ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
2020 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠵᠠᠭᠤᠨ ᠡᠳᠦᠷ᠎ᠤᠨ ᠪᠣᠭᠣᠮᠲᠠ ᠰᠢᠪᠲᠤᠯᠵᠤ ᠠᠵᠢᠯᠲᠠᠨ ᠡᠯᠰᠡᠬᠦ ᠠᠩᠬ᠎ᠠ ᠤᠳᠠᠭ᠋ᠠᠨ ᠎ᠤ ᠬᠤᠷᠠᠯ ᠤᠷᠤᠭᠰᠢᠲᠠᠶ ᠶᠠᠪᠤᠭᠳᠠᠪᠠ
ᠨᠡᠶ᠋ᠢᠲᠡᠯᠡᠭᠰᠡᠨ ᠴᠠᠭ᠄ 2020-05-29

      ᠤᠶᠤᠲᠠᠳ᠎ᠤᠨ ᠠᠵᠢᠯ ᠣᠯᠭᠣᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ   ᠶᠠᠪᠤᠳᠠᠯ᠎ᠤᠨ ᠬᠣᠷᠢᠶᠠᠨ᠎ᠤ ᠰᠢᠷᠢᠰ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ   ᠲᠤᠤᠱ᠌ᠢᠯᠠᠭᠤᠯᠵᠤ ᠨᠠᠶ᠋ᠢᠳᠠᠪᠤᠷᠢᠵᠢᠭᠤᠯᠬᠤ ᠵᠢᠨ ᠲᠥᠯᠥᠭᠡ᠂   ᠳᠡᠭᠡᠳᠤ ᠰᠤᠷᠭ᠋ᠠᠭᠤᠯᠢ ᠲᠡᠭᠦᠰᠦᠭᠰᠡᠳ᠎ᠢ ᠬᠠᠪᠰᠤᠷᠤᠨ ᠤᠷᠤᠭᠰᠢᠲᠠᠶ ᠲᠡᠭᠦᠰᠬᠡᠵᠦ᠂ ᠡᠷᠲᠡᠬᠡᠨ ᠠᠵᠢᠯ ᠣᠯᠭᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠢᠯᠣᠭᠣᠳᠬᠤ ᠲᠥᠪ ᠬᠠᠮᠲᠤᠷᠠᠨ 《2020 ᠤᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠵᠠᠭᠤᠨ ᠡᠳᠦᠷ᠎ᠤᠨ ᠪᠣᠭᠣᠮᠲᠠ ᠰᠢᠪᠲᠤᠯᠤᠨ ᠤᠷᠢᠬᠤ ᠬᠤᠷᠠᠯ》᠎ᠢ ᠳᠠᠭ᠋ᠠᠭ᠋ᠠᠴᠢᠯᠠᠨ  ᠡᠷᠬᠢᠯᠡᠪᠡ᠂ ᠲᠤᠰ ᠬᠤᠭᠤᠴᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠠᠵᠢᠯᠯᠠᠭ᠎ᠠ ᠵᠢᠨ ᠴᠠᠭ᠎ᠨᠢ 2020᠎ᠤᠨ 5 ᠰᠠᠷ᠎ᠠ ᠵᠢᠨ 19᠎ᠠᠴᠠ 2020᠎ᠤᠨ 8 ᠰᠠᠷ᠎ᠠ ᠵᠢᠨ 31᠎ᠤ ᠡᠳᠦᠷ ᠪᠣᠯᠲᠠᠯ᠎ᠠ᠂ ᠠᠩᠬᠠᠨ᠎ᠤ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ 5 ᠰᠠᠷ᠎ᠠ ᠵᠢᠨ 20᠎ᠤ ᠡᠳᠦᠷ (ᠭᠠᠷᠠᠭ᠎ᠤᠨ ᠭᠤᠷᠪᠠᠨ)   ᠥᠪᠤᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠣᠯᠠᠨ ᠨᠡᠶ᠋ᠢᠲᠡ ᠵᠢᠨ   ᠦᠢ᠍ᠯᠡᠴᠢᠯᠡᠭᠡᠨ᠎ᠤ ᠲᠥᠪ᠎ᠤᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠤ ᠶᠠᠪᠤᠭᠳᠠᠪᠠ᠃ 
      ᠲᠤᠰ ᠬᠤᠭᠤᠴᠠᠭ᠋ᠠᠨ᠎ᠤ ᠠᠩᠬᠠᠨ᠎ᠤ ᠠᠵᠢᠯᠲᠠᠨ ᠡᠯᠰᠡᠬᠦ ᠬᠤᠷᠠᠯ᠎ᠨᠢ 49 ᠬᠥᠮᠦᠨ ᠬᠡᠷᠡᠭᠯᠡᠬᠦ ᠨᠢᠭᠡᠴᠡ ᠵᠢ ᠵᠣᠬᠢᠶᠠᠨ ᠪᠠᠶ᠋ᠢᠭᠤᠯᠵᠤ᠂ 1271 ᠠᠵᠢᠯ᠎ᠤᠨ ᠪᠠᠶ᠋ᠢᠷᠢ ᠬᠠᠩᠭ᠋ᠠᠵᠤ᠂ ᠸᠢᠴᠠᠲ᠎ᠤᠨ ᠵᠢᠵᠢᠭ ᠵᠢᠷᠤᠮ ᠵᠶ᠋ᠠᠷ 394 ᠬᠥᠮᠦᠨ᠎ᠢ ᠪᠣᠯᠵᠣᠵᠤ᠂ 182 ᠬᠥᠮᠦᠨ ᠪᠤᠳᠠᠲᠤ ᠲᠠᠯᠠᠪᠤᠷ᠎ᠲᠤ ᠣᠷᠣᠯᠴᠠᠵᠤ᠂ 63 ᠬᠥᠮᠦᠨ ᠤᠳᠠᠭ᠎ᠠ ᠰᠠᠨᠠᠮᠵᠢ᠎ᠲᠠᠢ ᠪᠣᠯᠪᠠ᠃ ᠬᠥᠮᠦᠨ ᠬᠡᠷᠡᠭᠯᠡᠬᠦ ᠨᠢᠭᠡᠴᠢ ᠵᠢᠨ ᠬᠠᠩᠭ᠋ᠠᠭᠰᠠᠨ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠵᠠᠳᠠᠯᠤᠭᠰᠠᠨ᠎ᠤ   ᠳᠠᠷᠠᠭ᠎ᠠ᠂ ᠲᠣᠰ ᠬᠤᠭᠤᠴᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠤ ᠬᠥᠮᠦᠨ ᠬᠡᠷᠡᠭᠯᠡᠬᠦ ᠨᠢᠭᠡᠴᠡ ᠵᠢᠨ ᠠᠵᠢᠯ᠎ᠤᠨ ᠪᠠᠶ᠋ᠢᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠡᠮᠦᠨᠡᠬᠢ 10 ᠲᠤᠰᠬᠠᠶ ᠮᠡᠷᠭᠡᠵᠢᠯ   ᠪᠤᠯ᠄ ᠲᠠᠷᠢᠶᠠᠯᠠᠩ / ᠣᠶ ᠰᠢᠭᠤᠶ / ᠮᠠᠯ ᠠᠵᠤ ᠠᠬᠤᠶ / ᠵᠢᠭ᠋ᠠᠰᠤ ᠠᠩᠨᠠᠬᠤ ᠠᠵᠢᠯ ᠨᠢᠭᠡᠳᠦᠭᠡᠷ ᠪᠠᠶ᠋ᠢᠷᠢ ᠵᠢ ᠡᠵᠡᠯᠡᠵᠦ᠂ ᠬᠡᠷᠡᠭᠴᠡᠭᠡ   ᠱᠠᠭ᠋ᠠᠷᠳᠠᠯᠭ᠎ᠠ ᠵᠢᠨ ᠠᠵᠢᠯ᠎ᠤᠨ ᠪᠠᠶ᠋ᠢᠷᠢ 176   ᠪᠠᠢ᠌ᠵᠤ᠂ ᠪᠥᠬᠥ ᠠᠵᠢᠯ᠎ᠤᠨ ᠪᠠᠶ᠋ᠢᠷᠢ ᠵᠢᠨ 13.85% ᠵᠢ ᠡᠵᠡᠯᠡᠨ᠎ᠡ; ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠤᠯᠲᠠ / ᠨᠡᠶ᠋ᠢᠲᠡ ᠵᠢᠨ ᠬᠠᠷᠢᠴᠠᠭ᠎ᠠ / ᠪᠣᠷᠣᠯᠠᠭᠤᠯᠤᠯᠲᠠ   ᠬᠤᠶᠠᠷᠳᠤᠭ᠋ᠠᠷ ᠪᠠᠶ᠋ᠢᠷᠢ ᠵᠢ ᠡᠵᠡᠯᠡᠵᠦ᠂ ᠬᠡᠷᠡᠭᠴᠡᠭᠡᠨ᠎ᠤ ᠠᠵᠢᠯ᠎ᠤᠨ ᠪᠠᠶ᠋ᠢᠷᠢ 165 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 12.98% ᠵᠢ ᠡᠵᠡᠯᠡᠪᠡ; ᠪᠠᠭᠰᠢ / ᠪᠣᠯᠪᠠᠰᠤᠷᠠᠯ / ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠭᠤᠷᠪᠠᠳᠤᠭ᠋ᠠᠷ᠎ᠲᠤ ᠣᠷᠣᠵᠤ᠂ ᠬᠡᠷᠡᠭᠰᠡᠬᠦ ᠠᠵᠢᠯ  ᠎ᠤᠨ ᠪᠠᠶ᠋ᠢᠷᠢ᠎ᠨᠢ 117 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 9.21% ᠵᠢ ᠡᠵᠡᠯᠡᠪᠡ; ᠦᠢ᠍ᠯᠡᠳᠪᠦᠷᠢᠯᠡᠯ / ᠡᠵᠡᠩᠨᠡᠯᠲᠡ / ᠶᠠᠰᠤ ᠴᠢᠨᠠᠷ / ᠠᠮᠤᠷ ᠲᠦᠪᠰᠢᠨ ᠳᠥᠷᠪᠡᠳᠦᠭᠡᠷ᠎ᠲᠤ ᠣᠷᠣᠵᠤ᠂ ᠬᠡᠷᠡᠭᠴᠡᠭᠡ ᠱᠠᠭ᠋ᠠᠷᠳᠠᠯᠭ᠎ᠠ ᠵᠢᠨ ᠠᠵᠢᠯ᠎ᠤᠨ ᠪᠠᠶ᠋ᠢᠷᠢ 67 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 5.27% ᠵᠢ ᠡᠵᠡᠯᠡᠪᠡ; ᠺᠣᠮᠫᠢᠦ᠋ᠲ᠋ᠧᠷ / ᠢᠨᠲ᠋ᠤᠷ ᠰᠦᠯᠵᠢᠶ᠎ᠡ / ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠲᠠᠪᠤᠳᠤᠭ᠋ᠠᠷ᠎ᠲᠤ ᠣᠷᠣᠵᠤ᠂   ᠬᠡᠷᠡᠭᠴᠡᠭᠡ ᠪᠥᠬᠥᠶ ᠠᠵᠢᠯ᠎ᠤᠨ ᠪᠠᠶ᠋ᠢᠷᠢ 64 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 5.04% ᠵᠢ ᠡᠵᠡᠯᠡᠨ᠎ᠡ᠃ ᠡᠳ᠋᠎ᠤᠨ ᠶᠠᠪᠤᠳᠠᠯ / ᠬᠢᠨᠠᠨ ᠪᠣᠳᠣᠯᠲᠠ / ᠭᠠᠶ᠋ᠢᠯᠢ ᠵᠢᠨ ᠶᠠᠪᠤᠳᠠᠯ ᠵᠢᠷᠭᠤᠳᠤᠭ᠋ᠠᠷ᠎ᠲᠤ ᠵᠢᠭᠰᠠᠭ᠋ᠠᠭᠳᠠᠵᠤ᠂   ᠬᠡᠷᠡᠭᠴᠡᠭᠡ   ᠪᠥᠬᠦᠢ ᠠᠵᠢᠯ᠎ᠤᠨ ᠪᠠᠶ᠋ᠢᠷᠢ 48 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 3.78% ᠵᠢ ᠡᠵᠡᠯᠡᠪᠡ᠃ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ / ᠠᠳᠠᠯ ᠠᠬᠤᠶ ᠵᠢᠨ ᠬᠠᠮᠢᠶᠠᠷᠤᠯᠲᠠ ᠳᠣᠯᠣᠳᠤᠭ᠋ᠠᠷ᠎ᠲᠤ ᠣᠷᠣᠵᠤ᠂ ᠬᠡᠷᠡᠭᠴᠡᠭᠡ ᠪᠥᠬᠥᠶ ᠠᠵᠢᠯ᠎ᠤᠨ ᠪᠠᠶ᠋ᠢᠷᠢ 41 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 3.23% ᠵᠢ ᠡᠵᠡᠯᠡᠪᠡ᠃ ᠬᠥᠮᠦᠨ᠎ᠤ ᠬᠦᠴᠦᠨ᠎ᠤ ᠡᠬᠢ ᠪᠠᠶᠠᠯᠢᠭ / ᠵᠠᠰᠠᠭ ᠵᠠᠬᠢᠷᠭ᠎ᠠ ᠨᠠᠢ᠍ᠮᠠᠳᠤᠭ᠋ᠠᠷ᠎ᠲᠤ ᠣᠷᠣᠵᠤ᠂ ᠬᠡᠷᠡᠭᠰᠡᠬᠦ ᠠᠵᠢᠯ᠎ᠤᠨ ᠪᠠᠢ᠌ᠷᠢ 39 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 3.07% ᠵᠢ ᠡᠵᠡᠯᠡᠪᠡ᠃ ᠪᠠᠷᠢᠯᠭ᠎ᠠ / ᠮᠧᠬᠠᠨᠢᠭ᠎ᠨᠢ ᠶᠢᠰᠦᠳᠦᠭᠡᠷ᠎ᠢ ᠡᠵᠡᠯᠡᠵᠦ᠂ 24 ᠠᠵᠢᠯ᠎ᠤᠨ ᠪᠠᠶ᠋ᠢᠷᠢ ᠬᠡᠷᠡᠭᠰᠡᠵᠦ᠂ ᠪᠥᠬᠥ ᠠᠵᠢᠯ ᠎ᠤᠨ ᠪᠠᠶ᠋ᠢᠷᠢ ᠵᠢᠨ 1.89% ᠵᠢ ᠡᠵᠡᠯᠡᠪᠡ᠃ ᠵᠥᠪᠯᠡᠯᠭᠡ ᠥᠭᠬᠦ / ᠵᠠᠭᠤᠴᠢ / ᠬᠠᠤᠯᠢᠴᠢ / ᠬᠠᠤᠯᠢ ᠴᠠᠭ᠋ᠠᠵᠠ ᠵᠢᠨ ᠠᠵᠢᠯ ᠠᠷᠪᠠᠳᠤᠭ᠋ᠠᠷ ᠪᠠᠶ᠋ᠢᠷᠢ ᠵᠢ ᠡᠵᠡᠯᠡᠵᠦ᠂ ᠬᠡᠷᠡᠭᠴᠡᠭᠡᠨ᠎ᠤ ᠠᠵᠢᠯ᠎ᠤᠨ ᠪᠠᠶ᠋ᠢᠷᠢ 23 ᠪᠠᠶ᠋ᠢᠵᠤ᠂ ᠪᠥᠬᠥ ᠠᠵᠢᠯ᠎ᠤᠨ ᠪᠠᠶ᠋ᠢᠷᠢ ᠵᠢᠨ 1.81% ᠵᠢ ᠡᠵᠡᠯᠡᠪᠡ᠃
      ᠲᠣᠰ ᠬᠤᠭᠤᠴᠠᠭ᠋ᠠᠨ᠎ᠤ ᠠᠩᠬᠠᠨ᠎ᠤ ᠠᠵᠢᠯᠲᠠᠨ ᠡᠯᠰᠡᠬᠦ ᠬᠤᠷᠠᠯ᠎ᠳᠤ ᠬᠣᠶᠠᠷ ᠬᠢᠯᠠᠰ ᠴᠡᠭ ᠪᠣᠶ᠄
    1. ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠲᠤᠶ᠋ᠢᠯ᠎ᠤᠨ ᠣᠨᠣᠪᠴᠢᠲᠠᠶ᠎ᠪᠠᠷ ᠦᠶᠯᠡᠴᠢᠯᠡᠨ᠎ᠡ᠃ ᠨᠡᠶ᠋ᠢᠭᠡᠮ᠎ᠤᠨ ᠨᠡᠶ᠋ᠢᠯᠡᠮᠡᠯ ᠬᠦᠴᠦᠨ᠎ᠢ ᠭᠦᠢ᠍ᠴᠡᠳ ᠪᠠᠳᠠᠷᠠᠭᠤᠯᠵᠤ᠂ ᠡᠯ᠎ᠡ ᠲᠠᠯ᠎ᠠ ᠵᠢᠨ ᠬᠦᠴᠦᠨ᠎ᠢ ᠢᠳᠡᠪᠬᠢᠲᠡᠢ   ᠳᠠᠢ᠌ᠴᠢᠯᠠᠵᠤ᠂ ᠠᠵᠢᠯ ᠡᠷᠢᠭᠰᠡᠳ᠎ᠲᠤ ᠴᠠᠭ ᠲᠤᠬᠠᠶ᠎ᠳᠤᠨᠢ ᠲᠥᠷᠥ ᠵᠢᠨ ᠪᠣᠳᠣᠯᠭ᠎ᠠ᠂ ᠠᠵᠢᠯ᠎ᠤᠨ ᠪᠠᠶ᠋ᠢᠷᠢ᠂ ᠦᠶᠯᠡᠴᠢᠯᠡᠭᠡ ᠬᠦᠷᠭᠡᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠣᠯᠠᠨ ᠨᠡᠢ᠍ᠢ᠍ᠲᠡ ᠵᠢᠨ ᠦᠶᠯᠡᠴᠢᠯᠡᠭᠡᠨ᠎ᠤ ᠠᠵᠢᠯ᠎ᠢ ᠲᠥᠪᠯᠡᠷᠡᠭᠦᠯᠦᠨ ᠰᠠᠢ᠌ᠳᠤᠷ ᠬᠢᠬᠦ ᠬᠡᠷᠡᠭᠲᠡᠶ᠃ ᠡᠭᠦᠨ᠎ᠤ᠎ᠳᠤ ᠬᠠᠮᠲᠤ ᠮᠠᠨ᠎ᠤ ᠣᠷᠣᠨ᠎ᠤ ᠠᠵᠢᠯ᠎ᠤᠨ ᠪᠣᠳᠠᠲᠤ ᠪᠠᠢ᠍ᠳᠠᠯ᠎ᠲᠠᠢ ᠤᠶᠠᠯᠳᠤᠭᠤᠯᠤᠨ᠂ ᠲᠤᠬᠠᠶ ᠵᠢᠨ ᠲᠠᠯᠠᠪᠠᠶ ᠵᠢᠨ ᠵᠥᠪᠳᠡᠯᠴᠡᠭᠡ ᠪᠣᠯᠤᠨ ᠰᠦᠯᠵᠢᠶᠡᠨ ᠳᠡᠭᠡᠷ᠎ᠡ ᠬᠠᠷᠢᠯᠴᠠᠨ   ᠦᠢ᠍ᠯᠡᠳᠤᠯᠴᠡᠬᠦ᠎ᠢ ᠦᠶᠠᠯᠳᠤᠭᠤᠯᠤᠭᠰᠠᠨ ᠬᠠᠩᠭ᠋ᠠᠯᠭ᠎ᠠ ᠬᠡᠷᠡᠭᠴᠡᠭᠡ ᠵᠢᠨ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠵᠤ᠂ 《ᠢᠨᠲᠸᠷ ᠰᠦᠯᠵᠢᠶ᠎ᠡ + ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ》 ᠵᠢᠨ ᠬᠡᠯᠪᠡᠷᠢ ᠵᠢ   ᠬᠡᠷᠡᠭᠯᠡᠵᠡᠢ᠃   ᠳᠡᠭᠡᠳᠤ ᠰᠤᠷᠭ᠋ᠠᠭᠤᠯᠢ ᠲᠡᠭᠦᠰᠦᠭᠰᠡᠳ ᠵᠢᠴᠢ ᠡᠯ᠎ᠡ ᠲᠥᠷᠥᠯ᠎ᠤᠨ ᠴᠢᠳᠠᠪᠤᠷᠢᠲᠠᠨ᠎ᠤ ᠠᠵᠢᠯ ᠣᠯᠵᠤ ᠠᠳᠠᠯ ᠦᠢ᠍ᠯᠡᠰ   ᠴᠤᠭᠴᠠᠯᠠᠬᠤ᠂ ᠠᠵᠢᠯ ᠰᠣᠩᠭᠣᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠡᠭᠦᠨ᠎ᠤ ᠬᠠᠮᠲᠤ᠂ ᠶᠡᠬᠡ ᠬᠤᠷᠠᠯ᠎ᠤᠨ ᠠᠵᠢᠯᠲᠠᠨ ᠡᠯᠰᠡᠬᠦ ᠮᠡᠳᠡᠭᠡ ᠵᠠᠩᠭᠢ ᠵᠢ ᠥᠪᠥᠷ ᠮᠣᠩᠭᠣᠯ᠎ᠤᠨ   ᠴᠢᠳᠠᠪᠤᠷᠢᠲᠠᠨ᠎ᠤ ᠰᠦᠯᠵᠢᠶ᠎ᠡ᠎ᠲᠠᠢ ᠵᠡᠷᠭᠡᠪᠡᠷ ᠨᠡᠶ᠋ᠢᠲᠡᠯᠡᠵᠦ᠂ ᠲᠡᠭᠡᠬᠦ ᠮᠥᠷᠲᠡᠭᠡᠨ ᠴᠢᠳᠠᠪᠤᠷᠢᠲᠠᠨ᠎ᠤ E ᠥᠷᠲᠡᠭᠡ᠂ ᠰᠦᠯᠵᠢᠶᠡᠨ ᠳᠡᠭᠡᠷᠡᠬᠢ ᠠᠵᠢᠯ ᠡᠷᠢᠬᠦ ᠬᠡᠲᠦ ᠳᠡᠯᠭᠡᠭᠦᠷ᠂   ᠰᠢᠯᠵᠢᠮᠡᠯ ᠡᠯᠧᠺᠲᠷᠣᠨ ᠲᠥᠬᠥᠭᠡᠷᠦᠮᠵᠢ   ᠪᠠ ᠭᠠᠷ ᠤᠲᠠᠰᠤᠨ᠎ᠤ ᠠᠵᠢᠯ ᠡᠷᠢᠬᠦ ᠳᠥᠷᠪᠡᠨ ᠵᠦᠶᠯ᠎ᠤᠨ ᠠᠵᠢᠯ ᠡᠷᠢᠬᠦ   ᠺᠤᠲᠸ᠎ᠢ ᠲᠠᠷᠬᠠᠭ᠋ᠠᠨ ᠳᠠᠮᠵᠢᠭᠤᠯᠬᠤ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠠᠰᠢᠭᠯᠠᠨ ᠨᠠᠩ ᠣᠯᠠᠨ᠂ ᠨᠠᠩ ᠰᠠᠶ᠋ᠢᠨ᠂ ᠨᠠᠩ ᠲᠦᠷᠭᠡᠨ᠂ ᠨᠠᠩ ᠳᠥᠭᠥᠮ ᠳᠥᠲᠡ ᠦᠢ᠍ᠯᠡᠴᠢᠯᠡᠭᠡᠨ᠎ᠤ   ᠦᠢ᠍ᠯᠡᠳᠭᠦᠨ ᠪᠠ   ᠦᠢ᠍ᠯᠡᠴᠢᠯᠡᠭᠡᠨ᠎ᠤ ᠠᠷᠭ᠎ᠠ ᠮᠠᠶᠢᠭ᠎ᠢ ᠬᠠᠩᠭ᠋ᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠲᠠᠯᠠᠪᠤᠷ᠎ᠤᠨ ᠳᠣᠲᠣᠷ᠎ᠠ ᠭᠠᠳᠠᠨᠠᠬᠢ᠂ ᠣᠷᠣᠨ᠎ᠤ ᠳᠣᠲᠣᠷ᠎ᠠ   ᠭᠠᠳᠠᠨᠠᠬᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠣᠯᠢᠯᠴᠠᠬᠤ ᠵᠢ ᠪᠡᠶᠡᠯᠡᠭᠦᠯᠵᠦ᠂ ᠬᠥᠮᠦᠨ ᠬᠡᠷᠡᠭᠯᠡᠬᠦ ᠬᠣᠶᠠᠷ ᠲᠠᠯ᠎ᠠ ᠵᠢ ᠪᠦᠲᠦᠮᠵᠢᠲᠡᠶ ᠵᠣᠯᠭ᠋ᠠᠭᠤᠯᠬᠤ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠵᠤ᠂ ᠮᠠᠨ᠎ᠤ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠠᠩ ᠭᠦᠶᠴᠡᠳ ᠪᠠ ᠨᠠᠩ ᠴᠢᠨᠠᠷ ᠰᠠᠶ᠋ᠢᠲᠠᠶ ᠠᠵᠢᠯ ᠤᠯᠭᠤᠯᠲᠠ ᠵᠢ ᠪᠡᠶᠡᠯᠡᠭᠦᠯᠬᠦ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠠᠵᠢᠯᠯᠠᠭ᠎ᠠ᠎ᠳᠤ ᠪᠥᠬᠥ ᠲᠠᠯ᠎ᠠ   ᠵᠢᠨ ᠬᠦᠴᠦᠨ  ᠎ᠪᠠᠨ   ᠨᠠᠮᠡᠷᠢᠯᠡᠨ᠎ᠡ᠃
    2. ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠠᠪᠴᠠᠩ ᠪᠣᠯᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠯᠠᠪᠯᠠᠬᠤ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠬᠤ ᠬᠡᠷᠡᠭᠲᠡᠶ᠃ ᠲᠣᠰ ᠤᠳᠠᠭ᠋ᠠᠨ᠎ᠤ ᠤᠷᠢᠵᠤ ᠡᠯᠰᠡᠬᠦ ᠴᠤᠭᠯᠠᠭ᠋ᠠᠨ᠎ᠨᠢ ᠵᠢᠷᠤᠭ ᠲᠥᠯᠥᠪᠯᠡᠭᠡ᠂ ᠲᠥᠷᠥᠯ   ᠵᠤᠢ᠌ᠯ᠎ᠤᠨ ᠲᠣᠬᠢᠷᠠᠭᠤᠯᠤᠯᠲᠠ᠂ ᠡᠮᠦᠨᠡᠬᠢ ᠬᠤᠭᠤᠴᠠᠭ᠋ᠠᠨ᠎ᠤ ᠤᠬᠠᠭᠤᠯᠭ᠎ᠠ᠂ ᠠᠮᠤᠷ ᠲᠦᠪᠰᠢᠨ᠎ᠤ ᠬᠠᠮᠠᠭ᠋ᠠᠯᠠᠯᠲᠠ᠂ ᠠᠵᠢᠯᠯᠠᠭ᠋ᠠᠨ᠎ᠤ ᠬᠠᠮᠢᠶᠠᠷᠤᠯᠲᠠ᠂ ᠡᠮᠴᠢᠯᠡᠭᠡᠨ᠎ᠤ ᠪᠠᠲᠤᠯᠠᠭ᠎ᠠ ᠪᠠ ᠡᠳ᠋ ᠪᠣᠳᠠᠰ᠎ᠤᠨ ᠪᠠᠲᠤᠯᠠᠭ᠎ᠠ ᠵᠡᠷᠭᠡ ᠣᠯᠠᠨ ᠲᠠᠯ᠎ᠠ᠎ᠪᠠᠷ ᠨᠠᠷᠢᠨ ᠨᠢᠮᠪᠠᠶ   ᠪᠡᠯᠡᠳᠭᠡᠵᠤ᠂ ᠨᠠᠷᠢᠨ ᠨᠢᠮᠪᠠᠶ ᠠᠵᠢᠯ  ᠎ᠪᠠᠨ ᠬᠤᠪᠢᠶᠠᠷᠠᠯᠠᠬᠤ   ᠮᠦᠷᠲᠡᠭᠡᠨ   ᠬᠠᠷᠢᠯᠴᠠᠨ ᠬᠠᠮᠵᠢᠯᠴᠠᠨ   ᠡᠮᠬᠢᠯᠡᠬᠦ   ᠬᠡᠷᠡᠭᠲᠡᠢ᠃ ᠠᠵᠢᠯᠲᠠᠨ ᠡᠯᠰᠡᠬᠦ ᠴᠤᠭᠯᠠᠭ᠋ᠠᠨ᠎ᠤ ᠬᠢᠵᠢᠭ ᠰᠡᠷᠭᠡᠶ᠋ᠢᠯᠡᠬᠦ ᠰᠡᠷᠭᠡᠶ᠋ᠢᠯᠡᠯᠲᠡ ᠵᠢᠨ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠠᠵᠢᠯᠲᠠᠨ ᠡᠯᠰᠡᠬᠦ ᠴᠤᠭᠯᠠᠭ᠋ᠠᠨ ᠲᠤᠬᠠᠶ ᠵᠢᠨ ᠲᠠᠯᠠᠪᠠᠢ᠎ᠳᠤ ᠲᠤᠰᠬᠠᠶ ᠲᠤᠰᠠᠭ᠋ᠠᠷᠯᠠᠬᠤ ᠭᠡᠷ ᠭᠠᠷᠭ᠋ᠠᠵᠤ᠂ ᠬᠥᠮᠦᠨ   ᠬᠡᠷᠡᠭᠯᠡᠬᠦ ᠨᠢᠭᠡᠴᠡ ᠤᠷᠢᠳᠴᠢᠯᠠᠨ ᠪᠣᠯᠵᠣᠵᠤ ᠲᠠᠯᠠᠪᠠᠢ᠎ᠳᠤ ᠣᠷᠣᠵᠤ᠂ ᠠᠵᠢᠯ ᠡᠷᠢᠭᠰᠡᠳ᠎ᠢ ᠪᠦᠯᠦᠭ ᠤᠳᠠᠭ᠎ᠠ ᠬᠤᠪᠢᠶᠠᠵᠤ᠂ ᠲᠣᠭᠲᠠᠭᠰᠠᠨ ᠴᠠᠭ ᠬᠤᠪᠢᠶᠠᠨ ᠬᠤᠷᠠᠯ᠎ᠳᠤ ᠣᠷᠣᠯᠴᠠᠵᠤ᠂ ᠴᠠᠭ ᠠᠯᠤᠰᠯᠠᠨ ᠲᠠᠯᠠᠪᠠᠢ᠎ᠳᠤ ᠣᠷᠣᠵᠤ᠂ ᠬᠥᠮᠦᠨ ᠬᠠᠷ᠎ᠠ ᠣᠪᠣᠭ᠋ᠠᠷᠠᠵᠤ ᠴᠤᠭᠯᠠᠷᠠᠬᠤ᠎ᠠᠴᠠ ᠵᠠᠶ᠋ᠢᠯᠠᠰᠬᠢᠬᠦ ᠬᠡᠷᠡᠭᠲᠡᠶ; ᠲᠤᠬᠠᠶ ᠵᠢᠨ ᠲᠠᠯᠠᠪᠠᠶ᠎ᠳᠤ ᠠᠵᠤ ᠠᠬᠤᠶ᠋ᠢᠯᠠᠯ ᠪᠣᠯᠤᠨ ᠡᠯ᠎ᠡ ᠲᠥᠷᠥᠯ᠎ᠤᠨ ᠠᠵᠢᠯ ᠡᠷᠢᠭᠰᠡᠳ᠎ᠲᠤ ᠲᠥᠯᠥᠪᠦᠷᠢ ᠦᠭᠡᠶ᠎ᠪᠠᠷ ᠠᠵᠢᠯ ᠣᠯᠵᠤ ᠦᠢ᠍ᠯᠡᠰ ᠪᠣᠰᠬᠠᠬᠤ ᠪᠣᠯᠤᠨ ᠮᠡᠷᠭᠡᠵᠢᠯ᠎ᠤᠨ ᠴᠢᠳᠠᠪᠤᠷᠢ ᠵᠡᠷᠭᠡ ᠲᠥᠷᠥ ᠵᠢᠨ ᠪᠤᠳᠤᠯᠭ᠎ᠠ ᠵᠢᠨ ᠯᠠᠪᠯᠠᠯᠭ᠎ᠠ ᠬᠠᠷᠢᠭᠤᠯᠲᠠ ᠵᠢᠨ   ᠦᠢ᠍ᠯᠡᠴᠢᠯᠡᠭᠡ   ᠬᠠᠩᠭ᠋ᠠᠵᠠᠢ᠃ ᠬᠥᠮᠦᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ᠎ᠲᠤ ᠡᠷᠦᠬᠡ ᠠᠮᠠ ᠵᠢᠨ ᠨᠠᠶ᠋ᠢᠳᠠᠨ ᠬᠠᠮᠢᠶᠠᠷᠤᠭᠤᠯᠬᠤ᠂ ᠳᠠᠩᠰᠠ ᠡᠪᠬᠡᠮᠡᠯ᠎ᠢ ᠬᠣᠷᠢᠶᠠᠨ ᠬᠠᠮᠢᠶᠠᠷᠬᠤ᠂ ᠠᠵᠢᠯᠲᠠᠨ᠎ᠤ ᠶᠠᠪᠤᠳᠠᠯ᠎ᠤᠨ ᠣᠷᠣᠯᠠᠨ ᠭᠦᠶᠴᠡᠳᠬᠡᠬᠦ ᠵᠡᠷᠭᠡ ᠣᠯᠠᠨ ᠨᠡᠢ᠌ᠲᠡ᠎ᠶᠢᠨ ᠠᠵᠢᠯᠲᠠᠨ᠎ᠤ ᠶᠠᠪᠤᠳᠠᠯ᠎ᠤᠨ ᠯᠠᠪᠯᠠᠯᠭ᠎ᠠ ᠥᠭᠬᠦ   ᠦᠢ᠍ᠯᠡᠴᠢᠯᠡᠭᠡᠨ᠎ᠢ   ᠰᠦᠢ᠍ᠳᠭᠡᠯ ᠬᠤᠷᠢᠶᠠᠬᠤ ᠦᠭᠡᠢ᠎ᠪᠠᠷ   ᠬᠠᠩᠭ᠋ᠠᠬᠤ ᠬᠡᠷᠡᠭᠲᠡᠶ᠃
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ
          
ᠬᠠᠮᠢᠶ᠎ᠡ ᠪᠦᠬᠦᠢ ᠰᠣᠨᠢᠨ
 
            