ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠩᠭᠤᠢ᠂ ᠦᠷᠭᠦᠯᠵᠢᠯᠡᠬᠦ ᠴᠢᠨᠠᠷᠲᠠᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠳᠦᠷᠢᠮ᠎ᠢ ᠪᠠᠢ᠌ᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠥᠷᠨᠢᠭᠦᠯᠵᠦ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠵᠠᠷᠤᠯᠭ᠎ᠠ ᠵᠢᠨ ᠲᠥᠷᠥᠯ ᠵᠦᠢ᠍ᠯ᠎ᠢ ᠵᠢᠷᠤᠮᠵᠢᠭᠤᠯᠵᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠠᠵᠢᠯ ᠠᠯᠳᠠᠭᠰᠠᠳ᠎ᠤᠨ ᠦᠨᠳᠦᠰᠦᠨ ᠠᠮᠢᠳᠤᠷᠠᠯ᠎ᠢ ᠬᠠᠤᠯᠢ ᠶᠣᠰᠣᠭ᠋ᠠᠷ ᠪᠥᠬᠥ ᠲᠠᠯ᠎ᠠ᠎ᠪᠠᠷ ᠪᠠᠲᠤᠯᠠᠵᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠦᠢ᠍ᠯᠡᠳᠦᠯ ᠴᠢᠳᠠᠮᠵᠢ ᠵᠢ ᠤᠯᠠᠮ ᠨᠢᠭᠡ ᠠᠯᠬᠤᠮ ᠭᠦᠢ᠍ᠴᠡᠳ ᠪᠠᠳᠠᠷᠠᠭᠤᠯᠬᠤ᠎ᠪᠠᠷ ᠵᠣᠷᠢᠯᠭ᠎ᠠ ᠪᠣᠯᠭ᠋ᠠᠪᠠ᠃ 2023 ᠣᠨ᠎ᠤ 11 ᠰᠠᠷ᠎ᠠ ᠵᠢᠨ 30᠎ᠤ ᠡᠳᠦᠷ᠎ᠠᠴᠠ 12 ᠰᠠᠷ᠎ᠠ ᠵᠢᠨ 30᠎ᠤ ᠡᠳᠦᠷ ᠪᠣᠯᠲᠠᠯ᠎ᠠ᠂ ᠨᠡᠢ᠌ᠭᠡᠮ ᠨᠡᠢ᠌ᠲᠡ᠎ᠳᠤ ᠬᠠᠨᠳᠤᠨ ᠢᠯᠡ᠎ᠪᠠᠷ ᠰᠠᠨᠠᠯ ᠬᠤᠷᠢᠶᠠᠪᠠ᠂ ᠰᠠᠨᠠᠯ ᠬᠤᠷᠢᠶᠠᠬᠤ ᠬᠤᠭᠤᠴᠠᠭ᠋ᠠᠨ᠎ᠳᠤ᠂ ᠬᠣᠯᠪᠣᠭᠳᠠᠯ ᠪᠦᠬᠦᠢ ᠠᠶ᠋ᠢᠮᠠᠭ ᠬᠣᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ 6 ᠵᠤᠷᠪᠤᠰ ᠰᠠᠨᠠᠯ ᠰᠠᠨᠠᠭᠤᠯᠭ᠎ᠠ ᠵᠢ ᠬᠠᠷᠢᠭᠤ ᠲᠤᠰᠬᠠᠪᠠ᠃ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠢᠳᠡᠪᠬᠢᠲᠡᠢ ᠲᠣᠯᠢ ᠪᠣᠯᠬᠤ ᠦᠢ᠍ᠯᠡᠳᠦᠯ᠎ᠲᠠᠢ ᠶᠤᠮ᠂ ᠪᠢᠳᠡ ᠨᠠᠷᠢᠨ ᠬᠢᠨᠠᠮᠠᠭ᠋ᠠᠢ ᠰᠤᠳᠤᠯᠤᠨ ᠭᠥᠯᠢᠶᠡᠨ ᠠᠪᠤᠨ᠎ᠠ᠃ ᠠᠲᠠ ᠨᠡᠢ᠌ᠭᠡᠮ᠎ᠤᠨ ᠡᠯ᠎ᠡ ᠡᠲᠡᠭᠡᠳ᠎ᠤᠨ ᠬᠠᠯᠠᠮᠵᠢᠯᠠᠯ ᠪᠠ ᠳᠡᠮᠵᠢᠯᠭᠡ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ᠃