ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠄
ᠡᠳᠦᠭᠡ 《38 ᠲᠤᠰᠬᠠᠢ ᠮᠡᠷᠭᠡᠵᠢᠯ᠎ᠤᠨ ᠤᠯᠤᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠬᠢᠴᠢᠶᠡᠯ᠎ᠤᠨ ᠪᠠᠷᠢᠮᠵᠢᠶ᠎ᠠ ᠪᠠ ᠬᠢᠴᠢᠶᠡᠯ ᠲᠣᠬᠢᠷᠠᠭᠤᠯᠬᠤ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠠᠬᠢᠳᠠᠯ [2024] 165 ᠳ᠋ᠤᠭ᠋ᠠᠷ ᠲᠣᠭ᠋ᠠᠲᠤ)᠎ᠢ ᠲᠠᠨᠠᠷ᠎ᠲᠤ ᠤᠯᠠᠮᠵᠢᠯᠠᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠨᠠᠢ᠌ᠳᠠᠪᠤᠷᠢᠵᠢᠭᠤᠯᠤᠯᠲᠠ ᠵᠢ ᠬᠠᠮᠲᠤᠳᠤᠨᠢ ᠰᠠᠶ᠋ᠢᠲᠤᠷ ᠠᠳᠬᠤᠬᠤ ᠵᠢ ᠬᠦᠰᠡᠵᠦ ᠪᠠᠢ᠌ᠨ᠎ᠠ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠵᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠬᠡᠪᠡᠷ ᠬᠥᠭᠵᠢᠭᠦᠯᠬᠦ ᠵᠢᠨ ᠴᠢᠬᠤᠯᠠ ᠭᠠᠷᠳᠠᠴᠠ ᠪᠣᠯᠭ᠋ᠠᠵᠤ᠂ ᠬᠠᠷᠢᠶᠠᠲᠤ ᠣᠷᠣᠨ᠎ᠤ ᠳᠣᠲᠣᠷᠠᠬᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠬᠢᠴᠢᠶᠡᠯ᠎ᠢ ᠵᠢᠷᠤᠮᠵᠢᠭᠤᠯᠤᠨ ᠲᠣᠬᠢᠷᠠᠭᠤᠯᠬᠤ ᠵᠢ ᠵᠢᠯᠤᠭᠣᠳᠬᠤ ᠵᠢᠨ ᠬᠠᠮᠲᠤ ᠵᠢᠭ᠋ᠠᠨ ᠰᠤᠷᠭ᠋ᠠᠯᠲᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠵᠢᠭ᠋ᠠᠨ ᠰᠤᠳᠤᠯᠬᠤ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠯᠤᠰ᠎ᠤᠨ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠬᠢᠴᠢᠶᠡᠯ᠎ᠤᠨ ᠪᠠᠷᠢᠮᠵᠢᠶ᠎ᠠ ᠪᠠ ᠬᠢᠴᠢᠶᠡᠯ᠎ᠢ ᠲᠣᠬᠢᠷᠠᠭᠤᠯᠬᠤ ᠲᠥᠰᠥᠯ᠎ᠢ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠦ᠂ ᠲᠣᠰ ᠭᠠᠵᠠᠷ ᠣᠷᠣᠨ᠎ᠤ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
ᠬᠣᠶᠠᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠬᠠᠷᠢᠶᠠᠲᠤ ᠣᠷᠣᠨ᠎ᠤ ᠳᠣᠲᠣᠷᠠᠬᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠵᠢᠯᠤᠭᠣᠳᠴᠤ ᠪᠠᠶ᠋ᠢᠭ᠋ᠠᠳ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠰᠦᠯᠵᠢᠶ᠎ᠡ ᠵᠢᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠵᠢᠨ ᠠᠵᠢᠯ᠎ᠤᠨ ᠲᠤᠰᠬᠠᠢ ᠲᠣᠭᠣᠷᠢᠭ (https://jg.class.com.cn)᠎ᠠᠴᠠ 38 ᠲᠤᠰᠬᠠᠢ ᠮᠡᠷᠭᠡᠵᠢᠯ᠎ᠤᠨ ᠬᠢᠴᠢᠶᠡᠯ ᠲᠣᠬᠢᠷᠠᠭᠤᠯᠬᠤ ᠲᠥᠰᠥᠯ᠎ᠢ ᠴᠠᠭ ᠲᠤᠬᠠᠢᠳᠤᠨᠢ ᠪᠠᠭᠤᠯᠭ᠋ᠠᠨ ᠠᠪᠬᠤ ᠵᠢᠨ ᠬᠠᠮᠲᠤ᠂ ᠬᠢᠴᠢᠶᠡᠯ ᠲᠣᠬᠢᠷᠠᠭᠤᠯᠬᠤ ᠲᠥᠰᠥᠯ᠎ᠤᠨ ᠶᠣᠰᠣᠭ᠋ᠠᠷ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠵᠢᠭ᠋ᠠᠬᠤ ᠮᠠᠲ᠋ᠧᠷᠢᠶᠠᠯ᠎ᠢ ᠰᠣᠩᠭᠣᠬᠤ᠂ ᠬᠡᠷᠡᠭᠯᠡᠬᠦ᠂ ᠬᠠᠮᠢᠶᠠᠷᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 12 ᠰᠠᠷ᠎ᠠ ᠵᠢᠨ 16᠎ᠤ ᠡᠳᠦᠷ