ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠮᠤᠵᠢ ᠠᠯᠤᠰᠯᠠᠨ ᠠᠵᠢᠯᠲᠠᠨ ᠠᠵᠢᠯᠴᠢᠨ ᠡᠯᠰᠡᠬᠦ᠎ᠪᠠᠷ ᠳᠠᠬᠢᠨ ᠮᠣᠷᠳᠠᠨ ᠠᠵᠢᠯ᠎ᠤᠨ ᠪᠠᠶ᠋ᠢᠷᠢ ᠠᠵᠢᠯ ᠣᠯᠬᠤ ᠬᠣᠶᠠᠷ ᠲᠠᠯ᠎ᠠ᠎ᠪᠠᠷ ᠠᠰᠢᠭ ᠬᠦᠷᠲᠡᠨ᠎ᠡ — ᠣᠷᠳᠣᠰ ᠬᠣᠲᠠ ᠵᠢᠨ 《ᠳᠤᠯᠠᠭ᠋ᠠᠨ ᠬᠣᠲᠠ ᠵᠢᠨ ᠤᠷᠢᠯᠭ᠎ᠠ》 ᠵᠧᠩᠵᠧᠦ ᠥᠷᠲᠡᠭᠡ ᠵᠢᠨ ᠠᠵᠢᠯᠯᠠᠭ᠎ᠠ ᠲᠡᠭᠦᠰ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2024-05-29

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠣᠨ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ᠎ᠤ ᠠᠵᠢᠯ ᠣᠯᠭᠣᠯᠲᠠ ᠵᠢᠨ ᠠᠵᠢᠯ᠎ᠤᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠵᠤ᠂ ᠬᠥᠳᠡᠯᠮᠦᠷᠢᠴᠢᠳ᠎ᠤᠨ ᠠᠵᠢᠯ᠎ᠤᠨ ᠪᠠᠶ᠋ᠢᠷᠢ ᠰᠣᠯᠢᠵᠤ ᠰᠢᠯᠵᠢᠬᠦ ᠣᠷᠬᠢᠯ᠎ᠤᠨ ᠬᠤᠭᠤᠴᠠᠭ᠎ᠠ ᠪᠠ ᠠᠵᠤ ᠠᠬᠤᠢ᠌ᠯᠠᠯ᠎ᠤᠨ ᠠᠵᠢᠯ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠠᠩᠭᠢᠯᠠᠭ᠎ᠠ ᠵᠢᠨ ᠬᠤᠭᠤᠴᠠᠭ᠋ᠠᠨ᠎ᠤ ᠠᠵᠢᠯ ᠣᠯᠭᠣᠯᠲᠠ ᠵᠢᠨ ᠠᠵᠢᠯ᠎ᠢ ᠰᠠᠶ᠋ᠢᠲᠤᠷ ᠬᠢᠵᠦ᠂ ᠪᠦᠬᠦ ᠬᠦᠴᠦᠨ ᠵᠶ᠋ᠡᠷ ᠵᠶ᠋ᠡᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠵᠢ ᠪᠠᠲᠤᠯᠠᠵᠤ᠂ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 4 ᠰᠠᠷ᠎ᠠ ᠵᠢᠨ 13᠎ᠤ ᠡᠳᠦᠷ᠂ ᠣᠷᠳᠣᠰ ᠬᠤᠳᠠ ᠵᠢᠨ 《ᠳᠤᠯᠠᠭ᠋ᠠᠨ ᠬᠤᠳᠠ ᠵᠢᠨ ᠤᠷᠢᠯᠭ᠎ᠠ》 ᠵᠧᠩᠵᠧᠦ᠎ᠳᠠᠬᠢ ᠲᠤᠰᠬᠠᠢ ᠲᠠᠯᠠᠪᠠᠢ ᠴᠢᠳᠠᠪᠤᠷᠢᠲᠠᠨ᠎ᠢ ᠤᠷᠢᠵᠤ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ ᠵᠧᠩᠵᠧᠦ ᠬᠤᠳᠠ ᠵᠢᠨ ᠵᠦᠩ ᠶᠤᠸᠠᠨ ᠲᠣᠭᠣᠷᠢᠭ᠎ᠤᠨ ᠸᠠᠨ ᠳ᠋ᠠ ᠠᠭᠤᠳᠠᠮ ᠲᠠᠯᠠᠪᠠᠢ᠎ᠳᠤ ᠶᠠᠪᠤᠭᠳᠠᠪᠠ᠃
      ᠠᠵᠢᠯ ᠡᠷᠢᠭᠰᠡᠳ᠎ᠲᠤ ᠨᠠᠩ ᠤᠯᠠᠨ ᠠᠵᠢᠯ ᠣᠯᠬᠤ ᠲᠥᠬᠥᠮ ᠨᠥᠬᠥᠴᠡᠯ ᠬᠠᠩᠭ᠋ᠠᠬᠤ ᠵᠢᠨ ᠲᠥᠯᠥᠭᠡ᠂ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ᠎ᠨᠢ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠲᠠᠨᠢᠯᠴᠠᠭᠤᠯᠬᠤ ᠵᠡᠷᠭᠡ ᠰᠦᠯᠵᠢᠶᠡᠨ ᠳᠡᠭᠡᠷᠡᠬᠢ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠦ᠂ 50 ᠭᠠᠷᠤᠢ ᠠᠵᠤ ᠠᠬᠤᠢ᠌ᠯᠠᠯ ᠰᠢᠭᠤᠳ ᠨᠡᠪᠲᠡᠷᠡᠭᠦᠯᠭᠡ ᠵᠢᠨ ᠲᠠᠰᠤᠭ᠎ᠲᠤ ᠣᠷᠣᠵᠤ᠂ ᠲᠦᠮᠡ ᠰᠢᠬᠠᠮ ᠬᠥᠮᠥᠨ ᠤᠳᠠᠭ᠎ᠠ ᠲᠣᠰ ᠤᠳᠠᠭ᠋ᠠᠨ᠎ᠤ ᠰᠢᠭᠤᠳ ᠨᠡᠪᠲᠡᠷᠡᠭᠦᠯᠭᠡ ᠵᠢ ᠬᠦᠯᠢᠶᠡᠨ ᠠᠪᠴᠤ ᠦᠵᠡᠭᠰᠡᠨ ᠪᠠᠢ᠌ᠨ᠎ᠠ᠃
      ᠣᠷᠳᠣᠰ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠠᠵᠢᠯ ᠣᠯᠭᠣᠯᠲᠠ ᠵᠢᠨ ᠲᠥᠪ᠎ᠤᠨ ᠡᠷᠬᠢᠯᠡᠭᠴᠢ ᠷᠧᠨ ᠡᠯ ᠬᠤ᠌᠄ 《ᠪᠢᠳᠡ ᠲᠣᠰ ᠤᠳᠠᠭ᠎ᠠ ᠵᠢᠨ ᠳᠤᠯᠠᠭ᠋ᠠᠨ ᠬᠣᠲᠠ ᠵᠢᠨ ᠤᠷᠢᠯᠭ᠎ᠠ ᠵᠢᠨ ᠠᠵᠢᠯᠯᠠᠭ᠎ᠠ ᠵᠢᠨ ᠬᠠᠮᠲᠤᠷᠠᠯᠴᠠᠭ᠎ᠠ᠎ᠪᠠᠷ ᠰᠢᠨ᠎ᠡ ᠭᠠᠷᠤᠭ᠎ᠠ ᠪᠣᠯᠭ᠋ᠠᠵᠤ᠂ ᠬᠣᠶᠠᠷ ᠭᠠᠵᠠᠷ᠎ᠤᠨ ᠬᠥᠳᠡᠯᠮᠦᠷᠢ ᠬᠦᠴᠦᠨ᠎ᠤ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠰᠣᠩᠭᠣᠬᠤ᠂ ᠬᠡᠷᠡᠭᠴᠡᠭᠡ᠎ᠪᠠᠨ ᠬᠠᠷᠢᠯᠴᠠᠨ ᠨᠡᠪᠲᠡᠷᠡᠯᠴᠡᠬᠦ ᠮᠡᠳᠡᠭᠡ ᠵᠠᠩᠭᠢ ᠵᠢᠨ ᠲᠠᠪᠴᠠᠩ᠎ᠢ ᠲᠦᠷᠭᠡᠳᠬᠡᠨ ᠪᠠᠢ᠌ᠭᠤᠯᠵᠤ᠂ ᠬᠥᠳᠡᠯᠮᠦᠷᠢ ᠬᠦᠴᠦᠨ᠎ᠢ ᠴᠡᠭ᠎ᠠᠴᠠ ᠴᠡᠭ᠎ᠲᠤ ᠣᠨᠣᠪᠴᠢᠲᠠᠢ ᠬᠦᠷᠭᠡᠬᠦ ᠲᠣᠭᠲᠠᠴᠠ ᠵᠢ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ ᠵᠢ ᠪᠡᠶᠡᠯᠡᠭᠦᠯᠵᠦ᠂ ᠬᠣᠶᠠᠷ ᠭᠠᠵᠠᠷ᠎ᠤᠨ ᠬᠥᠳᠡᠯᠮᠦᠷᠢ ᠬᠦᠴᠦᠨ ᠪᠠ ᠴᠢᠳᠠᠪᠤᠷᠢᠲᠠᠨ᠎ᠤ ᠤᠷᠤᠭᠰᠢᠲᠠᠢ ᠰᠢᠯᠵᠢᠬᠦ ᠵᠢ ᠠᠬᠢᠭᠤᠯᠵᠤ᠂ ᠬᠣᠶᠠᠷ ᠭᠠᠵᠠᠷ᠎ᠤᠨ ᠴᠢᠨᠠᠷ ᠰᠠᠢ᠌ᠲᠠᠢ ᠬᠠᠷᠢᠯᠴᠠᠨ ᠠᠭᠤᠰᠤᠯᠴᠠᠨ ᠬᠥᠭᠵᠢᠬᠦ ᠵᠢ ᠠᠬᠢᠭᠤᠯᠬᠤ ᠵᠢ ᠬᠦᠰᠡᠵᠦ ᠪᠠᠢ᠌ᠨ᠎ᠠ》 ᠭᠡᠵᠦ ᠢᠯᠡᠷᠬᠡᠢ᠌ᠯᠡᠪᠡ᠃
      ᠲᠣᠰ ᠠᠵᠢᠯᠯᠠᠭ᠎ᠠ ᠵᠢᠨ ᠡᠴᠦᠰ᠎ᠲᠤ ᠣᠷᠳᠣᠰ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠣᠯᠣᠨ ᠵᠧᠩᠵᠧᠦ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠤᠳᠤᠷᠢᠳᠤᠯᠭ᠎ᠠ ᠬᠠᠮᠲᠤ᠎ᠪᠠᠷ 《ᠳᠤᠯᠠᠭ᠋ᠠᠨ ᠬᠣᠲᠠ ᠵᠢᠨ ᠤᠷᠢᠯᠭ᠎ᠠ》 ᠣᠷᠳᠣᠰ ᠬᠣᠲᠠ ᠵᠢᠨ ᠵᠧᠩᠵᠧᠦ ᠎ᠳᠠᠬᠢ ᠲᠤᠰᠬᠠᠢ ᠲᠠᠯᠠᠪᠠᠶ ᠴᠢᠳᠠᠪᠤᠷᠢᠲᠠᠨ᠎ᠢ ᠤᠷᠢᠵᠤ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ ᠵᠢᠩᠬᠢᠨᠢ᠎ᠪᠠᠷ ᠡᠬᠢᠯᠡᠭᠰᠡᠨ᠎ᠢ ᠵᠠᠷᠯᠠᠪᠠ᠃
      ᠲᠣᠰ ᠤᠳᠠᠭ᠋ᠠᠨ᠎ᠤ ᠠᠵᠢᠯᠯᠠᠭ᠎ᠠ᠎ᠨᠢ ᠣᠷᠳᠣᠰ ᠬᠣᠲᠠ ᠵᠢᠨ ᠠᠵᠢᠯᠴᠢᠨ ᠳᠤᠲᠠᠭᠳᠠᠵᠤ ᠪᠠᠢ᠌ᠭ᠎ᠠ ᠠᠵᠤ ᠠᠬᠤᠢ᠌ᠯᠠᠯ ᠬᠢᠭᠡᠳ ᠬᠥᠳᠡᠯᠮᠦᠷᠢ ᠬᠦᠴᠦᠨ᠎ᠢ ᠭᠠᠷᠭ᠋ᠠᠬᠤ ᠭᠠᠵᠠᠷ ᠣᠷᠣᠨ᠎ᠤ ᠠᠵᠢᠯ ᠡᠷᠢᠭᠰᠡᠳ᠎ᠤᠨ ᠬᠣᠭᠣᠷᠣᠨᠳᠤ 《ᠵᠠᠭᠤᠴᠢ》 ᠪᠣᠯᠵᠤ᠂ ᠳᠥᠭᠥᠮ ᠲᠦᠷᠭᠡᠨ᠂ ᠥᠨᠳᠥᠷ ᠪᠦᠲᠦᠮᠵᠢᠲᠡᠢ ᠠᠵᠢᠯᠲᠠᠨ ᠠᠵᠢᠯᠴᠢᠨ ᠡᠯᠰᠡᠬᠦ ᠲᠠᠪᠴᠠᠩ᠎ᠢ ᠪᠠᠢ᠌ᠭᠤᠯᠤᠨ ᠥᠭᠬᠦ᠎ᠪᠠᠷ ᠵᠣᠷᠢᠯᠭ᠎ᠠ ᠪᠣᠯᠭ᠋ᠠᠵᠤ᠂ ᠪᠥᠬᠥ ᠬᠣᠲᠠ ᠵᠢᠨ 51 ᠠᠵᠤ ᠠᠬᠤᠢ᠌ᠯᠠᠯ᠎ᠢ ᠤᠷᠢᠵᠤ ᠴᠤᠭᠯᠠᠭ᠋ᠠᠨ᠎ᠳᠤ ᠣᠷᠣᠯᠴᠠᠭᠤᠯᠵᠤ᠂ ᠠᠵᠢᠯ ᠡᠷᠢᠭᠰᠡᠳ᠎ᠲᠤ 4100 ᠰᠢᠬᠠᠮ ᠠᠵᠢᠯ᠎ᠤᠨ ᠪᠠᠶ᠋ᠢᠷᠢ ᠬᠠᠩᠭ᠋ᠠᠵᠤ᠂ ᠴᠤᠭᠯᠠᠭ᠋ᠠᠨ᠎ᠳᠤ ᠣᠷᠣᠯᠴᠠᠭᠰᠠᠨ ᠬᠥᠮᠥᠨ᠎ᠤ ᠲᠣᠭ᠎ᠠ᠎ᠨᠢ 2000 ᠰᠢᠬᠠᠮ ᠪᠠᠢ᠌ᠵᠤ᠂ 400 ᠭᠠᠷᠤᠢ ᠬᠥᠮᠥᠨ ᠲᠣᠪᠴᠢ ᠨᠠᠮᠲᠠᠷ ᠵᠶ᠋ᠠᠨ ᠥᠭᠴᠦ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠢ᠍ᠢ᠍ᠷᠢ ᠲᠠᠨᠢᠯᠴᠠᠭᠤᠯᠬᠤ ᠲᠠᠰᠤᠭ ᠠᠵᠢᠯ ᠡᠷᠢᠭᠰᠡᠳ᠎ᠤᠨ 721 ᠬᠤᠪᠢ ᠲᠣᠪᠴᠢ ᠨᠠᠮᠲᠠᠷ᠎ᠢ ᠲᠣᠰᠣᠨ ᠣᠯᠵᠠᠢ᠃
      ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠤᠨ ᠰᠡᠳᠬᠢᠯ᠎ᠤᠨ ᠢᠨᠵᠧᠨᠧᠷᠢᠩ᠂ ᠰᠠᠭᠤᠷᠢ ᠪᠣᠯᠬᠤ ᠢᠨᠵᠧᠨᠧᠷᠢᠩ ᠮᠥᠨ᠃ 2024 ᠣᠨ᠎ᠳᠤ᠂ ᠣᠷᠳᠣᠰ ᠬᠤᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ ᠦᠷᠭᠦᠯᠵᠢᠯᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠂ ᠰᠦᠯᠵᠢᠶᠡᠨ ᠵᠠᠭᠤᠴᠢᠯᠠᠭᠤᠷ᠂ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠪ ᠵᠡᠷᠭᠡ ᠲᠠᠪᠴᠠᠩ᠎ᠢ ᠠᠰᠢᠭᠯᠠᠵᠤ᠂ ᠡᠯ᠎ᠡ ᠳᠦᠷᠦᠯ᠎ᠤᠨ ᠲᠣᠮᠣ ᠬᠡᠯᠪᠡᠷᠢ ᠵᠢᠨ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ᠎ᠢ ᠢᠳᠡᠪᠬᠢᠲᠡᠢ ᠡᠷᠬᠢᠯᠡᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠰᠡᠳᠬᠢᠯ᠎ᠤᠨ ᠬᠣᠯᠪᠣᠭ᠋ᠠᠰᠤ》 ᠵᠢ ᠵᠠᠯᠭ᠋ᠠᠨ ᠨᠠᠪᠲᠠᠷᠡᠭᠦᠯᠵᠦ᠂ 《ᠶᠡᠷᠦᠩᠬᠡᠢ ᠦᠢ᠍ᠯᠡᠴᠢᠯᠡᠭᠴᠢ》 ᠵᠢᠨ ᠡᠭᠦᠷᠭᠡ ᠵᠢ ᠰᠠᠢ᠍ᠢ᠍ᠳᠤᠷ ᠭᠦᠢ᠍ᠴᠡᠳᠬᠡᠨ᠎ᠡ — ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 《12333》 ᠵᠢᠨ ᠬᠥᠭᠵᠢᠯᠲᠡ ᠵᠢᠨ ᠲᠤᠬᠠᠢ ᠬᠦᠦᠷᠨᠢᠯ
 
            