠠᠭ᠋ᠠᠬᠤ ᠵᠢ ᠨᠥᠯᠥᠭᠡᠯᠡᠵᠦ ᠪᠠᠢ᠌ᠭ᠎ᠠ ᠨᠡᠪᠲᠡᠷᠡᠬᠦ ᠵᠠᠮ᠎ᠤᠨ ᠬᠠᠷᠰᠢ ᠰᠠᠭ᠋ᠠᠳ᠎ᠢ ᠠᠷᠢᠯᠭ᠋ᠠᠵᠤ᠂ ᠠᠮᠢ ᠨᠠᠰᠤᠨ᠎ᠤ ᠨᠡᠪᠲᠡᠷᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠬᠡᠷᠡᠭᠲᠡᠶ᠃
      (ᠬᠣᠶᠠᠷ) ᠭᠡᠷ᠎ᠤᠨ ᠠᠬᠠᠮᠠᠳ ᠪᠠ ᠰᠤᠷᠭ᠋ᠠᠭᠤᠯᠢ ᠵᠢᠨ ᠬᠠᠮᠲᠤᠷᠠᠭᠰᠠᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠡᠪᠦᠯ᠎ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠪᠣᠯᠬᠣᠷ ᠡᠯ᠎ᠡ ᠰᠤᠷᠭ᠋ᠠᠭᠤᠯᠢ ᠬᠦᠷᠢᠶᠡᠯᠡᠩᠠᠩᠭᠢ ᠵᠢᠨ ᠡᠷᠬᠢᠯᠡᠭᠴᠢ ᠵᠢᠨ ᠠᠵᠢᠯ ᠵᠶ᠋ᠠᠷ ᠳᠠᠮᠵᠢᠭᠤᠯᠤᠨ ᠭᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠭᠰᠠᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠠᠷᠠᠯᠲᠠ ᠲᠠᠯᠪᠢᠬᠤ᠂ ᠰᠤᠷᠭ᠋ᠠᠭᠤᠯᠢ ᠡᠬᠢᠯᠡᠬᠦ ᠴᠠᠭ ᠵᠶ᠋ᠠᠨ ᠰᠣᠷᠣᠭᠴᠢ ᠵᠢᠨ ᠭᠡᠷ᠎ᠤᠨ ᠠᠬᠠᠮᠠᠳ ᠨᠢᠭᠡᠪᠦᠷᠢ᠎ᠳᠤ ᠣᠨᠣᠪᠴᠢᠲᠠᠢ ᠪᠥᠭᠡᠳ ᠲᠣᠳᠣᠷᠬᠠᠢ ᠮᠡᠳᠡᠭᠳᠡᠬᠦ ᠵᠢᠨ ᠰᠣᠷᠣᠭᠴᠢ ᠵᠢᠨ ᠭᠡᠷ᠎ᠤᠨ ᠠᠬᠠᠮᠠᠳ᠎ᠲᠠᠢ ᠬᠠᠷᠢᠯᠴᠠᠵᠤ ᠨᠤᠲᠤᠭ᠎ᠲᠠᠭᠠᠨ ᠪᠤᠴᠠᠬᠤ᠂ ᠰᠤᠷᠭ᠋ᠠᠭᠤᠯᠢ᠎ᠳᠠᠭᠠᠨ ᠪᠤᠴᠠᠬᠤ ᠴᠠᠭ᠎ᠢ ᠲᠣᠭᠲᠠᠭ᠋ᠠᠬᠤ ᠬᠡᠷᠡᠭᠲᠡᠶ᠃ ᠡᠯ᠎ᠡ ᠰᠤᠷᠭ᠋ᠠᠭᠤᠯᠢ ᠬᠦᠷᠢᠶᠡᠯᠡᠩ ᠬᠡᠷᠪᠡ ᠣᠨᠴᠠᠭ᠋ᠠᠢ ᠪᠠᠶ᠋ᠢᠳᠠᠯ᠎ᠲᠠᠢ᠎ᠠᠴᠠ ᠪᠣᠯᠵᠤ ᠬᠡᠰᠡᠭ ᠰᠣᠷᠣᠭᠴᠢ ᠵᠢ ᠰᠤᠷᠭ᠋ᠠᠭᠤᠯᠢ᠎ᠳᠤ ᠦᠯᠡᠳᠡᠭᠡᠬᠦ ᠴᠢᠬᠤᠯᠠ᠎ᠲᠠᠢ ᠪᠣᠯ᠂ ᠰᠣᠷᠣᠭᠴᠢ ᠵᠢᠨ ᠭᠡᠷ᠎ᠤᠨ ᠠᠬᠠᠮᠠᠳ᠎ᠤᠨ ᠵᠥᠪᠰᠢᠶᠡᠷᠡᠯ᠎ᠢ ᠣᠯᠬᠤ ᠵᠢᠨ ᠬᠠᠮᠲᠤ ᠲᠤᠰᠬᠠᠢ ᠪᠠᠭᠰᠢ ᠵᠢ ᠬᠥᠮᠥᠵᠢᠭᠦᠯᠦᠨ 24 ᠴᠠᠭ ᠵᠶ᠋ᠠᠷ ᠬᠠᠮᠢᠶᠠᠷᠤᠭᠤᠯᠬᠤ ᠬᠡᠷᠡᠭᠲᠡᠢ᠃ ᠠᠮᠠᠷᠠᠯᠲᠠ ᠵᠢᠨ ᠬᠤᠭᠤᠴᠠᠭ᠋ᠠᠨ᠎ᠳᠤ᠂ ᠭᠡᠷ ᠪᠦᠯᠢ ᠪᠠ ᠰᠤᠷᠭ᠋ᠠᠭᠤᠯᠢ ᠵᠢᠨ ᠬᠠᠮᠲᠤᠷᠠᠭᠰᠠᠨ ᠪᠠᠢ᠌ᠭᠤᠯᠤᠯᠲᠠ᠎ᠪᠠᠷ ᠳᠠᠮᠵᠢᠭᠤᠯᠤᠨ᠂ ᠰᠤᠷᠤᠭᠴᠢᠳ᠎ᠤᠨ ᠡᠪᠦᠯ᠎ᠤᠨ ᠠᠮᠠᠷᠠᠯᠲᠠ ᠵᠢᠨ ᠨᠡᠢ᠌ᠭᠡᠮ᠎ᠤᠨ ᠦᠢ᠍ᠯᠡᠳᠦᠯᠭᠡ ᠵᠢᠨ ᠬᠠᠮᠢᠶ᠎ᠠ ᠪᠦᠬᠦᠢ ᠠᠵᠢᠯᠯᠠᠭ᠎ᠠ ᠵᠢ ᠰᠠᠶ᠋ᠢᠲᠤᠷ ᠬᠢᠵᠦ᠂ ᠭᠡᠷ᠎ᠤᠨ ᠠᠬᠠᠮᠠᠳ᠎ᠲᠠᠢ ᠬᠠᠮᠲᠤᠷᠠᠨ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠢᠳᠡᠭᠡᠨ᠎ᠤ ᠠᠮᠤᠷ ᠲᠦᠪᠰᠢᠨ ᠵᠡᠷᠭᠡ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠤᠭᠴᠢᠳ᠎ᠢ ᠠᠯᠢ ᠴᠢᠳᠠᠬᠤ᠎ᠪᠠᠷ ᠬᠥᠮᠥᠨ ᠬᠠᠷ᠎ᠠ ᠴᠤᠭᠯᠠᠷᠠᠭᠰᠠᠨ ᠴᠤᠭᠯᠠᠭ᠋ᠠᠨ᠎ᠳᠤ ᠣᠷᠣᠯᠴᠠᠬᠤ᠎ᠠᠴᠠ ᠵᠠᠢ᠌ᠯᠠᠰᠬᠢᠵᠦ᠂ ᠬᠤᠪᠢ ᠬᠥᠮᠥᠨ᠎ᠤ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠪᠠ ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠵᠢ ᠰᠠᠨᠠᠭᠤᠯᠬᠤ ᠬᠡᠷᠡᠭᠲᠡᠶ᠃
      (ᠭᠤᠷᠪᠠ) ᠳᠠᠳᠤᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠰᠤᠷᠭ᠋ᠠᠭᠤᠯᠢ ᠬᠦᠷᠢᠶᠡᠯᠡᠩ 《〈ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠵᠢᠨ ᠳᠠᠳᠤᠯᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ》 (ᠥᠪᠥᠷ ᠪᠠᠭᠰᠢ ᠲᠤᠰᠢᠶᠠᠯ ᠵᠠᠬᠢᠳᠠᠯ [2022] 40 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠠᠵᠤ ᠠᠬᠤᠢ᠌ᠯᠠᠯ᠎ᠳᠤ ᠳᠠᠳᠤᠯᠭ᠎ᠠ ᠬᠢᠬᠦ᠂ ᠠᠵᠢᠯ᠎ᠤᠨ ᠪᠠᠶ᠋ᠢᠷᠢ ᠵᠢ ᠣᠷᠣᠯᠠᠨ ᠳᠠᠳᠤᠯᠭ᠎ᠠ ᠬᠢᠬᠦ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠵᠦ᠂ 1 《ᠴᠢᠩᠭ᠎ᠠ ᠴᠠᠭ᠋ᠠᠵᠠᠯᠠᠬᠤ》᠂ 27 《ᠦᠯᠦ ᠪᠣᠯᠬᠤ》 ᠲᠣᠭᠲᠠᠭ᠋ᠠᠯ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠤᠷᠤᠭᠴᠢᠳ᠎ᠤᠨ ᠳᠠᠳᠤᠯᠭ᠎ᠠ ᠵᠢᠨ ᠴᠠᠭ᠂ ᠳᠠᠳᠤᠯᠭ᠎ᠠ ᠵᠢᠨ ᠭᠠᠵᠠᠷ᠂ ᠳᠠᠳᠤᠯᠭ᠎ᠠ ᠵᠢᠨ ᠠᠭᠤᠯᠭ᠎ᠠ ᠵᠢ ᠵᠣᠬᠢᠰᠲᠠᠢ ᠲᠣᠬᠢᠷᠠᠭᠤᠯᠵᠤ᠂ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ ᠳᠠᠳᠤᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠴᠢᠬᠤᠯᠠ᠎ᠲᠠᠢ ᠦᠶ᠎ᠡ᠎ᠳᠤ ᠵᠢᠭ᠋ᠠᠨ ᠵᠢᠯᠤᠭᠣᠳᠬᠤ ᠪᠠᠭᠰᠢ ᠲᠣᠮᠢᠯᠠᠨ ᠰᠤᠷᠤᠭᠴᠢᠳ᠎ᠤᠨ ᠳᠠᠳᠤᠯᠭ᠎ᠠ ᠬᠢᠵᠦ ᠪᠦᠬᠦᠢ ᠠᠵᠤ ᠠᠬᠤᠢ᠌ᠯᠠᠯ᠎ᠳᠤ ᠣᠴᠢᠭᠤᠯᠵᠤ ᠠᠩᠭᠢ ᠳᠠᠭ᠋ᠠᠭᠤᠯᠤᠨ ᠳᠠᠳᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠶᠠᠮᠠᠷᠪᠠ ᠬᠡᠯᠪᠡᠷᠢ᠎ᠪᠠᠷ ᠰᠤᠷᠤᠭᠴᠢᠳ᠎ᠤᠨ ᠳᠠᠳᠤᠯᠭ᠎ᠠ ᠵᠢᠨ ᠬᠠᠷᠠᠮᠵᠢ ᠵᠢ ᠬᠠᠰᠤᠬᠤ᠂ ᠰᠤᠷᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠬᠤ ᠪᠠᠶ᠋ᠢᠳᠠᠯ ᠡᠭᠦᠰᠬᠦ᠎ᠠᠴᠠ ᠰᠡᠷᠭᠡᠢ᠌ᠯᠡᠵᠦ᠂ ᠰᠤᠷᠤᠭᠴᠢᠳ᠎ᠤᠨ ᠳᠠᠳᠤᠯᠭ᠎ᠠ ᠵᠢᠨ ᠬᠤᠭᠤᠴᠠᠭ᠋ᠠᠨ᠎ᠳᠠᠬᠢ ᠰᠡᠳᠬᠢᠴᠡ ᠵᠢᠨ ᠬᠥᠳᠡᠯᠦᠩᠭᠦᠢ ᠪᠠᠶ᠋ᠢᠳᠠᠯ᠎ᠤᠨ ᠬᠢᠨᠠᠨ ᠬᠡᠮᠵᠢᠯᠲᠡ ᠵᠢ ᠴᠢᠬᠤᠯᠠᠴᠢᠯᠠᠵᠤ᠂ ᠳᠠᠳᠤᠯᠭ᠎ᠠ ᠵᠢᠨ ᠠᠵᠤ ᠠᠬᠤᠢ᠌ᠯᠠᠯ᠂ ᠳᠠᠳᠤᠯᠭ᠎ᠠ ᠵᠢᠨ ᠠᠵᠢᠯ᠎ᠤᠨ ᠪᠠᠶ᠋ᠢᠷᠢ᠎ᠳᠤ ᠬᠠᠨᠤᠮᠵᠢ ᠦᠭᠡᠢ ᠪᠠᠶ᠋ᠢᠳᠠᠯ ᠣᠷᠣᠰᠢᠵᠤ ᠪᠠᠢ᠌ᠭ᠎ᠠ ᠰᠤᠷᠤᠭᠴᠢᠳ᠎ᠢ ᠭᠣᠣᠯᠳᠠᠯᠭ᠎ᠠ᠎ᠲᠠᠢ ᠠᠩᠬᠠᠷᠴᠤ᠂ ᠴᠠᠭ ᠲᠤᠬᠠᠢ᠎ᠳᠤᠨᠢ ᠵᠢᠭ᠋ᠠᠨ ᠵᠢᠯᠤᠭᠣᠳᠴᠤ᠂ ᠴᠢᠬᠤᠯᠠ᠎ᠲᠠᠢ ᠦᠶ᠎ᠡ᠎ᠳᠤ ᠰᠤᠷᠤᠭᠴᠢᠳ᠎ᠤᠨ ᠲᠣᠰ ᠠᠵᠤ ᠠᠬᠤᠢ᠌ᠯᠠᠯ᠎ᠳᠤ ᠳᠠᠳᠤᠯᠭ᠎ᠠ ᠬᠢᠵᠦ ᠰᠤᠷᠤᠯᠴᠠᠬᠤ ᠵᠢ ᠵᠣᠭᠰᠤᠭ᠋ᠠᠬᠤ ᠵᠢᠨ ᠬᠠᠮᠲᠤ ᠪᠡᠯᠡᠳᠬᠡᠯ ᠳᠠᠳᠤᠯᠭ᠎ᠠ ᠵᠢᠨ ᠠᠵᠤ ᠠᠬᠤᠢ᠌ᠯᠠᠯ᠎ᠳᠤ ᠣᠴᠢᠵᠤ ᠳᠠᠳᠤᠯᠭ᠎ᠠ ᠬᠢᠯᠭᠡᠬᠦ ᠬᠡᠷᠡᠭᠲᠡᠶ᠃
      (ᠳᠥᠷᠪᠡ) ᠠᠮᠠᠷᠠᠯᠲᠠ ᠵᠢᠨ ᠬᠤᠭᠤᠴᠠᠭ᠋ᠠᠨ᠎ᠤ ᠵᠢᠵᠢᠭᠦᠷ᠎ᠢ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠰᠤᠷᠭ᠋ᠠᠭᠤᠯᠢ ᠬᠦᠷᠢᠶᠡᠯᠡᠩ ᠡᠪᠦᠯ᠎ᠤᠨ ᠠᠮᠠᠷᠠᠯᠲᠠ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠵᠢᠵᠢᠭᠦᠷᠯᠡᠭᠴᠢ᠎ᠪᠠᠨ ᠵᠦᠢ ᠵᠣᠬᠢᠰᠲᠠᠢ ᠲᠣᠬᠢᠷᠠᠭᠤᠯᠵᠤ᠂ ᠵᠢᠵᠢᠭᠦᠷᠯᠡᠭᠴᠢ᠂ ᠡᠭᠡᠯᠵᠢ ᠳᠠᠭ᠋ᠠᠭᠤᠯᠤᠭᠴᠢ ᠵᠢᠨ ᠤᠳᠤᠷᠢᠳᠤᠯᠭ᠎ᠠ ᠵᠢᠨ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠡᠭ ᠮᠡᠳᠡᠭᠦᠯᠦᠯᠲᠡ ᠵᠢᠨ ᠳᠦᠷᠢᠮ᠎ᠢ ᠨᠠᠢ᠌ᠳᠠᠪᠤᠷᠢᠵᠢᠭᠤᠯᠤᠨ᠂ ᠵᠢᠵᠢᠭᠦᠷᠯᠡᠭᠴᠢ᠂ ᠰᠤᠷᠭ᠋ᠠᠭᠤᠯᠢ ᠬᠦᠷᠢᠶᠡᠯᠡᠩ᠎ᠤᠨ ᠡᠭᠡᠯᠵᠢ ᠳᠠᠭ᠋ᠠᠭᠤᠯᠤᠭᠴᠢ ᠵᠢᠨ ᠤᠳᠤᠷᠢᠳᠤᠯᠭ᠎ᠠ᠂ ᠰᠤᠷᠭ᠋ᠠᠭᠤᠯᠢ ᠬᠦᠷᠢᠶᠡᠯᠡᠩ᠎ᠤᠨ ᠭᠣᠣᠯ ᠬᠠᠷᠢᠭᠤᠴᠠᠯᠭ᠋ᠠᠲᠠᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠥᠮᠥᠰ᠎ᠤᠨ ᠴᠢᠮᠡᠭᠡ ᠨᠡᠪᠲᠡᠷᠡᠯᠭᠡ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠶ᠃ ᠵᠢᠵᠢᠭᠦᠷᠯᠡᠭᠴᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠵᠢᠵᠢᠭᠦᠷᠯᠡᠬᠦ ᠬᠤᠭᠤᠴᠠᠭ᠋ᠠᠨ᠎ᠳᠠᠬᠢ ᠰᠤᠷᠭ᠋ᠠᠭᠤᠯᠢ ᠵᠢᠨ ᠬᠦᠷᠢᠶᠡᠨ᠎ᠤ ᠲᠣᠭᠣᠷᠢᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠡᠮ ᠰᠣᠭᠣᠭ ᠣᠷᠣᠰᠢᠵᠤ ᠪᠠᠶ᠋ᠢᠬᠤ ᠵᠢ ᠣᠯᠵᠤ ᠮᠡᠳᠡᠮᠡᠭᠴᠡ ᠴᠠᠭ ᠲᠤᠬᠠᠢ᠎ᠳᠤᠨᠢ ᠬᠠᠷᠢᠭᠤ ᠲᠤᠰᠬᠠᠵᠤ ᠴᠠᠭ ᠲᠤᠬᠠᠢ᠎ᠳᠤᠨᠢ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠵᠢᠵᠢᠭᠦᠷ᠎ᠤᠨ ᠲᠡᠮᠳᠡᠭᠯᠡᠯ᠎ᠢ ᠰᠠᠶ᠋ᠢᠲᠤᠷ ᠬᠢᠬᠦ ᠵᠢᠨ ᠬᠠᠮᠲᠤ ᠠᠷᠢᠯᠭ᠋ᠠᠭ᠋ᠠᠳᠤᠢ ᠪᠤᠶᠤ ᠶᠠᠭ ᠴᠡᠭᠴᠡᠯᠡᠨ ᠵᠠᠰᠠᠵᠤ ᠪᠠᠢ᠌ᠭ᠎ᠠ ᠠᠮᠤᠷ ᠲᠦᠪᠰᠢᠨ᠎ᠤ ᠬᠡᠮ ᠰᠣᠭᠣᠭ᠎ᠢ ᠵᠢᠵᠢᠭᠦᠷᠯᠡᠨ ᠲᠤᠰᠢᠶᠠᠵᠤ ᠭᠥᠯᠢᠶᠡᠨ ᠠᠪᠴᠤ᠂ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ᠂ ᠪᠢᠲᠡᠭᠦᠦ ᠴᠠᠭ᠋ᠠᠷᠢᠭ᠎ᠢ ᠴᠡᠭᠴᠡᠯᠡᠨ ᠵᠠᠰᠠᠵᠤ᠂ ᠬᠡᠮ ᠰᠣᠭᠣᠭ᠎ᠢ ᠪᠠᠢ᠌ᠴᠠᠭ᠋ᠠᠨ ᠭᠠᠷᠭ᠋ᠠᠬᠤ ᠮᠥᠷᠲᠡᠭᠡᠨ ᠠᠷᠢᠯᠭ᠋ᠠᠬᠤ ᠬᠡᠷᠡᠭᠲᠡᠶ᠃
      (ᠲᠠᠪᠤ) ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠠᠴᠠ ᠰᠡᠷᠭᠡᠢ᠌ᠯᠡᠬᠦ ᠵᠢ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠢᠳᠡᠪᠬᠢᠲᠡᠢ ᠵᠣᠬᠢᠴᠠᠭᠤᠯᠵᠤ᠂ ᠰᠤᠷᠭ᠋ᠠᠭᠤᠯᠢ ᠬᠦᠷᠢᠶᠡᠯᠡᠩ᠎ᠢ ᠬᠠᠪᠰᠤᠷᠤᠨ ᠴᠠᠬᠢᠯᠭ᠋ᠠᠨ ᠬᠣᠯᠪᠣᠭ᠎ᠠ ᠲᠣᠣᠷ ᠰᠦᠯᠵᠢᠶ᠎ᠡ᠎ᠪᠠᠷ ᠮᠡᠬᠡᠯᠡᠬᠦ ᠵᠢ ᠰᠡᠷᠭᠡᠢ᠌ᠯᠡᠬᠦ ᠤᠬᠠᠭᠤᠯᠭ᠎ᠠ ᠵᠢ ᠰᠠᠶ᠋ᠢᠲᠤᠷ ᠬᠢᠵᠦ᠂ ᠪᠠᠭᠰᠢ ᠰᠤᠷᠤᠭᠴᠢᠳ᠎ᠤᠨ ᠴᠠᠬᠢᠯᠭ᠋ᠠᠨ ᠬᠣᠯᠪᠣᠭ᠎ᠠ ᠲᠣᠣᠷ ᠰᠦᠯᠵᠢᠶ᠎ᠡ᠎ᠪᠠᠷ ᠮᠡᠬᠡᠯᠡᠬᠦ ᠵᠢ ᠰᠡᠷᠭᠡᠢ᠌ᠯᠡᠬᠦ ᠴᠢᠳᠠᠪᠤᠷᠢ᠎ᠪᠠᠨ ᠲᠡᠭᠡᠭᠰᠢᠯᠡᠬᠦᠯᠬᠦ ᠬᠡᠷᠡᠭᠲᠡᠢ᠃ ᠰᠤᠷᠤᠭᠴᠢᠳ᠎ᠲᠤ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠪᠠᠷᠠᠭ᠎ᠠ ᠠᠪᠴᠤ ᠠᠰᠢᠭ ᠣᠯᠬᠤ᠂ ᠬᠤᠳᠠᠯ ᠬᠠᠭᠤᠷᠮᠠᠭ ᠰᠦᠯᠵᠢᠶ᠎ᠡ᠎ᠪᠠᠷ ᠪᠡᠯᠡ ᠣᠷᠣᠭᠤᠯᠤᠨ ᠬᠥᠷᠥᠩᠭᠡᠵᠢᠬᠦ᠂ ᠬᠤᠳᠠᠯ ᠬᠠᠭᠤᠷᠮᠠᠭ ᠪᠠᠷᠠᠭ᠎ᠠ ᠬᠤᠳᠠᠯᠳᠤᠨ ᠠᠪᠬᠤ ᠦᠢ᠍ᠯᠡᠴᠢᠯᠡᠭᠡ ᠥᠷᠨᠢᠭᠦᠯᠬᠦ᠂ ᠡᠯᠧᠺᠲᠷᠣᠨ ᠬᠤᠳᠠᠯᠳᠤᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠠᠶᠠᠨᠴᠢᠳ᠎ᠤᠨ ᠦᠢ᠍ᠯᠡᠴᠢᠯᠡᠭᠡ᠎ᠪᠠᠷ ᠣᠪᠯᠠᠬᠤ᠂ ᠬᠤᠳᠠᠯ ᠬᠠᠭᠤᠷᠮᠠᠭ ᠢᠲᠡᠭᠡᠮᠵᠢ ᠵᠢᠨ ᠮᠡᠬᠡᠯᠡᠯ ᠬᠢᠬᠦ᠂ ᠤᠳᠤᠷᠢᠳᠤᠯᠭ᠎ᠠ᠎ᠪᠠᠷ ᠣᠪᠯᠠᠬᠤ᠂ ᠲᠠᠨᠢᠯ ᠬᠥᠮᠥᠨ ᠵᠶ᠋ᠡᠷ ᠣᠪᠯᠠᠬᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠴᠠᠭ᠋ᠠᠬᠤ ᠰᠢᠭᠦᠬᠦ ᠵᠢᠴᠢ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠲᠥᠷᠥᠯ᠎ᠤᠨ ᠮᠡᠬᠡᠯᠡᠯ ᠬᠢᠬᠦ᠂ ᠰᠦᠯᠵᠢᠶᠡᠨ᠎ᠤ ᠣᠷᠣᠭ ᠬᠤᠷᠢᠮ᠂ ᠨᠠᠢ᠌ᠵᠠᠯᠠᠬᠤ ᠲᠥᠷᠥᠯ᠎ᠤᠨ ᠮᠡᠬᠡᠯᠡᠯ ᠬᠢᠬᠦ᠂ ᠰᠦᠯᠵᠢᠶᠡᠨ᠎ᠤ ᠲᠣᠭᠯᠠᠭ᠋ᠠᠮ᠎ᠤᠨ ᠦᠢ᠍ᠯᠡᠳᠬᠦᠨ᠎ᠤ ᠬᠤᠳᠠᠯ ᠬᠠᠭᠤᠷᠮᠠᠭ ᠠᠷᠠᠯᠵᠢᠶᠠᠨ᠎ᠤ ᠲᠥᠷᠥᠯ᠎ᠤᠨ ᠮᠡᠬᠡᠯᠡᠯ ᠬᠢᠬᠦ ᠵᠡᠷᠭᠡ ᠦᠢ᠍ᠯᠡ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠰᠡᠷᠡᠮᠵᠢᠯᠡᠬᠦ ᠵᠢ ᠰᠤᠷᠤᠭᠴᠢᠳ᠎ᠲᠤ ᠰᠠᠨᠠᠭᠤᠯᠬᠤ ᠬᠡᠷᠡᠭᠲᠡᠶ᠃ ᠣᠶᠤᠨ ᠴᠢᠳᠠᠯ ᠵᠶ᠋ᠠᠨ ᠮᠡᠳᠡᠯᠭᠡ ᠰᠤᠷᠤᠯᠴᠠᠬᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠳᠡᠭᠡᠷ᠎ᠡ ᠵᠣᠷᠢᠭᠤᠯᠤᠨ᠂ ᠯᠠᠪᠳᠠᠭᠤᠨ ᠪᠠᠲᠤᠲᠠᠢ᠎ᠪᠠᠷ ᠡᠷᠳᠡᠮ ᠮᠡᠳᠡᠯᠭᠡ ᠰᠤᠷᠴᠤ᠂ ᠠᠵᠢᠯᠴᠢ ᠬᠢᠴᠢᠶᠡᠩᠭᠦᠢ᠎ᠪᠠᠷ ᠤᠷ᠎ᠠ ᠴᠢᠳᠠᠪᠤᠷᠢ᠎ᠪᠠᠨ ᠪᠣᠯᠪᠠᠰᠤᠷᠠᠭᠤᠯᠵᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠬᠢᠷᠢ ᠲᠡᠩᠴᠡᠭᠰᠡᠨ ᠨᠡᠢ᠌ᠭᠡᠮ ᠵᠢᠷᠤᠮ᠎ᠤᠨ ᠦᠢ᠍ᠯᠡᠰ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠶ ᠭᠡᠵᠦ ᠰᠤᠷᠤᠭᠴᠢᠳ᠎ᠢ ᠰᠤᠷᠭ᠋ᠠᠨ ᠬᠥᠮᠥᠵᠢᠭᠦᠯᠵᠦ ᠬᠥᠲᠥᠯᠥᠨ ᠵᠢᠯᠣᠭᠣᠳᠬᠤ ᠬᠡᠷᠡᠭᠲᠡᠢ᠃
      (ᠵᠢᠷᠭᠤᠭ᠎ᠠ) ᠰᠡᠳᠬᠢᠴᠡ ᠵᠢᠨ ᠲᠠᠯ᠎ᠠ᠎ᠪᠠᠷ ᠬᠠᠪᠰᠤᠷᠤᠨ ᠵᠢᠯᠤᠭᠣᠳᠬᠤ ᠵᠢ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠰᠤᠷᠭ᠋ᠠᠭᠤᠯᠢ ᠬᠦᠷᠢᠶᠡᠯᠡᠩ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠥᠨ᠎ᠢ ᠬᠥᠮᠥᠵᠢᠭᠦᠯᠬᠦ ᠵᠢ ᠤᠷ᠎ᠠ ᠴᠢᠳᠠᠪᠤᠷᠢᠲᠠᠨ᠎ᠢ ᠬᠥᠮᠥᠵᠢᠭᠦᠯᠬᠦ ᠪᠥᠬᠥ ᠶᠠᠪᠤᠴᠠ᠎ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠪᠠᠷ ᠬᠥᠲᠥᠯᠥᠨ ᠳᠠᠭ᠋ᠠᠭᠤᠯᠬᠤ᠎ᠪᠠᠷ ᠳᠠᠮᠵᠢᠭᠤᠯᠤᠨ᠂ ᠢᠳᠡᠪᠬᠢᠲᠡᠢ᠂ ᠢᠯᠡ᠂ ᠥᠭᠡᠳᠡᠷᠬᠡᠭ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠠᠨᠳᠤ ᠵᠢᠨ ᠬᠥᠮᠦᠵᠢᠯ᠎ᠢ ᠴᠢᠩᠭ᠋ᠠᠳᠬᠠᠵᠤ᠂ ᠲᠠᠢ᠌ᠯᠤᠮᠵᠢ ᠬᠢᠬᠦ᠂ ᠠᠵᠢᠯᠯᠠᠭ᠎ᠠ ᠥᠷᠨᠢᠭᠦᠯᠬᠦ ᠵᠡᠷᠭᠡ᠎ᠪᠠᠷ ᠳᠠᠮᠵᠢᠭᠤᠯᠤᠨ ᠰᠤᠷᠤᠭᠴᠢᠳ᠎ᠤᠨ ᠢᠲᠡᠭᠡᠯ ᠵᠣᠷᠢᠭ᠎ᠢ ᠨᠡᠮᠡᠭᠳᠡᠭᠦᠯᠬᠦ ᠬᠡᠷᠡᠭᠲᠡᠶ᠃ ᠠᠮᠢᠳᠤᠷᠠᠯ᠎ᠤᠨ ᠲᠠᠯ᠎ᠠ᠎ᠪᠠᠷ ᠬᠦᠴᠢᠷᠳᠡᠯ᠎ᠲᠠᠢ ᠰᠤᠷᠤᠭᠴᠢᠳ᠎ᠢ ᠰᠠᠨᠠᠭ᠋ᠠᠴᠢᠯᠠᠭ᠎ᠠ᠎ᠠᠴᠠ᠎ᠪᠠᠨ ᠬᠠᠯᠠᠮᠵᠢᠯᠠᠵᠤ᠂ ᠰᠤᠷᠤᠭᠴᠢᠳ᠎ᠢ ᠬᠠᠪᠰᠤᠷᠤᠨ ᠬᠦᠴᠢᠷᠳᠡᠯ᠎ᠢ᠎ᠨᠢ ᠴᠠᠭ ᠲᠤᠬᠠᠢ᠎ᠳᠤᠨᠢ ᠰᠢᠢ᠍ᠳᠪᠦᠷᠢᠯᠡᠨ ᠥᠭᠴᠦ᠂ ᠲᠡᠳᠡᠨ᠎ᠤ ᠦᠰᠦᠨ ᠪᠣᠢ᠌ᠵᠢᠯᠲᠠ ᠵᠢᠨ ᠶᠠᠪᠤᠴᠠ᠎ᠳᠤ ᠲᠤᠯᠭ᠋ᠠᠷᠠᠭᠰᠠᠨ ᠰᠡᠵᠢᠭᠯᠡᠯ ᠪᠠ ᠠᠰᠠᠭᠤᠳᠠᠯ᠎ᠢ᠎ᠨᠢ ᠬᠥᠲᠥᠯᠥᠨ ᠵᠢᠯᠤᠭᠣᠳᠬᠤ ᠬᠡᠷᠡᠭᠲᠡᠶ᠃ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠨᠤᠭᠤᠳ ᠬᠥᠮᠥᠵᠢᠭᠦᠯᠵᠦ ᠪᠠᠢ᠌ᠭ᠎ᠠ ᠰᠤᠷᠤᠭᠴᠢᠳ᠎ᠤᠨ ᠰᠤᠷᠤᠯᠴᠠᠵᠤ ᠪᠠᠢ᠌ᠭ᠎ᠠ ᠪᠠᠶ᠋ᠢᠳᠠᠯ᠎ᠢ ᠠᠩᠬᠠᠷᠴᠤ᠂ ᠰᠠᠨᠠᠭ᠋ᠠᠴᠢᠯᠠᠭ᠎ᠠ᠎ᠠᠴᠠ᠎ᠪᠠᠨ ᠰᠤᠷᠤᠭᠴᠢᠳ᠎ᠢ ᠬᠠᠪᠰᠤᠷᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠳᠤᠮᠳᠠ ᠲᠤᠯᠭ᠋ᠠᠷᠠᠭᠰᠠᠨ ᠰᠤᠷᠤᠯᠴᠠᠬᠤ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠶ᠃ ᠡᠯ᠎ᠡ ᠰᠤᠷᠭ᠋ᠠᠭᠤᠯᠢ ᠬᠦᠷᠢᠶᠡᠯᠡᠩ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠸᠢᠴᠠᠲ᠎ᠤᠨ ᠪᠦᠯᠦᠭ᠂ ᠨᠠᠢ᠌ᠳᠠ ᠵᠢᠨ ᠳ᠋ᠤᠭ᠋ᠠᠷ ᠵᠡᠷᠭᠡ᠎ᠪᠠᠷ ᠳᠠᠮᠵᠢᠭᠤᠯᠤᠨ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠠᠨᠳᠤ ᠵᠢᠨ ᠬᠥᠮᠦᠵᠢᠯ᠎ᠢ ᠥᠷᠨᠢᠭᠦᠯᠵᠦ᠂ ᠰᠤᠷᠤᠭᠴᠢᠳ᠎ᠤᠨ ᠭᠡᠷ᠎ᠤᠨ ᠠᠬᠠᠮᠠᠳ᠎ᠲᠠᠢ ᠭᠦᠢ᠍ᠴᠡᠳ ᠨᠡᠪᠲᠡᠷᠡᠯᠴᠡᠵᠦ᠂ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠠᠨᠳᠤ ᠵᠢ ᠠᠩᠬᠠᠷᠬᠤ ᠬᠡᠷᠡᠭᠲᠡᠶ᠂ ᠬᠡᠷᠪᠡ ᠰᠡᠳᠬᠢᠴᠡ ᠵᠢᠨ ᠠᠰᠠᠭᠤᠳᠠᠯ ᠣᠷᠣᠰᠢᠵᠤ ᠪᠠᠢ᠌ᠪᠠᠯ ᠴᠠᠭ ᠲᠤᠬᠠᠢ᠎ᠳᠤᠨᠢ ᠭᠠᠷ ᠳᠦᠷᠦᠵᠦ᠂ ᠪᠠᠭ᠎ᠠ ᠠᠰᠠᠭᠤᠳᠠᠯ᠎ᠠᠴᠠ ᠪᠣᠯᠵᠤ ᠶᠡᠬᠡ ᠡᠨᠳᠡᠯ ᠭᠠᠷᠬᠤ᠎ᠠᠴᠠ ᠵᠠᠢ᠌ᠯᠠᠰᠬᠢᠬᠦ ᠬᠡᠷᠡᠭᠲᠡᠶ᠂ ᠨᠠᠩ ᠴᠤ᠌ ᠬᠡᠲᠦᠷᠡᠮᠡᠬᠡᠢ ᠦᠢ᠍ᠯᠡ ᠠᠵᠢᠯᠯᠠᠭ᠎ᠠ ᠭᠠᠷᠭ᠋ᠠᠵᠤ᠂ ᠨᠡᠢ᠌ᠭᠡᠮ ᠨᠠᠢ᠌ᠳᠠ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ ᠪᠣᠯᠬᠤ ᠦᠭᠡᠢ᠃
      ᠡᠪᠦᠯ᠎ᠤᠨ ᠠᠮᠠᠷᠠᠯᠲᠠ᠂ ᠴᠠᠭ᠋ᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠤᠷᠴᠠ ᠴᠢᠳᠠᠮᠠᠭ᠋ᠠᠢ ᠬᠦᠴᠦᠨ᠎ᠢ ᠵᠣᠬᠢᠶᠠᠨ ᠪᠠᠢ᠌ᠭᠤᠯᠤᠨ ᠬᠠᠷᠢᠶᠠᠲᠤ ᠣᠷᠣᠨ᠎ᠤ ᠳᠣᠲᠣᠷᠠᠬᠢ ᠰᠤᠷᠭ᠋ᠠᠭᠤᠯᠢ ᠬᠦᠷᠢᠶᠡᠯᠡᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠶᠠᠷ ᠳᠤᠷᠠᠰᠬᠠᠯ᠎ᠤᠨ ᠡᠳᠦᠷ᠎ᠤᠨ ᠡᠶ᠎ᠡ ᠨᠠᠶ᠋ᠢᠷᠠᠮᠳᠠᠭᠤ ᠠᠭᠤᠷ ᠠᠮᠢᠰᠬᠤᠯ᠎ᠢ ᠪᠤᠢ ᠪᠣᠯᠭ᠋ᠠᠵᠤ᠂ ᠨᠡᠢ᠌ᠭᠡᠮ᠎ᠤᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠰᠤᠷᠭ᠋ᠠᠭᠤᠯᠢ ᠬᠦᠷᠢᠶᠡᠯᠡᠩ ᠬᠡᠷᠪᠡ ᠠᠶᠤᠯᠭᠦᠢ ᠦᠢ᠍ᠯᠡᠳᠪᠦᠷᠢᠯᠡᠯ᠎ᠤᠨ ᠡᠨᠳᠡᠯ ᠭᠠᠷᠪᠠᠯ᠂ ᠲᠡᠷᠡ ᠳᠠᠷᠤᠢ᠎ᠳᠤᠨᠢ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠳᠤ ᠮᠡᠳᠡᠭᠦᠯᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠮᠡᠳᠡᠭᠦᠯᠦᠭᠡᠷᠡᠢ᠃
      ᠬᠠᠷᠢᠯᠴᠠᠬᠤ ᠬᠥᠮᠥᠨ᠄ ᠴᠠᠩ ᠵᠢᠶᠧ  ᠫᠠᠩ ᠳ᠋ᠦᠩ ᠢᠦᠢ
      ᠬᠠᠷᠢᠯᠴᠠᠬᠤ ᠤᠲᠠᠰᠤ᠄ (0471) 6613983 6944622
      ᠳᠠᠭ᠋ᠠᠯᠳᠤᠭᠤᠯᠤᠯ᠄ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠶᠤᠯᠭᠦᠢ ᠵᠢᠨ ᠰᠡᠷᠭᠡᠢ᠌ᠯᠡᠯᠲᠡ ᠵᠢᠨ ᠱᠠᠭ᠋ᠠᠷᠳᠠᠯᠭ᠎ᠠ
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

             ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                     2025 ᠣᠨ᠎ᠤ 1 ᠰᠠᠷ᠎ᠠ ᠵᠢᠨ 6᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            