ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠬᠡᠷᠬᠢᠨ ᠴᠢᠩᠭ᠋ᠠᠳᠬᠠᠬᠤ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠶ᠎ᠠ)
ᠨᠡᠶ᠋ᠢᠲᠡᠯᠡᠭᠰᠡᠨ ᠴᠠᠭ᠄ 2024-07-23

      ᠶᠡᠷᠦᠩᠬᠡᠢ ᠱᠦᠵᠢ ᠰᠢ ᠵᠢᠨ ᠫᠢᠩ᠄ 《ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠨᠢ ᠳᠠᠷᠤᠢ ᠰᠢᠨ᠎ᠡ ᠵᠢ ᠡᠭᠦᠳᠬᠦ ᠵᠢ ᠬᠠᠮᠠᠭ᠋ᠠᠯᠠᠵᠤ ᠪᠠᠢ᠌ᠭ᠎ᠠ ᠶᠠᠪᠤᠳᠠᠯ ᠮᠥᠨ》 ᠭᠡᠵᠦ ᠵᠢᠭ᠋ᠠᠵᠤ ᠭᠠᠷᠭ᠋ᠠᠵᠠᠢ᠃
      ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠣᠷᠣᠭᠤᠯᠪᠠ᠃
      ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠎ᠪᠠᠨ ᠦᠷᠭᠦᠯᠵᠢᠯᠡᠨ ᠡᠷᠴᠢᠮᠵᠢᠭᠦᠯᠵᠦ᠂ ᠰᠢᠨ᠎ᠡ ᠵᠢ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠵᠤᠷᠭ᠋ᠠᠨ᠎ᠤ ᠳᠠᠷᠤᠭ᠎ᠠ ᠭᠥᠸᠧ ᠸᠧᠨ ᠲᠠᠨᠢᠯᠴᠠᠭᠤᠯᠬᠤ᠎ᠳᠤ᠎ᠪᠠᠨ᠂ ᠡᠨᠡ ᠵᠢᠯ᠎ᠤᠨ ᠨᠢᠭᠡᠳᠦᠭᠡᠷ ᠤᠯᠠᠷᠢᠯ ᠪᠣᠯᠲᠠᠯ᠎ᠠ᠂ ᠮᠠᠨ᠎ᠤ ᠤᠯᠤᠰ ᠨᠢᠭᠡᠨᠲᠡ ᠤᠯᠤᠰ᠎ᠤᠨ ᠲᠠᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ ᠪᠠ ᠡᠷᠬᠡ᠎ᠪᠠᠨ ᠲᠦᠷᠭᠡᠨ ᠬᠠᠮᠠᠭ᠋ᠠᠯᠠᠬᠤ ᠲᠥᠪ᠎ᠢ 113 ᠪᠠᠢ᠌ᠭᠤᠯᠵᠤ᠂ 2000 ᠰᠢᠬᠠᠮ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠡᠶᠡᠳᠡᠭᠦᠯᠬᠦ ᠵᠣᠬᠢᠶᠠᠨ ᠪᠠᠢ᠌ᠭᠤᠯᠤᠯᠲᠠ ᠪᠠ 2800 ᠭᠠᠷᠤᠢ ᠡᠷᠬᠡ᠎ᠪᠠᠨ ᠬᠠᠮᠠᠭ᠋ᠠᠯᠠᠬᠤ ᠲᠤᠰᠠᠯᠠᠮᠵᠢ ᠵᠢᠨ ᠪᠠᠢ᠌ᠭᠤᠯᠤᠮᠵᠢ ᠵᠢ ᠪᠠᠢ᠌ᠭᠤᠯᠤᠭᠰᠠᠨ ᠪᠠᠢ᠌ᠨ᠎ᠠ᠃ 2023 ᠣᠨ᠎ᠳᠤ᠂ ᠪᠥᠬᠥ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ ᠲᠤᠰᠬᠠᠢ ᠠᠰᠢᠭ᠂ ᠲᠠᠸᠠᠷ᠎ᠤᠨ ᠲᠡᠮᠳᠡᠭ᠎ᠤᠨ ᠬᠠᠤᠯᠢ ᠵᠢ ᠵᠥᠷᠢᠴᠡᠭᠰᠡᠨ ᠬᠡᠷᠡᠭ᠎ᠢ ᠨᠠᠢ᠌ᠳᠠ 4.4 ᠲᠦᠮᠡᠨ ᠬᠤᠪᠢ ᠪᠠᠢ᠌ᠴᠠᠭ᠋ᠠᠨ ᠰᠢᠢ᠍ᠳᠪᠦᠷᠢᠯᠡᠵᠦ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠡᠷᠡᠭ᠎ᠢ ᠨᠠᠢ᠌ᠳᠠ 6.8 ᠲᠦᠮᠡᠨ ᠬᠤᠪᠢ ᠰᠢᠢ᠍ᠳᠪᠦᠷᠢᠯᠡᠪᠡ ᠭᠡᠵᠡᠢ᠃
      ᠭᠥᠸᠧ ᠸᠧᠨ ᠢᠯᠡᠷᠬᠡᠢ᠌ᠯᠡᠬᠦ᠎ᠳᠤ᠎ᠪᠠᠨ᠂ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠤᠰᠠᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ ᠭᠡᠵᠡᠢ᠃
      ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠪᠠᠷ ᠵᠠᠰᠠᠬᠤ ᠲᠦᠪᠰᠢᠨ᠎ᠢ ᠳᠡᠭᠡᠭᠰᠢᠯᠡᠭᠦᠯᠦᠨ᠎ᠡ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶ᠎ᠠ ᠪᠦᠬᠦᠢ ᠬᠠᠤᠯᠢ ᠲᠣᠭᠲᠠᠭ᠋ᠠᠬᠤ ᠠᠵᠢᠯ᠎ᠢ ᠠᠬᠢᠭᠤᠯᠵᠤ᠂ ᠰᠢᠨ᠎ᠡ ᠬᠦᠷᠢᠶ᠎ᠡ ᠰᠢᠨ᠎ᠡ ᠡᠵᠡᠩᠨᠡᠯᠲᠡ ᠵᠢᠨ ᠪᠠᠶ᠋ᠢᠳᠠᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠲᠦᠷᠭᠡᠳᠬᠡᠨ ᠲᠡᠭᠦᠯᠳᠡᠷᠵᠢᠭᠦᠯᠵᠦ᠂ ᠳ᠋ᠠᠢ᠌ᠲ᠋ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠪᠠᠢ᠌ᠭᠤᠯᠤᠨ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ᠎ᠳᠤ ᠥᠨᠳᠥᠷ ᠲᠦᠪᠰᠢᠨ ᠪᠦᠬᠦᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ᠃
      ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠬᠢᠨᠠᠨ ᠪᠠᠢ᠌ᠴᠠᠭ᠋ᠠᠬᠤ ᠴᠢᠨᠠᠷ ᠪᠠ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠥᠪ᠂ ᠡᠷᠬᠡ᠎ᠪᠠᠨ ᠲᠦᠷᠭᠡᠨ ᠬᠠᠮᠠᠭ᠋ᠠᠯᠠᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠨ᠎ᠠ᠃
      ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ ᠬᠡᠷᠡᠭᠵᠢᠭᠦᠯᠵᠦ ᠬᠠᠮᠠᠭ᠋ᠠᠯᠠᠬᠤ ᠵᠢ ᠡᠷᠴᠢᠮᠵᠢᠭᠦᠯᠦᠨ᠎ᠡ᠃ ᠰᠠᠯᠠᠭ᠎ᠠ ᠮᠥᠴᠢᠷ᠎ᠤᠳ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠦᠷᠢᠶ᠎ᠡ᠂ ᠵᠠᠩᠭᠢᠯᠠᠭ᠎ᠠ ᠵᠢᠨ ᠭᠣᠭᠴᠣᠭ᠋ᠠᠨ᠎ᠳᠠᠬᠢ ᠡᠷᠬᠡ᠎ᠳᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ᠎ᠪᠠᠨ ᠡᠷᠴᠢᠮᠵᠢᠭᠦᠯᠵᠦ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢ ᠴᠢᠩᠭ᠋ᠠᠷᠠᠭᠤᠯᠵᠤ᠂ ᠲᠤᠰᠬᠠᠢ ᠠᠰᠢᠭ᠎ᠤᠨ ᠡᠷᠬᠡ᠎ᠳᠤ ᠵᠣᠷᠢᠭᠤᠳᠠ ᠬᠠᠯᠳᠠᠬᠤ᠂ ᠳᠠᠪᠬᠤᠷᠳᠠᠭᠤᠯᠤᠨ ᠬᠠᠯᠳᠠᠬᠤ ᠵᠢᠴᠢ ᠬᠦᠴᠦᠨ᠎ᠲᠠᠢ ᠪᠣᠯᠤᠭᠰᠠᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢ ᠦᠯᠦ ᠭᠦᠢ᠍ᠴᠡᠳᠬᠡᠬᠦ ᠵᠡᠷᠭᠡ ᠦᠢ᠍ᠯᠡ ᠠᠵᠢᠯᠯᠠᠭ᠎ᠠ᠎ᠨᠤᠭᠤᠳ᠎ᠲᠤ ᠵᠠᠰᠠᠭ ᠵᠠᠬᠢᠷᠭ᠋ᠠᠨ᠎ᠤ ᠰᠢᠢ᠍ᠳᠬᠡᠯ᠂ ᠬᠣᠯᠪᠤᠭ᠋ᠠᠯᠠᠨ ᠵᠠᠯᠬᠠᠭ᠋ᠠᠵᠤ ᠴᠡᠭᠡᠷᠯᠡᠭᠦᠯᠬᠦ᠂ ᠦᠨᠡᠨᠴᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠣᠷᠣᠭᠤᠯᠤᠨ ᠠᠪᠴᠢᠷᠠᠬᠤ ᠵᠢ ᠠᠬᠢᠭᠤᠯᠤᠨ᠎ᠠ᠃
      ᠪᠠᠢ᠌ᠭᠤᠯᠤᠯ ᠲᠣᠭᠲᠠᠴᠠ ᠵᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠠᠵᠢᠯ ᠪᠠ ᠬᠦᠴᠦᠨ᠎ᠤ ᠲᠣᠬᠢᠷᠠᠭᠤᠯᠤᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃
      ᠭᠠᠳᠠᠭ᠋ᠠᠳᠤ᠎ᠳᠠᠬᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠦᠭᠰᠢᠭᠦᠷᠢ ᠵᠢ ᠰᠡᠷᠭᠡᠢ᠌ᠯᠡᠨ᠎ᠡ᠃ ᠨᠡᠭᠡᠭᠡᠯᠲᠡ᠎ᠲᠠᠢ ᠪᠥᠭᠡᠳ ᠪᠠᠭᠲᠠᠭ᠋ᠠᠮᠵᠢ᠎ᠲᠠᠢ᠂ ᠲᠡᠩᠴᠡᠭᠦᠷᠢᠲᠡᠢ ᠪᠥᠭᠡᠳ ᠲᠦᠭᠡᠮᠡᠯ ᠬᠠᠷᠠᠭ᠋ᠠᠯᠵᠠᠯᠲᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠤᠯᠤᠰ᠎ᠤᠨ ᠳᠦᠷᠢᠮ᠎ᠢ ᠪᠠᠢ᠌ᠭᠤᠯᠬᠤ ᠵᠢ ᠠᠬᠢᠭᠤᠯᠵᠤ᠂ ᠭᠠᠳᠠᠭ᠋ᠠᠳᠤ᠎ᠳᠠᠬᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠭᠠᠳᠠᠭ᠋ᠠᠳᠤ᠎ᠳᠠᠬᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠯᠤᠭᠣᠳᠬᠤ ᠲᠥᠪ᠎ᠤᠨ ᠥᠨᠳᠥᠷ ᠪᠦᠲᠦᠮᠵᠢᠲᠡᠢ ᠠᠵᠢᠯᠯᠠᠭ᠋ᠠᠨ᠎ᠢ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠢ᠌ᠯᠠᠯ᠎ᠤᠨ 《ᠭᠠᠷᠴᠤ ᠶᠠᠪᠤᠬᠤ》᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠢ᠌ᠯᠤᠮᠵᠢ
ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠤᠢ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠳ᠋ᠦᠩᠰᠢᠭᠤᠷ ᠰᠢᠬᠠᠮ ᠤᠯᠠᠨ ᠲᠦᠮᠡᠨ᠎ᠳᠤ ᠠᠰᠢᠭ ᠬᠦᠷᠲᠡᠭᠡᠵᠦ᠂ ᠬᠥᠮᠥᠨ ᠳᠤᠮᠳᠠᠴᠢ ᠵᠢᠨ ᠳᠠᠷᠤᠭ᠋ᠠᠰᠤ ᠵᠢ ᠪᠠᠷᠤᠭ 8000 ᠲᠥᠭᠥᠷᠢᠭ ᠬᠥᠩᠭᠡᠯᠡᠪᠡ – ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠳᠠᠩᠰᠠ ᠲᠠᠢ᠌ᠯᠬᠤ ᠪᠤᠢ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ》
ᠵᠢᠷᠤᠭᠲᠤ ᠲᠠᠢ᠌ᠯᠤᠮᠵᠢ᠄ 《ᠪᠥᠬᠥ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ》
 
            