ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠴᠠᠯᠢᠩ ᠥᠭᠬᠦ ᠵᠢ ᠪᠠᠲᠤᠯᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠲᠤᠬᠠᠢ
ᠨᠡᠶ᠋ᠢᠲᠡᠯᠡᠭᠰᠡᠨ ᠴᠠᠭ᠄ 2023-12-18

      ᠮᠠᠯᠴᠢᠨ ᠲᠠᠷᠢᠶᠠᠴᠢᠨ᠎ᠤ ᠴᠠᠯᠢᠩ᠎ᠢ ᠣᠯᠭᠣᠬᠤ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠥᠯᠥᠭᠡ᠂ ᠳᠣᠲᠣᠭ᠋ᠠᠳᠤ᠎ᠳᠠᠭᠠᠨ ᠬᠢᠵᠠᠭ᠋ᠠᠷᠯᠠᠬᠤ ᠵᠢ ᠰᠡᠷᠭᠡᠢ᠌ᠯᠡᠬᠦ ᠰᠢᠨᠵᠢᠯᠡᠬᠦ ᠤᠬᠠᠭ᠋ᠠᠨᠴᠢ ᠪᠥᠭᠡᠳ ᠪᠦᠲᠦᠮᠵᠢᠲᠡᠢ ᠲᠣᠭᠲᠠᠴᠠ ᠵᠢ ᠪᠤᠢ ᠪᠣᠯᠭ᠋ᠠᠵᠤ᠂ ᠪᠥᠬᠥ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠪᠠᠲᠤᠯᠠᠬᠤ ᠠᠵᠢᠯ᠎ᠢ ᠵᠢᠷᠤᠮᠵᠢᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2023 ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢᠨ ᠶᠣᠰᠣᠭ᠋ᠠᠷ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠪᠠᠲᠤᠯᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 ᠵᠢ ᠲᠤᠭᠤᠷᠪᠢᠭᠰᠠᠨ ᠪᠥᠭᠡᠳ 2023 ᠣᠨ᠎ᠤ 3 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ 4 ᠳ᠋ᠦᠭᠡᠷ ᠰᠠᠷ᠎ᠠ ᠵᠢᠨ 29᠎ᠤ ᠡᠳᠦᠷ ᠪᠣᠯᠲᠠᠯ᠎ᠠ ᠨᠡᠢ᠌ᠭᠡᠮ ᠨᠠᠢ᠌ᠳᠠ᠎ᠠᠴᠠ ᠢᠯᠡ᠎ᠪᠠᠷ ᠰᠠᠨᠠᠯ ᠬᠤᠷᠢᠶᠠᠪᠠ᠃ ᠰᠠᠨᠠᠯ ᠬᠤᠷᠢᠶᠠᠬᠤ ᠬᠤᠭᠤᠴᠠᠭ᠋ᠠᠨ᠎ᠳᠤ᠂ ᠬᠣᠯᠪᠣᠭᠳᠠᠯ ᠪᠦᠬᠦᠢ ᠠᠶ᠋ᠢᠮᠠᠭ ᠬᠣᠲᠠ ᠵᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ 1 ᠵᠤᠷᠪᠤᠰ ᠪᠠᠢ᠌ᠵᠤ᠂ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ ᠣᠯᠭᠣᠬᠤ ᠵᠢ ᠪᠠᠲᠤᠯᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠢᠳᠡᠪᠬᠢᠲᠡᠢ ᠲᠣᠯᠢᠯᠠᠬᠤ ᠦᠢ᠍ᠯᠡᠳᠦᠯ᠎ᠲᠠᠢ ᠪᠣᠯᠬᠣᠷ᠂ ᠪᠢᠳᠡ ᠬᠢᠨᠠᠮᠠᠭ᠋ᠠᠢ ᠰᠤᠳᠤᠯᠤᠨ ᠬᠡᠷᠡᠭᠯᠡᠨ᠎ᠡ᠃ ᠡᠭᠦᠨ᠎ᠳᠤ ᠨᠡᠢ᠌ᠭᠡᠮ᠎ᠤᠨ ᠡᠯ᠎ᠡ ᠡᠲᠡᠭᠡᠳ᠎ᠤᠨ ᠬᠠᠯᠠᠮᠵᠢᠯᠠᠯ ᠪᠠ ᠳᠡᠮᠵᠢᠯᠭᠡ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠶᠠᠨ ᠴᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠵᠢᠴᠢ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ᠎ᠤᠨ ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠤᠨ ᠲᠤᠬᠠᠢ ᠬᠠᠷᠢᠭᠤ ᠲᠤᠰᠬᠠᠬᠤ᠎ᠨᠢ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠬᠦᠷᠴᠦ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠮᠤᠵᠢ ᠠᠯᠤᠰᠯᠠᠨ ᠠᠵᠢᠯᠲᠠᠨ ᠠᠵᠢᠯᠴᠢᠨ ᠡᠯᠰᠡᠬᠦ᠎ᠪᠠᠷ ᠳᠠᠬᠢᠨ ᠮᠣᠷᠳᠠᠨ ᠠᠵᠢᠯ᠎ᠤᠨ ᠪᠠᠶ᠋ᠢᠷᠢ ᠠᠵᠢᠯ ᠣᠯᠬᠤ ᠬᠣᠶᠠᠷ ᠲᠠᠯ᠎ᠠ᠎ᠪᠠᠷ ᠠᠰᠢᠭ ᠬᠦᠷᠲᠡᠨ᠎ᠡ — ᠣᠷᠳᠣᠰ ᠬᠣᠲᠠ ᠵᠢᠨ 《ᠳᠤᠯᠠᠭ᠋ᠠᠨ ᠬᠣᠲᠠ ᠵᠢᠨ ᠤᠷᠢᠯᠭ᠎ᠠ》 ᠵᠧᠩᠵᠧᠦ ᠥᠷᠲᠡᠭᠡ ᠵᠢᠨ ᠠᠵᠢᠯᠯᠠᠭ᠎ᠠ ᠲᠡᠭᠦᠰ ᠠᠮᠵᠢᠯᠲᠠ᠎ᠲᠠᠢ ᠶᠠᠪᠤᠭᠳᠠᠪᠠ
《ᠰᠡᠳᠬᠢᠯ᠎ᠤᠨ ᠬᠣᠯᠪᠣᠭ᠋ᠠᠰᠤ》 ᠵᠢ ᠵᠠᠯᠭ᠋ᠠᠨ ᠨᠠᠪᠲᠠᠷᠡᠭᠦᠯᠵᠦ᠂ 《ᠶᠡᠷᠦᠩᠬᠡᠢ ᠦᠢ᠍ᠯᠡᠴᠢᠯᠡᠭᠴᠢ》 ᠵᠢᠨ ᠡᠭᠦᠷᠭᠡ ᠵᠢ ᠰᠠᠢ᠍ᠢ᠍ᠳᠤᠷ ᠭᠦᠢ᠍ᠴᠡᠳᠬᠡᠨ᠎ᠡ — ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 《12333》 ᠵᠢᠨ ᠬᠥᠭᠵᠢᠯᠲᠡ ᠵᠢᠨ ᠲᠤᠬᠠᠢ ᠬᠦᠦᠷᠨᠢᠯ
 
            