ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ 《2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠬᠣᠯᠪᠣᠭᠳᠠᠯ ᠪᠦᠬᠦᠢ ᠶᠠᠪᠤᠳᠠᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠬᠣᠯᠪᠣᠭᠳᠠᠯ ᠪᠦᠬᠦᠢ ᠶᠠᠪᠤᠳᠠᠯ᠎ᠢ ᠲᠣᠳᠣᠷᠬᠠᠶ᠋ᠢᠯᠠᠪᠠ᠃
ᠨᠢᠭᠡ᠂ ᠲᠣᠬᠢᠷᠠᠬᠤ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠃
ᠬᠣᠶᠠᠷ᠂ ᠬᠢᠨᠠᠨ ᠲᠣᠭᠲᠠᠭ᠋ᠠᠬᠤ ᠠᠷᠭ᠎ᠠ
ᠰᠠᠷ᠎ᠠ᠎ᠪᠠᠷ ᠬᠢᠨᠠᠨ ᠲᠣᠭᠲᠠᠭ᠋ᠠᠬᠤ᠂ ᠲᠤᠬᠠᠶ᠋ᠢᠯᠠᠪᠠᠯ ᠤᠷᠢᠳᠠᠪᠠᠷ ᠬᠢᠨᠠᠨ ᠲᠣᠭᠲᠠᠭ᠋ᠠᠵᠤ᠂ ᠪᠦᠬᠦ ᠣᠷᠣᠨ᠎ᠤ 《ᠳᠡᠭᠡᠷ᠎ᠡ ᠵᠢᠯ᠎ᠤᠨ ᠪᠦᠬᠦ ᠬᠣᠲᠠ ᠪᠠᠯᠭ᠋ᠠᠰᠤ ᠵᠢᠨ ᠨᠢᠭᠡᠴᠡ ᠵᠢᠨ ᠠᠵᠢᠯ ᠣᠯᠭᠣᠭᠰᠠᠨ ᠬᠥᠮᠦᠰ᠎ᠤᠨ ᠳᠤᠮᠳᠠᠴᠢ ᠴᠠᠯᠢᠩ 》᠎ᠢ ᠨᠡᠶ᠋ᠢᠲᠡᠯᠡᠭᠰᠡᠨ᠎ᠤ ᠳᠠᠷᠠᠭ᠎ᠠ᠂ ᠳᠠᠬᠢᠨ ᠵᠥᠷᠢᠶ᠎ᠡ ᠵᠢ ᠲᠣᠬᠢᠷᠠᠭᠤᠯᠬᠤ ᠠᠷᠭ᠎ᠠ ᠪᠠᠷ ᠶᠠᠪᠤᠭᠳᠠᠭᠤᠯᠤᠨ᠎ᠠ᠃
ᠭᠤᠷᠪᠠ᠂ ᠰᠦᠢ᠍ᠳᠬᠡᠯ ᠲᠤᠰᠢᠶᠠᠬᠤ ᠬᠠᠷᠢᠴᠠᠯ
ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ 《2021 ᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠠᠷᠬᠠᠭ᠋ᠠᠭᠰᠠᠨ 〈2011〉 2 ᠳ᠋ᠤᠭ᠋ᠠᠷ ᠲᠣᠭ᠋ᠠᠲᠤ) ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢᠨ ᠲᠥᠷᠥ ᠵᠢᠨ ᠪᠣᠳᠣᠯᠭ᠎ᠠ ᠵᠢ ᠱᠠᠳᠤᠴᠢ ᠴᠢᠨᠠᠷᠲᠠᠢ᠎ᠪᠠᠷ ᠪᠠᠭᠤᠷᠠᠭᠤᠯᠤᠨ 2022 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠡᠷᠡᠭᠵᠢᠭᠦᠯᠬᠦ ᠰᠦᠢ᠍ᠳᠬᠡᠯ᠎ᠤᠨ ᠨᠣᠷᠮ᠎ᠠ ᠵᠢ ᠬᠤᠪᠢᠷᠠᠭᠤᠯᠬᠤ ᠥᠬᠡᠢ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠭᠣᠣᠯᠳᠠᠯᠭ᠎ᠠ᠎ᠲᠠᠢ ᠨᠡᠭᠦᠷᠡᠰᠦᠨ᠎ᠤ ᠠᠵᠤ ᠠᠬᠤᠶ᠋ᠢᠯᠠᠯ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠬᠦᠮᠤᠰ᠎ᠢ ᠬᠡᠷᠡᠭᠯᠡᠬᠦ ᠤᠤᠯ᠎ᠤᠨ ᠨᠢᠭᠡᠴᠡ ᠤᠳ 2021 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠤ ᠤᠤᠯ᠎ᠤᠨ ᠰᠦᠢ᠍ᠳᠬᠡᠯ᠎ᠤᠨ ᠨᠣᠷᠮ᠎ᠠ ᠵᠢᠨ ᠰᠠᠭᠤᠷᠢᠨ ᠳᠡᠭᠡᠷ᠎ᠡ᠂ 50%᠎ᠪᠠᠷ ᠳᠣᠷᠣᠭᠰᠢ ᠪᠠᠭᠤᠯᠭ᠋ᠠᠬᠤ ᠵᠢ ᠬᠡᠷᠡᠭᠵᠢᠭᠦᠯᠦᠨ᠎ᠡ᠃ ᠨᠡᠭᠦᠷᠡᠰᠦᠨ᠎ᠤ ᠠᠵᠤ ᠠᠬᠤᠶ᠋ᠢᠯᠠᠯ᠎ᠤᠨ ᠬᠤᠳᠳᠤᠭ ᠳᠣᠣᠷᠠᠬᠢ ᠠᠵᠢᠯᠲᠠᠨ ᠠᠵᠢᠯᠴᠢᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠬᠢᠨᠠᠨ ᠲᠣᠭᠲᠠᠭ᠋ᠠᠬᠤ᠎ᠳᠤ ᠮᠥᠨ ᠤᠤᠯ᠎ᠤᠨ ᠠᠷᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠃
ᠳᠥᠷᠪᠡ᠂ ᠰᠦᠢ᠍ᠳᠬᠡᠯ ᠲᠤᠰᠢᠶᠠᠬᠤ ᠰᠠᠭᠤᠷᠢ ᠲᠣᠭ᠎ᠠ
2020 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠳᠤᠮᠳᠠᠴᠢ ᠴᠠᠯᠢᠩ ᠪᠣᠯᠤᠨ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠳᠤᠮᠳᠠᠴᠢ ᠴᠠᠯᠢᠩ᠎ᠤᠨ ᠨᠡᠮᠡᠭᠦᠷᠢ ᠪᠠᠷ ᠪᠤᠳᠤᠵᠤ ᠭᠠᠷᠭ᠋ᠠᠭᠰᠠᠨ ᠪᠦᠬᠦ ᠨᠡᠢ᠌ᠯᠡᠪᠤᠷᠢ ᠵᠢᠨ ᠬᠣᠲᠠ ᠪᠠᠯᠭ᠋ᠠᠰᠤ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠰᠠᠷ᠎ᠠ ᠵᠢᠨ ᠳᠤᠮᠳᠠᠴᠢ ᠴᠠᠯᠢᠩ ᠤᠨ ᠬᠢᠨᠠᠨ ᠲᠤᠭᠳᠠᠭ᠋ᠠᠯᠳᠠ (ᠳᠣᠷᠣᠭᠰᠢ ᠪᠦᠬᠦ ᠨᠡᠢ᠌ᠯᠡᠪᠤᠷᠢ ᠵᠢᠨ ᠰᠠᠷ᠎ᠠ ᠵᠢᠨ ᠳᠤᠮᠳᠠᠴᠢ ᠴᠠᠯᠢᠩ ᠭᠡᠵᠦ ᠲᠣᠪᠴᠢᠯᠠᠨ᠎ᠠ) ᠵᠢ ᠦᠨᠳᠦᠰᠦᠯᠡᠨ ᠲᠣᠭᠲᠠᠭ᠋ᠠᠨ᠎ᠠ᠃ ᠡᠭᠦᠨ᠎ᠳᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠬᠤ ᠴᠠᠯᠢᠩ᠎ᠤᠨ ᠳᠡᠭᠡᠷ᠎ᠡ ᠬᠢᠵᠠᠭ᠋ᠠᠷ᠎ᠢ 2020 ᠣᠨ᠎ᠤ ᠪᠦᠬᠦ ᠨᠡᠢ᠌ᠯᠡᠪᠤᠷᠢ ᠵᠢᠨ ᠰᠠᠷ᠎ᠠ ᠵᠢᠨ ᠳᠤᠮᠳᠠᠴᠢ ᠴᠠᠯᠢᠩ᠎ᠤᠨ 6344 ᠲᠥᠭᠥᠷᠢᠭ᠎ᠤᠨ 300%᠎ᠪᠠᠷ ᠬᠢᠨᠠᠨ ᠲᠣᠭᠲᠠᠭ᠋ᠠᠵᠤ᠂ ᠳᠣᠣᠷ᠎ᠠ ᠲᠠᠯ᠎ᠠ ᠵᠢᠨ ᠬᠢᠵᠠᠭ᠋ᠠᠷ᠎ᠢ 2020 ᠣᠨ᠎ᠤ ᠪᠦᠬᠦ ᠨᠡᠢ᠌ᠯᠡᠪᠤᠷᠢ ᠵᠢᠨ ᠰᠠᠷ᠎ᠠ ᠵᠢᠨ ᠳᠤᠮᠳᠠᠴᠢ ᠴᠠᠯᠢᠩ᠎ᠤᠨ 6344 ᠲᠥᠭᠥᠷᠢᠭ᠎ᠤᠨ 60%᠎ᠪᠠᠷ ᠬᠢᠨᠠᠨ ᠲᠣᠭᠲᠠᠭ᠋ᠠᠨ᠎ᠠ᠃
ᠲᠠᠪᠤ᠂ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠮᠡᠳᠡᠭᠦᠯᠬᠦ ᠠᠷᠭ᠎ᠠ
ᠴᠠᠯᠢᠩ᠎ᠤᠨ ᠶᠡᠷᠦᠩᠬᠡᠢ ᠲᠣᠭ᠋ᠠᠨ᠎ᠤ ᠪᠦᠷᠢᠯᠳᠦᠯ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 《ᠴᠠᠯᠢᠩ᠎ᠤᠨ ᠶᠡᠷᠦᠩᠬᠡᠢ ᠲᠣᠭ᠎ᠠ᠎ᠪᠠᠷ ᠪᠦᠷᠢᠯᠳᠦᠭᠦᠯᠬᠦ ᠲᠤᠬᠠᠢ ᠲᠣᠭᠲᠠᠭ᠋ᠠᠯ 》 (ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ 〈1990 〉 1 ᠳ᠋ᠦ᠍ᠭᠡᠷ ᠲᠣᠭ᠋ᠠᠲᠤ ᠵᠠᠷᠯᠢᠭ) ᠪᠣᠯᠤᠨ 《ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠵᠢᠷᠤᠮᠵᠢᠭᠤᠯᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠮᠡᠳᠡᠭᠳᠡᠯ 》 ( ᠬᠦᠮᠤᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠳᠠᠭ᠋ᠠᠳᠬᠠᠯ᠎ᠤᠨ ᠲᠥᠪ ᠵᠠᠬᠢᠳᠠᠯ 〈2006〉 60 ᠳ᠋ᠤᠭ᠋ᠠᠷ ᠲᠣᠭ᠋ᠠᠲᠤ) ᠵᠡᠷᠭᠡ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠵᠢᠷᠭᠤᠭ᠎ᠠ᠂ ᠮᠡᠳᠡᠭᠦᠯᠬᠦ ᠴᠠᠭ ᠬᠤᠭᠤᠴᠠᠭ᠎ᠠ
2011 ᠣᠨ᠎ᠤ 9 ᠰᠠᠷ᠎ᠠ ᠵᠢᠨ 8᠎ᠤ ᠡᠳᠦᠷ᠎ᠠᠴᠠ 9 ᠰᠠᠷ᠎ᠠ ᠵᠢᠨ 24᠎ᠤ ᠡᠳᠦᠷ ᠪᠣᠯᠲᠠᠯ᠎ᠠ
ᠳᠣᠯᠣᠭ᠎ᠠ᠂ ᠮᠡᠳᠡᠭᠦᠯᠬᠦ ᠠᠷᠭ᠎ᠠ ᠮᠠᠶᠢᠭ
2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ᠎ᠳᠤ ᠰᠦᠯᠵᠢᠶᠡᠨ ᠳᠡᠭᠡᠷ᠎ᠡ ᠮᠡᠳᠡᠭᠦᠯᠵᠦ ᠬᠢᠨᠠᠨ ᠬᠠᠷᠭᠤᠭᠤᠯᠬᠤ ᠠᠷᠭ᠎ᠠ ᠵᠢ ᠬᠡᠷᠡᠭᠯᠡᠵᠤ ᠶᠠᠪᠤᠭᠳᠠᠭᠤᠯᠤᠨ᠎ᠠ᠃ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠢᠰᠲ᠋ᠧᠮ᠎ᠳᠤ ᠳᠠᠩᠰᠠᠯᠠᠭᠤᠯᠵᠤ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠴᠠᠯᠢᠩ᠎ᠤᠨ ᠮᠡᠳᠡᠭᠦᠯᠬᠦ ᠬᠦᠰᠦᠨᠦᠭᠲᠦ ᠵᠢ ᠭᠠᠷᠭ᠋ᠠᠵᠤ᠂ ᠰᠦᠢ᠍ᠳᠬᠡᠯ ᠲᠤᠰᠢᠶᠠᠬᠤ ᠴᠠᠯᠢᠩ᠎ᠤᠨ ᠲᠣᠭ᠎ᠠ ᠵᠢ ᠲᠠᠭᠯᠠᠭᠰᠠᠨ᠎ᠤ ᠳᠠᠷᠠᠭ᠎ᠠ ᠲᠠᠬᠢᠨ ᠰᠢᠰᠲᠸᠮ᠎ᠳᠤ ᠤᠷᠤᠭᠤᠯᠵᠤ᠂ ᠨᠡᠶ᠋ᠢᠭᠡᠮ᠎ᠤᠨ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠭᠠᠷᠳᠠᠨ ᠬᠦᠢ᠍ᠴᠡᠳᠬᠡᠭᠴᠢᠠᠴᠠ ᠬᠢᠨᠠᠵᠤ ᠲᠣᠭᠲᠠᠭ᠋ᠠᠨ᠎ᠠ᠃ 2021 ᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠮᠡᠳᠡᠬᠦᠯᠬᠦ ᠪᠠ ᠬᠢᠨᠠᠬᠤ ᠠᠵᠢᠯ᠎ᠳᠤ᠂ ᠬᠥᠮᠦᠨ ᠬᠡᠷᠡᠭᠯᠡᠬᠦ ᠨᠢᠭᠡᠴᠡ ᠠᠴᠠ ᠠᠮᠠᠯᠠᠵᠤ ᠮᠡᠳᠡᠭᠦᠯᠬᠦ ᠠᠷᠭ᠎ᠠ ᠪᠠᠷ ᠬᠢᠨᠠᠨ ᠲᠣᠭᠲᠠᠭ᠋ᠠᠨ᠎ᠠ᠂ ᠲᠤᠯᠭ᠋ᠠᠨ ᠪᠣᠳᠣᠬᠤ ᠰᠠᠯᠠᠭ᠎ᠠ ᠮᠥᠴᠢᠷ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠵᠢᠨ ᠮᠡᠳᠡᠭᠦᠯᠦᠭᠰᠡᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠪᠣᠳᠠᠲᠤ ᠭᠠᠵᠠᠷ᠎ᠲᠤᠨᠢ ᠲᠤᠯᠭ᠋ᠠᠨ ᠬᠠᠷᠭᠤᠭᠤᠯᠵᠤ᠂ ᠮᠡᠳᠡᠬᠦᠯᠦᠭᠰᠡᠨ ᠨᠢᠭᠡᠴᠡ᠎ᠨᠢ ᠡᠳ᠋᠎ᠤᠨ ᠶᠠᠪᠤᠳᠠᠯ᠎ᠤᠨ ᠲᠠᠰᠤᠯᠤᠨ ᠪᠤᠳᠤᠬᠤ ᠬᠦᠰᠦᠨᠦᠭᠲᠦ᠂ ᠲᠤᠰᠢᠶᠠᠪᠠᠰᠤ ᠵᠣᠬᠢᠬᠤ ᠴᠠᠯᠢᠩ᠎ᠤᠨ ᠳᠠᠩᠰᠠ ᠪᠤᠶᠤ ᠴᠠᠯᠢᠩ᠎ᠤᠨ ᠬᠦᠰᠦᠨᠦᠭᠲᠦ ᠵᠡᠷᠭᠡ ᠤᠭ ᠮᠠᠲ᠋ᠧᠷᠢᠶᠠᠯ᠎ᠢ ᠦᠨᠡᠨ ᠪᠣᠳᠠᠲᠠᠢ᠎ᠪᠠᠷ ᠬᠠᠩᠭ᠋ᠠᠵᠤ ᠬᠠᠷᠭᠤᠭᠤᠯᠤᠨ ᠪᠣᠳᠣᠬᠤ ᠵᠢ ᠬᠦᠯᠢᠶᠡᠬᠦ ᠬᠡᠷᠡᠭᠲᠡᠢ᠃
ᠨᠠᠢ᠍ᠮᠠ᠂ ᠲᠤᠬᠢᠷᠠᠬᠤ ᠬᠥᠮᠦᠰ
2021 ᠣᠨ᠎ᠤ 1 ᠰᠠᠷ᠎ᠠ᠎ᠠᠴᠠ ᠡᠬᠢᠯᠡᠵᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠬᠠᠷᠠᠭ᠋ᠠᠯᠵᠠᠯ᠎ᠢ ᠬᠦᠷᠳᠡᠭᠰᠡᠨ ᠵᠢᠴᠢ ᠠᠵᠢᠯ᠎ᠠᠴᠠ ᠪᠣᠯᠤᠭᠰᠠᠨ ᠭᠡᠮᠲᠦᠯ᠎ᠤᠨ ᠰᠢᠨ᠎ᠡ᠎ᠪᠠᠷ ᠨᠡᠮᠡᠭᠳᠡᠭᠰᠡᠨ ᠬᠥᠮᠦᠰ ᠃
ᠶᠢᠰᠤ᠂ ᠬᠠᠷᠠᠭ᠋ᠠᠯᠵᠠᠯ᠎ᠢ ᠤᠷᠢᠳᠴᠢᠯᠠᠨ ᠣᠯᠭᠣᠵᠤ ᠲᠤᠭ᠋ᠠᠴᠠᠨ ᠪᠣᠳᠣᠬᠤ
2021 ᠣᠨ᠎ᠤ ᠬᠠᠷᠠᠭ᠋ᠠᠯᠵᠠᠯ ᠢ ᠪᠣᠳᠣᠵᠤ ᠣᠯᠭᠣᠬᠤ ᠰᠠᠭᠤᠷᠢ ᠲᠣᠭ᠎ᠠ ᠵᠢ 2020 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠤᠪᠢ ᠵᠢᠨ ᠪᠤᠰᠤ ᠡᠵᠡᠩᠨᠡᠯᠲᠡ ᠵᠢᠨ ᠨᠢᠭᠡᠴᠡ ᠵᠢᠨ ᠠᠵᠢᠯ ᠣᠯᠤᠭᠰᠠᠨ ᠬᠥᠮᠦᠰ᠎ᠤᠨ ᠰᠠᠷ᠎ᠠ ᠵᠢᠨ ᠳᠤᠮᠳᠠᠴᠢ ᠴᠠᠯᠢᠩ 7109 ᠲᠥᠭᠥᠷᠢᠭ ᠵᠶ᠋ᠡᠷ ᠪᠣᠳᠣᠵᠤ ᠣᠯᠭᠣᠨ᠎ᠠ᠃ 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠬᠣᠶ᠋ᠢᠰᠢ ᠡᠨᠳᠡᠵᠤ ᠤᠰᠤᠯᠳᠠᠭᠰᠠᠨ ᠠᠵᠢᠯᠲᠠᠨ ᠠᠵᠢᠯᠴᠢᠨ᠎ᠤᠨ ᠬᠠᠷᠠᠭ᠋ᠠᠯᠵᠠᠯ᠎ᠢ ᠂ ᠳᠡᠭᠡᠷ᠎ᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠨᠡᠢ᠌ᠯᠡᠪᠤᠷᠢ ᠵᠢᠨ ᠰᠠᠷ᠎ᠠ ᠵᠢᠨ ᠳᠤᠮᠳᠠᠴᠢ ᠴᠠᠯᠢᠩ ᠪᠠᠷ ᠰᠠᠭᠤᠷᠢ ᠲᠤᠭ᠎ᠠ ᠪᠤᠯᠭ᠋ᠠᠵᠤ ᠤᠯᠭᠤᠨ᠎ᠠ᠃
ᠣᠨᠴᠠᠭ᠋ᠠᠢ ᠰᠠᠨᠠᠭᠤᠯᠤᠮᠵᠢ
ᠠᠵᠢᠯ᠎ᠠᠴᠠ ᠪᠣᠯᠤᠭᠰᠠᠨ ᠭᠡᠮᠲᠦᠯ᠎ᠤᠨ ᠬᠠᠷᠠᠭ᠋ᠠᠯᠵᠠᠯ᠎ᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠣᠯᠭᠣᠨ᠎ᠠ᠃