ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠢ ᠲᠥᠯᠥᠪᠯᠡᠬᠦ ᠵᠢ ᠡᠷᠬᠢᠯᠡᠨ ᠭᠦᠢ᠍ᠴᠡᠳᠬᠡᠬᠦ ᠳᠦᠷᠢᠮ (ᠢᠯᠡ᠎ᠪᠠᠷ ᠰᠠᠨᠠᠯ ᠬᠤᠷᠢᠶᠠᠬᠤ ᠨᠣᠣᠷᠠᠭ)》᠎ᠤᠨ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠲᠤᠬᠠᠢ
ᠨᠡᠶ᠋ᠢᠲᠡᠯᠡᠭᠰᠡᠨ ᠴᠠᠭ᠄ 2023-12-18

      ᠪᠦᠬᠦ ᠣᠷᠣᠨ᠎ᠤ ᠲᠤᠬᠠᠢ᠌ᠯᠠᠭᠰᠠᠨ ᠠᠵᠢᠯ᠎ᠤᠨ ᠭᠠᠷᠲᠠᠨ ᠭᠦᠢ᠍ᠴᠡᠳᠬᠡᠬᠦ ᠠᠵᠢᠯ᠎ᠢ ᠨᠢᠭᠡᠳᠬᠡᠬᠦ ᠪᠠ ᠵᠢᠷᠤᠮᠵᠢᠭᠤᠯᠬᠤ ᠵᠢᠨ ᠲᠥᠯᠥᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠵᠢᠨ ᠱᠠᠲᠤᠨ᠎ᠤ ᠨᠢᠭᠡᠳᠦᠯᠲᠡᠢ ᠲᠥᠯᠥᠪᠯᠡᠬᠦ ᠳᠦᠷᠢᠮ᠎ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2022] 86 ᠳ᠋ᠤᠭ᠋ᠠᠷ ᠲᠣᠭ᠋ᠠᠲᠤ)᠎ᠤᠨ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠳᠦᠷᠢᠮ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠭᠰᠠᠨ [2022] 24 ᠳ᠋ᠦᠭᠡᠷ ᠲᠣᠭ᠋ᠠᠲᠤ) 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠢ ᠣᠷᠣᠯᠭ᠎ᠠ ᠨᠢᠭᠡᠳᠦᠯᠲᠡᠢ ᠵᠠᠷᠤᠯᠭ᠎ᠠ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠳᠣᠲᠣᠭ᠋ᠠᠳᠤ ᠡᠳ᠋᠎ᠤᠨ ᠵᠠᠰᠠᠭ ᠬᠣᠷᠢᠶ᠎ᠠ [2023] 812 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠱᠠᠭ᠋ᠠᠷᠳᠠᠯᠭ᠎ᠠ᠎ᠪᠠᠷ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠢ ᠲᠥᠯᠥᠪᠯᠡᠬᠦ ᠵᠢ ᠭᠠᠷᠲᠠᠨ ᠭᠦᠢ᠍ᠴᠡᠳᠬᠡᠬᠦ ᠳᠦᠷᠢᠮ (ᠲᠦᠷ ᠬᠡᠷᠡᠭᠵᠢᠭᠦᠯᠬᠦ)》᠎ᠳᠤ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠢ ᠲᠥᠯᠥᠪᠯᠡᠬᠦ ᠵᠢ ᠭᠠᠷᠲᠠᠨ ᠭᠦᠢ᠍ᠴᠡᠳᠬᠡᠬᠦ ᠳᠦᠷᠢᠮ (ᠢᠯᠡ᠎ᠪᠠᠷ ᠰᠠᠨᠠᠯ ᠬᠤᠷᠢᠶᠠᠬᠤ ᠨᠣᠣᠷᠠᠭ)》᠎ᠢ ᠪᠤᠢ ᠪᠣᠯᠭ᠋ᠠᠭᠰᠠᠨ ᠪᠥᠭᠡᠳ 2023 ᠣᠨ᠎ᠤ 9 ᠳ᠋ᠦᠭᠡᠷ ᠰᠠᠷ᠎ᠠ ᠵᠢᠨ 22᠎ᠤᠨ ᠡᠳᠦᠷ᠎ᠠᠴᠠ 10 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ᠂ ᠨᠡᠢ᠌ᠭᠡᠮ ᠨᠠᠢ᠌ᠳᠠ᠎ᠠᠴᠠ ᠢᠯᠡ᠎ᠪᠠᠷ ᠰᠠᠨᠠᠯ ᠬᠤᠷᠢᠶᠠᠪᠠ᠃ ᠰᠠᠨᠠᠯ ᠬᠤᠷᠢᠶᠠᠬᠤ ᠬᠤᠭᠤᠴᠠᠭ᠋ᠠᠨ᠎ᠳᠤ᠂ ᠬᠠᠷᠢᠭᠤ ᠲᠤᠰᠬᠠᠭᠰᠠᠨ ᠰᠠᠨᠠᠯ᠎ᠢ ᠣᠯᠣᠭᠰᠠᠨ ᠦᠭᠡᠢ᠃ ᠡᠭᠦᠨ᠎ᠳᠤ ᠨᠡᠢ᠌ᠭᠡᠮ᠎ᠤᠨ ᠡᠯ᠎ᠡ ᠡᠲᠡᠭᠡᠳ᠎ᠤᠨ ᠬᠠᠯᠠᠮᠵᠢᠯᠠᠯ ᠪᠠ ᠳᠡᠮᠵᠢᠯᠭᠡ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠶ᠎ᠡ!

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠴᠠᠯᠢᠩ ᠥᠭᠬᠦ ᠵᠢ ᠪᠠᠲᠤᠯᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠲᠤᠬᠠᠢ
ᠶᠠᠨ ᠴᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠵᠢᠴᠢ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ᠎ᠤᠨ ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠤᠨ ᠲᠤᠬᠠᠢ ᠬᠠᠷᠢᠭᠤ ᠲᠤᠰᠬᠠᠬᠤ᠎ᠨᠢ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠬᠦᠷᠴᠦ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠮᠤᠵᠢ ᠠᠯᠤᠰᠯᠠᠨ ᠠᠵᠢᠯᠲᠠᠨ ᠠᠵᠢᠯᠴᠢᠨ ᠡᠯᠰᠡᠬᠦ᠎ᠪᠠᠷ ᠳᠠᠬᠢᠨ ᠮᠣᠷᠳᠠᠨ ᠠᠵᠢᠯ᠎ᠤᠨ ᠪᠠᠶ᠋ᠢᠷᠢ ᠠᠵᠢᠯ ᠣᠯᠬᠤ ᠬᠣᠶᠠᠷ ᠲᠠᠯ᠎ᠠ᠎ᠪᠠᠷ ᠠᠰᠢᠭ ᠬᠦᠷᠲᠡᠨ᠎ᠡ — ᠣᠷᠳᠣᠰ ᠬᠣᠲᠠ ᠵᠢᠨ 《ᠳᠤᠯᠠᠭ᠋ᠠᠨ ᠬᠣᠲᠠ ᠵᠢᠨ ᠤᠷᠢᠯᠭ᠎ᠠ》 ᠵᠧᠩᠵᠧᠦ ᠥᠷᠲᠡᠭᠡ ᠵᠢᠨ ᠠᠵᠢᠯᠯᠠᠭ᠎ᠠ ᠲᠡᠭᠦᠰ ᠠᠮᠵᠢᠯᠲᠠ᠎ᠲᠠᠢ ᠶᠠᠪᠤᠭᠳᠠᠪᠠ
 
            