ᠨᠢᠭᠡ᠂ ᠲᠣᠭᠲᠠᠭ᠋ᠠᠭᠰᠠᠨ ᠠᠬᠤᠢ ᠪᠠᠶ᠋ᠢᠳᠠᠯ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ 《ᠣᠨ᠎ᠤ ᠮᠥᠩᠭᠥ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ》 ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠠᠢ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ 《ᠤᠯᠠᠨ ᠳᠡᠰ ᠳᠠᠪᠬᠤᠷᠭ᠎ᠠ ᠤᠯᠠᠨ ᠲᠤᠯᠭ᠋ᠠᠭᠤᠷᠢᠲᠤ ᠨᠠᠰᠤᠵᠢᠯ᠎ᠤᠨ ᠳᠠᠭ᠋ᠠᠳᠬᠠᠯ᠎ᠤᠨ ᠰᠢᠰᠲ᠋ᠧᠮ᠎ᠢ ᠪᠠᠢ᠌ᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠮᠲᠤᠷᠠᠨ 《ᠠᠵᠤ ᠠᠬᠤᠢ᠌ᠯᠠᠯ᠎ᠤᠨ ᠣᠨ᠎ᠤ ᠮᠥᠩᠭᠥ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》᠎ᠢ ᠲᠣᠭᠲᠠᠭ᠋ᠠᠵᠤ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ ᠣᠨ᠎ᠤ ᠮᠥᠩᠭᠥ ᠵᠢ ᠲᠦᠷᠭᠡᠳᠬᠡᠨ ᠬᠥᠭᠵᠢᠭᠦᠯᠬᠦ ᠵᠢ ᠲᠦᠯᠬᠢᠨ ᠠᠬᠢᠭᠤᠯᠪᠠ᠃
ᠬᠣᠶᠠᠷ᠂ ᠭᠣᠣᠯ ᠠᠭᠤᠯᠭ᠎ᠠ
《ᠵᠢᠯᠤᠭᠣᠳᠬᠤ ᠰᠠᠨᠠᠯ》᠎ᠳᠤ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ 3 ᠬᠡᠰᠡᠭ᠂ 8 ᠵᠦᠢ᠍ᠯ᠎ᠤᠨ ᠠᠷᠭ᠎ᠠ ᠬᠡᠮᠵᠢᠶ᠎ᠡ ᠪᠠᠭᠲᠠᠨ᠎ᠠ᠃
ᠨᠢᠭᠡᠳᠦᠭᠡᠷ ᠬᠡᠰᠡᠭ᠎ᠲᠤ ᠨᠠᠢ᠌ᠳᠠ 5 ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠨᠢᠭᠡ᠎ᠳᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠪᠦᠬᠦ ᠠᠵᠢᠯᠲᠠᠨ᠎ᠢ ᠬᠠᠮᠤᠷᠤᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠬᠤ ᠵᠢ ᠲᠦᠯᠬᠢᠨ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠵᠢ ᠠᠶᠠᠨᠳᠠᠭ᠋ᠠᠨ ᠣᠷᠣᠭᠤᠯᠬᠤ ᠲᠣᠭᠲᠠᠯᠴᠠᠭ᠎ᠠ ᠵᠢ ᠪᠠᠢ᠌ᠭᠤᠯᠤᠨ᠎ᠠ᠃ ᠬᠣᠶᠠᠷ᠎ᠲᠤ ᠡᠯ᠎ᠡ ᠲᠥᠷᠥᠯ᠎ᠤᠨ ᠬᠥᠮᠥᠨ ᠬᠡᠷᠡᠭᠯᠡᠬᠦ ᠨᠢᠭᠡᠴᠢ ᠵᠢᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠲᠦᠯᠬᠢᠨ ᠠᠬᠢᠭᠤᠯᠵᠤ᠂ ᠨᠥᠬᠥᠴᠡᠯ᠎ᠳᠤ ᠨᠡᠶ᠋ᠢᠴᠡᠬᠦ ᠨᠢᠭᠡᠴᠢ ᠵᠢᠨ ᠤᠷᠢᠳᠠᠪᠠᠷ ᠨᠢᠭᠡ ᠪᠦᠯᠦᠭ ᠬᠥᠮᠥᠰ᠎ᠲᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠵᠣᠷᠢᠭᠵᠢᠭᠤᠯᠤᠨ᠎ᠠ᠃ ᠭᠤᠷᠪᠠ᠎ᠳᠤ ᠡᠯ᠎ᠡ ᠲᠥᠷᠥᠯ᠎ᠤᠨ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠠᠬᠢᠭᠤᠯᠵᠤ᠂ ᠬᠦᠷᠢᠶᠡᠯᠡᠩ ᠲᠣᠭᠣᠷᠢᠭ ᠵᠶ᠋ᠠᠷ ᠨᠢᠭᠡᠴᠢ ᠪᠣᠯᠭ᠋ᠠᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠵᠣᠷᠢᠭᠵᠢᠭᠤᠯᠤᠨ᠎ᠠ᠃ ᠳᠥᠷᠪᠡ᠎ᠳᠤ ᠴᠢᠳᠠᠪᠤᠷᠢᠲᠠᠨ᠎ᠤ ᠣᠨ᠎ᠤ ᠮᠥᠩᠭᠥ ᠵᠢ ᠪᠠᠢ᠌ᠭᠤᠯᠵᠤ᠂ ᠪᠥᠬᠥ ᠠᠵᠢᠯᠲᠠᠨ ᠪᠤᠶᠤ ᠣᠯᠠᠩᠬᠢ ᠬᠥᠮᠥᠰ᠎ᠲᠤ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠬᠤ ᠨᠥᠬᠥᠴᠡᠯ᠎ᠢ ᠲᠦᠷ ᠪᠦᠷᠢᠯᠳᠦᠭᠦᠯᠦᠭᠡᠳᠦᠢ ᠬᠥᠮᠥᠨ ᠬᠡᠷᠡᠭᠯᠡᠬᠦ ᠨᠢᠭᠡᠴᠢ᠎ᠳᠤ ᠪᠠᠴᠢᠮ ᠬᠡᠷᠡᠭᠴᠡᠭᠡ᠎ᠲᠠᠢ ᠴᠢᠳᠠᠪᠤᠷᠢᠲᠠᠨ᠎ᠳᠤ ᠴᠢᠳᠠᠪᠤᠷᠢᠲᠠᠨ᠎ᠤ ᠣᠨ᠎ᠤ ᠮᠥᠩᠭᠥ ᠵᠢ ᠪᠠᠢ᠌ᠭᠤᠯᠵᠤ ᠪᠣᠯᠣᠨ᠎ᠠ᠃ ᠲᠠᠪᠤ᠎ᠳᠤ᠂ ᠮᠠᠨ᠎ᠤ ᠣᠷᠣᠨ᠎ᠤ ᠣᠨ᠎ᠤ ᠮᠥᠩᠭᠥ ᠵᠢ ᠰᠢᠨ᠎ᠡ᠎ᠪᠠᠷ ᠪᠠᠢ᠌ᠭᠤᠯᠤᠭᠰᠠᠨ ᠨᠢᠭᠡᠴᠢ ᠵᠢᠨ ᠥᠩᠭᠡᠷᠡᠭᠰᠡᠨ ᠵᠢᠯ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠵᠢ᠎ᠨᠢ ᠨᠥᠬᠥᠨ ᠲᠡᠮᠳᠡᠭᠯᠡᠬᠦ ᠵᠢ ᠵᠥᠪᠰᠢᠶᠡᠷᠡᠨ᠎ᠡ᠃
ᠬᠣᠶᠠᠳᠤᠭ᠋ᠠᠷ ᠬᠡᠰᠡᠭ᠎ᠲᠤ ᠨᠠᠢ᠌ᠳᠠ 2 ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠨᠢᠭᠡ᠎ᠳᠤ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠤᠨ ᠳᠠᠩᠰᠠᠯᠠᠭᠤᠯᠬᠤ ᠮᠠᠲ᠋ᠧᠷᠢᠶᠠᠯ᠎ᠢ ᠴᠣᠮᠬᠠᠳᠬᠠᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠬᠥᠮ ᠳᠠᠩᠰᠠᠯᠠᠭᠤᠯᠬᠤ ᠲᠥᠰᠥᠯ᠎ᠢ ᠬᠡᠷᠡᠭᠵᠢᠭᠦᠯᠦᠨ᠂ ᠬᠠᠮᠢᠶ᠎ᠠ ᠪᠦᠬᠦᠢ ᠮᠠᠲ᠋ᠧᠷᠢᠶᠠᠯ᠎ᠳᠤ ᠳᠠᠩᠰᠠᠯᠠᠭᠤᠯᠬᠤ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠵᠦ ᠪᠣᠯᠣᠨ᠎ᠠ᠃ ᠬᠣᠶᠠᠷ᠎ᠲᠤ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠣᠭ᠋ᠠᠵᠢᠭᠤᠯᠬᠤ ᠪᠠᠢ᠌ᠭᠤᠯᠤᠯᠲᠠ ᠵᠢ ᠲᠦᠷᠭᠡᠳᠬᠡᠵᠦ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠮᠡᠳᠡᠭᠡ ᠵᠠᠩᠭᠢ ᠵᠢᠨ ᠰᠢᠰᠲ᠋ᠧᠮ ᠪᠠ ᠲᠣᠭ᠎ᠠ ᠪᠠᠷᠢᠮᠲᠠ ᠵᠢᠨ ᠬᠥᠮᠥᠷᠭᠡ ᠵᠢ ᠪᠠᠢ᠌ᠭᠤᠯᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ᠎ᠳᠤ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠᠳᠤᠭ᠋ᠠᠷ ᠬᠡᠰᠡᠭ᠎ᠲᠤ ᠨᠠᠢ᠌ᠳᠠ 1 ᠵᠦᠢ᠍ᠯ᠎ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠠᠷᠭ᠎ᠠ ᠵᠠᠮ᠂ ᠤᠯᠠᠨ ᠬᠡᠯᠪᠡᠷᠢ᠎ᠪᠠᠷ ᠤᠬᠠᠭᠤᠯᠭ᠎ᠠ ᠵᠢ ᠥᠷᠨᠢᠭᠦᠯᠬᠦ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠭᠠᠷᠭ᠋ᠠᠪᠠ᠃
ᠲᠥᠷᠥ ᠵᠢᠨ ᠪᠣᠳᠣᠯᠭ᠎ᠠ ᠵᠢᠨ ᠤᠭ ᠵᠣᠬᠢᠶᠠᠯ᠎ᠢ ᠡᠨᠳᠡ ᠲᠣᠪᠴᠢᠳᠠᠵᠤ ᠦᠵᠡᠵᠦ ᠪᠣᠯᠣᠨ᠎ᠠ
ᠲᠥᠷᠥ ᠵᠢᠨ ᠪᠣᠳᠣᠯᠭ᠎ᠠ ᠵᠢᠨ ᠤᠭ ᠵᠣᠬᠢᠶᠠᠯ᠄ ᠠᠵᠤ ᠠᠬᠤᠢ᠌ᠯᠠᠯ᠎ᠤᠨ ᠣᠨ᠎ᠤ ᠮᠥᠩᠭᠥ ᠵᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ