ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠰᠡᠳᠬᠢᠯ᠎ᠤᠨ ᠬᠣᠯᠪᠣᠭ᠋ᠠᠰᠤ》 ᠵᠢ ᠵᠠᠯᠭ᠋ᠠᠨ ᠨᠠᠪᠲᠠᠷᠡᠭᠦᠯᠵᠦ᠂ 《ᠶᠡᠷᠦᠩᠬᠡᠢ ᠦᠢ᠍ᠯᠡᠴᠢᠯᠡᠭᠴᠢ》 ᠵᠢᠨ ᠡᠭᠦᠷᠭᠡ ᠵᠢ ᠰᠠᠢ᠍ᠢ᠍ᠳᠤᠷ ᠭᠦᠢ᠍ᠴᠡᠳᠬᠡᠨ᠎ᠡ — ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 《12333》 ᠵᠢᠨ ᠬᠥᠭᠵᠢᠯᠲᠡ ᠵᠢᠨ ᠲᠤᠬᠠᠢ ᠬᠦᠦᠷᠨᠢᠯ
ᠨᠡᠶ᠋ᠢᠲᠡᠯᠡᠭᠰᠡᠨ ᠴᠠᠭ᠄ 2024-05-29

      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠤ ᠠᠵᠢᠯ ᠶᠠᠪᠤᠳᠠᠯ ᠭᠦᠢ᠍ᠴᠡᠳᠬᠡᠬᠦ ᠤᠯᠠᠨ ᠲᠦᠮᠡᠨ᠎ᠳᠤ ᠠᠪᠴᠤ ᠬᠡᠯᠡᠪᠡᠯ᠂ 12333 ᠪᠣᠯ ᠬᠠᠮᠤᠭ᠎ᠤᠨ ᠲᠠᠨᠢᠯ ᠲᠠᠰᠤᠯ ᠤᠲᠠᠰᠤᠨ᠎ᠤ ᠨᠣᠮᠧᠷ᠎ᠤᠨ ᠨᠢᠭᠡ ᠮᠥᠨ᠂ 《ᠠᠵᠢᠯ ᠶᠠᠪᠤᠳᠠᠯ ᠭᠦᠢ᠍ᠴᠡᠳᠬᠡᠬᠦ᠎ᠳᠤ ᠤᠷᠢᠳ ᠵᠶ᠋ᠠᠷ 12333᠎ᠳᠤ ᠤᠲᠠᠰᠤᠳᠠᠨ᠎ᠠ》 ᠭᠡᠳᠡᠭ᠎ᠨᠢ ᠨᠢᠭᠡᠨᠲᠡ ᠮᠠᠰᠢ ᠤᠯᠠᠨ ᠬᠥᠮᠥᠨ᠎ᠤ ᠳᠠᠳᠬᠠᠯ ᠪᠣᠯᠵᠠᠢ᠃
      2003 ᠣᠨ᠎ᠤ 5 ᠰᠠᠷ᠎ᠠ᠎ᠳᠤ᠂ ᠤᠤᠯ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠶᠠᠮᠤᠨ ᠠᠷᠠᠳ ᠲᠦᠮᠡᠨ᠎ᠳᠤ ᠦᠢ᠍ᠯᠡᠴᠢᠯᠡᠬᠦ ᠰᠡᠳᠬᠢᠯᠭᠡ ᠵᠢ ᠡᠪᠦᠷᠯᠡᠨ᠂ 12333 ᠨᠠᠢ᠌ᠳᠠ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠨᠡᠪᠲᠡᠷᠡᠭᠦᠯᠬᠦ᠎ᠪᠠᠷ ᠭᠤᠶᠤᠴᠢᠯᠠᠪᠠ᠃ ᠲᠡᠷᠡ ᠦᠶ᠎ᠡ᠎ᠠᠴᠠ ᠡᠬᠢᠯᠡᠨ 12333 ᠡᠨᠡ ᠬᠦ᠌ ᠬᠠᠯᠠᠮᠰᠢᠯ ᠤᠲᠠᠰᠤ᠎ᠨᠢ ᠰᠠᠯᠠᠭ᠎ᠠ ᠨᠠᠮᠠᠭ᠎ᠠ᠎ᠨᠢ ᠪᠣᠳᠠᠯᠠᠨ ᠳᠡᠯᠭᠡᠷᠡᠵᠦ᠂ ᠳᠤᠮᠳᠠᠳᠤ ᠵᠢᠨ ᠡᠬᠡ ᠭᠠᠵᠠᠷ᠎ᠲᠤ ᠳᠡᠯᠭᠡᠷᠡᠨ ᠲᠦᠭᠡᠭᠰᠡᠨ ᠪᠠᠢ᠌ᠨ᠎ᠠ᠃
      21 ᠵᠢᠯ᠎ᠤᠨ ᠲᠤᠷᠰᠢ᠂ 12333᠎ᠨᠢ 《ᠠᠷᠠᠳ᠎ᠤᠨ ᠰᠠᠨᠠᠭ᠎ᠠ ᠵᠢ ᠰᠣᠨᠣᠰᠴᠤ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ》 ᠤᠭ ᠰᠠᠨᠠᠭ᠎ᠠ᠎ᠪᠠᠨ ᠪᠠᠷᠢᠮᠲᠠᠯᠠᠵᠤ᠂ ᠨᠡᠢ᠌ᠭᠡᠮ᠎ᠤᠨ ᠤᠯᠠᠨ ᠨᠠᠢ᠌ᠳᠠ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠤ ᠲᠥᠷᠥ ᠵᠢᠨ ᠪᠣᠳᠣᠯᠭ᠎ᠠ ᠵᠢᠨ ᠠᠰᠠᠭᠤᠨ ᠯᠠᠪᠯᠠᠭ᠎ᠠ᠂ ᠮᠡᠳᠡᠭᠡ ᠵᠠᠩᠭᠢ ᠵᠢᠨ ᠠᠰᠠᠭᠤᠨ ᠯᠠᠪᠯᠠᠭ᠎ᠠ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢ᠍ᠳᠪᠦᠷᠢᠯᠡᠬᠦ ᠪᠠ ᠢᠯᠡᠴᠢᠯᠡᠨ ᠮᠡᠳᠡᠭᠦᠯᠬᠦ ᠵᠡᠷᠭᠡ ᠦᠢ᠍ᠯᠡᠴᠢᠯᠡᠭᠡ ᠵᠢ ᠦᠷᠭᠦᠯᠵᠢᠯᠡᠨ ᠬᠠᠩᠭ᠋ᠠᠪᠠ᠃ ᠣᠳᠣᠬᠠᠨ᠎ᠳᠤ᠂ 12333 ᠬᠠᠯᠠᠮᠰᠢᠯ ᠤᠲᠠᠰᠤ ᠵᠢᠨ ᠨᠢᠭᠡ ᠵᠢᠯ᠎ᠳᠤ ᠭᠥᠯᠢᠶᠡᠨ ᠠᠪᠤᠭᠰᠠᠨ ᠤᠯᠠᠨ ᠲᠦᠮᠡᠨ᠎ᠤ ᠢᠷᠡᠭᠦᠯᠦᠭᠰᠡᠨ ᠤᠲᠠᠰᠤ ᠪᠠᠷᠤᠭ 1 ᠳ᠋ᠦᠩᠰᠢᠭᠤᠷ ᠬᠥᠮᠥᠨ ᠤᠳᠠᠭ᠎ᠠ ᠵᠢ ᠳᠠᠪᠠᠵᠤ᠂ ᠨᠢᠭᠡᠨᠲᠡ ᠨᠠᠮ ᠪᠠ ᠠᠷᠠᠳ ᠲᠦᠮᠡᠨ᠎ᠢ ᠬᠣᠯᠪᠣᠭᠰᠠᠨ ᠠᠷᠠᠳ᠎ᠤᠨ ᠰᠡᠳᠬᠢᠯ᠎ᠤᠨ ᠬᠠᠯᠠᠮᠰᠢᠯ ᠤᠲᠠᠰᠤ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠬᠦᠴᠢᠷᠳᠡᠵᠦ ᠵᠣᠪᠠᠨᠢᠵᠤ ᠪᠠᠢ᠍ᠢ᠍ᠬᠤ ᠠᠰᠠᠭᠤᠳᠠᠯ᠎ᠢ ᠰᠢᠢ᠍ᠳᠪᠦᠷᠢᠯᠡᠬᠦ ᠠᠷᠠᠳ᠎ᠤᠨ ᠠᠮᠢᠳᠤᠷᠠᠯ᠎ᠤᠨ ᠬᠠᠯᠠᠮᠰᠢᠯ ᠤᠲᠠᠰᠤ ᠪᠣᠯᠤᠭᠰᠠᠨ ᠪᠠᠢ᠌ᠨ᠎ᠠ᠃
      ᠢᠳᠡᠷᠡᠭᠦᠨ ᠵᠶ᠋ᠡᠷ ᠦᠰᠦᠨ ᠪᠣᠢ᠌ᠵᠢᠭᠰᠠᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠭᠰᠠᠨ ᠬᠠᠯᠠᠮᠰᠢᠯ ᠤᠲᠠᠰᠤ
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠨᠢ ᠠᠷᠠᠳ ᠤᠯᠠᠨ᠎ᠤ ᠦᠨᠳᠦᠰᠦᠨ ᠠᠰᠢᠭ ᠲᠤᠰᠠ᠎ᠲᠠᠢ ᠨᠢᠭᠲᠠ ᠬᠣᠯᠪᠣᠭ᠎ᠠ᠎ᠲᠠᠢ ᠪᠠᠢ᠌ᠵᠤ᠂ ᠲᠦᠭ ᠲᠦᠮᠡᠨ ᠠᠢ᠌ᠯ ᠡᠷᠦᠬᠡ ᠵᠢᠨ ᠠᠮᠢᠳᠤᠷᠠᠯ᠎ᠲᠠᠢ ᠬᠣᠯᠪᠣᠭᠳᠠᠵᠤ ᠪᠠᠢ᠌ᠳᠠᠭ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 12333 ᠵᠢ ᠴᠢᠬᠤᠯᠠ ᠦᠢ᠍ᠯᠡᠴᠢᠯᠡᠭᠡᠨ᠎ᠤ ᠴᠣᠩᠬᠣᠪᠴᠢ ᠪᠣᠯᠭ᠋ᠠᠵᠤ᠂ ᠲᠡᠭᠦᠨ᠎ᠤ ᠬᠥᠭᠥᠷᠭᠡ ᠪᠠ ᠬᠣᠯᠪᠣᠭ᠋ᠠᠰᠤ ᠵᠢᠨ ᠦᠢ᠍ᠯᠡᠳᠦᠯ ᠵᠶ᠋ᠠᠨ ᠪᠠᠳᠠᠷᠠᠭᠤᠯᠵᠤ᠂ ᠨᠢᠭᠡ ᠲᠠᠯ᠎ᠠ᠎ᠪᠠᠷ ᠠᠷᠠᠳ ᠤᠯᠠᠨ᠎ᠤ ᠬᠦᠰᠡᠯ ᠡᠷᠡᠮᠡᠯᠵᠡᠯ᠎ᠢ ᠬᠣᠯᠪᠣᠵᠤ᠂ ᠨᠥᠭᠥᠭᠡ ᠲᠠᠯ᠎ᠠ᠎ᠪᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠷᠠᠳ ᠲᠦᠮᠡᠨ᠎ᠳᠤ ᠦᠢ᠍ᠯᠡᠴᠢᠯᠡᠬᠦ ᠤᠭ ᠰᠠᠨᠠᠭ᠎ᠠ ᠵᠢ ᠬᠣᠯᠪᠣᠵᠤ᠂ ᠦᠨᠡᠨ ᠬᠦ᠌ ᠤᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢ ᠬᠦᠷᠭᠡᠬᠦ᠂ ᠬᠠᠶ᠋ᠢᠷ᠎ᠠ ᠬᠠᠯᠠᠮᠵᠢ ᠵᠢ ᠬᠦᠷᠭᠡᠬᠦ ᠬᠠᠯᠠᠮᠰᠢᠯ ᠤᠲᠠᠰᠤ ᠪᠣᠯᠭ᠋ᠠᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠪᠠ᠃
      2003 ᠣᠨ᠎ᠳᠤ 12333 ᠬᠠᠯᠠᠮᠰᠢᠯ ᠤᠲᠠᠰᠤ ᠵᠢ ᠵᠢᠩᠬᠢᠨᠢ᠎ᠪᠠᠷ ᠡᠬᠢᠯᠡᠵᠦ ᠬᠡᠷᠡᠭᠯᠡᠭᠰᠡᠨ᠎ᠠᠴᠠ ᠨᠠᠭ᠋ᠠᠰᠢ᠂ ᠤᠤᠯ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠶᠠᠮᠤᠨ ᠤᠷᠢᠳ ᠬᠣᠵᠢᠳ 《ᠬᠥᠳᠡᠯᠮᠦᠷᠢ ᠵᠢᠨ ᠪᠠᠲᠤᠯᠠᠭ᠎ᠠ ᠵᠢᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡ ᠥᠷᠨᠢᠭᠦᠯᠬᠦ ᠲᠤᠬᠠᠢ ᠮᠡᠳᠡᠭᠳᠡᠯ》 《ᠬᠥᠳᠡᠯᠮᠦᠷᠢ ᠵᠢᠨ ᠪᠠᠲᠤᠯᠠᠭ᠎ᠠ ᠵᠢᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠲᠥᠪ᠎ᠤᠨ ᠪᠠᠢ᠌ᠭᠤᠯᠤᠯᠲᠠ ᠵᠢᠨ ᠠᠵᠢᠯ᠎ᠢ ᠡᠬᠢᠯᠡᠭᠦᠯᠵᠦ᠂ ᠡᠯ᠎ᠡ ᠭᠠᠵᠠᠷ᠎ᠤᠨ ᠤᠲᠠᠰᠤ᠎ᠪᠠᠷ ᠠᠰᠠᠭᠤᠨ ᠯᠠᠪᠯᠠᠬᠤ ᠮᠡᠳᠡᠭᠡ ᠵᠠᠩᠭᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠵᠢᠷᠤᠮᠵᠢᠭᠤᠯᠤᠨ ᠵᠢᠯᠤᠭᠣᠳᠬᠤ ᠪᠠ ᠠᠬᠢᠭᠤᠯᠵᠤ᠂ ᠡᠯ᠎ᠡ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠡᠭᠦᠨ ᠵᠶ᠋ᠡᠷ ᠦᠨᠳᠦᠰᠦᠯᠡᠯ ᠪᠣᠯᠭ᠋ᠠᠵᠤ᠂ ᠰᠢᠰᠲ᠋ᠧᠮ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠥᠷᠨᠢᠭᠦᠯᠪᠡ᠃
      2005 ᠣᠨ᠎ᠠᠴᠠ ᠡᠬᠢᠯᠡᠨ᠂ ᠡᠯ᠎ᠡ ᠭᠠᠵᠠᠷ᠎ᠤᠨ᠎ᠬᠢᠨ ᠨᠢᠭᠡᠳᠦᠯᠲᠡᠢ ᠱᠠᠭ᠋ᠠᠷᠳᠠᠯᠭ᠎ᠠ ᠶᠣᠰᠣᠭ᠋ᠠᠷ᠂ ᠮᠡᠳᠡᠭᠡ ᠵᠠᠩᠭᠢ ᠵᠢᠨ ᠰᠢᠰᠲ᠋ᠧᠮ᠎ᠢ ᠢᠳᠡᠪᠬᠢᠲᠡᠢ᠎ᠪᠠᠷ ᠨᠡᠭᠡᠭᠡᠨ ᠬᠥᠭᠵᠢᠭᠦᠯᠵᠦ᠂ ᠵᠥᠪᠯᠡᠯᠭᠡ ᠥᠭᠭᠦᠭᠴᠢ ᠵᠢᠨ ᠡᠩᠨᠡᠭᠡ ᠵᠢ ᠵᠣᠬᠢᠶᠠᠨ ᠪᠠᠢ᠌ᠭᠤᠯᠵᠤ᠂ 12333 ᠵᠢᠨ ᠡᠯ᠎ᠡ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠪᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠪᠠᠢ᠌ᠭᠤᠯᠤᠭᠳᠠᠭᠰᠠᠨ᠎ᠤ ᠳᠠᠷᠠᠭ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠨᠢ ᠪᠥᠬᠥ ᠤᠯᠤᠰ᠎ᠤᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠲᠥᠪ᠎ᠤᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢ ᠬᠠᠷᠢᠭᠤᠴᠠᠨ ᠵᠢᠯᠤᠭᠣᠳᠴᠤ᠂ 12333 ᠬᠠᠯᠠᠮᠰᠢᠯ ᠤᠲᠠᠰᠤ ᠵᠢᠨ ᠪᠠᠢ᠌ᠭᠤᠯᠤᠯᠲᠠ ᠵᠢ ᠲᠦᠷᠭᠡᠳᠬᠡᠪᠡ᠃ 2009 ᠣᠨ ᠪᠣᠯᠲᠠᠯ᠎ᠠ᠂ ᠪᠦᠬᠦ ᠤᠯᠤᠰ᠎ᠤᠨ 27 ᠮᠤᠵᠢ᠂ ᠨᠠᠢ᠌ᠳᠠ 223 ᠭᠠᠵᠠᠷ ᠣᠷᠣᠨ (ᠮᠤᠵᠢ ᠵᠢᠨ ᠲᠤᠰ ᠱᠠᠲᠤ ᠵᠢ ᠪᠠᠭᠲᠠᠭ᠋ᠠᠨ᠎ᠠ) 12333 ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡ ᠵᠢ ᠨᠠᠪᠲᠠᠷᠡᠭᠦᠯᠵᠦ᠂ 25 ᠮᠤᠵᠢ 12333 ᠤᠲᠠᠰᠤ᠎ᠪᠠᠷ ᠠᠰᠠᠭᠤᠨ ᠯᠠᠪᠯᠠᠬᠤ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠪᠦᠬᠦ ᠵᠢᠯ᠎ᠤᠨ ᠤᠲᠠᠰᠤ ᠢᠷᠡᠭᠦᠯᠦᠭᠰᠡᠨ ᠶᠡᠷᠦᠩᠬᠡᠢ ᠬᠡᠮᠵᠢᠶ᠎ᠡ 5000 ᠲᠦᠮᠡᠨ ᠬᠥᠮᠥᠨ ᠤᠳᠠᠭ᠎ᠠ ᠵᠢ ᠳᠠᠪᠠᠵᠠᠢ᠃
      2010 ᠣᠨ᠎ᠳᠤ 《12333 ᠪᠦᠬᠦ ᠤᠯᠤᠰ᠎ᠤᠨ ᠨᠢᠭᠡᠳᠦᠯᠲᠡᠢ ᠴᠠᠬᠢᠮ ᠮᠡᠳᠡᠭᠡ᠎ᠤᠨ ᠨᠣᠮᠧᠷ᠎ᠢ ᠬᠡᠷᠡᠭᠯᠡᠨ ᠨᠠᠢ᠌ᠳᠠ ᠵᠢᠨ ᠠᠰᠠᠷᠠᠮᠵᠢ ᠵᠢᠨ ᠦᠢ᠍ᠯᠡᠴᠢᠯᠡᠭᠡ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠦᠬᠦ ᠤᠯᠤᠰ᠎ᠲᠤ 12333 ᠴᠠᠬᠢᠮ ᠮᠡᠳᠡᠭᠡ ᠵᠢᠨ ᠦᠢ᠍ᠯᠡᠴᠢᠯᠡᠭᠡ ᠵᠢ ᠡᠬᠢᠯᠡᠨ ᠳᠡᠯᠭᠡᠷᠡᠭᠦᠯᠪᠡ᠃ 12333 ᠵᠢ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ᠂ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠦᠢ᠍ᠯᠡᠴᠢᠯᠡᠭᠡᠨ᠎ᠤ ᠶᠠᠪᠤᠴᠠ》 《ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ》 ᠵᠢᠴᠢ 《ᠮᠡᠳᠡᠯᠭᠡ ᠵᠢᠨ ᠬᠥᠮᠥᠷᠭᠡ ᠵᠢᠨ ᠳᠦᠷᠦᠯ ᠬᠤᠪᠢᠶᠠᠭᠰᠠᠨ ᠵᠢᠷᠤᠮᠵᠢᠯ》᠎ᠢ ᠢᠵᠢ ᠪᠦᠷᠢᠳᠦᠭᠦᠯᠦᠨ ᠳᠠᠷᠤᠮᠠᠯᠯᠠᠨ ᠲᠠᠷᠬᠠᠭ᠋ᠠᠪᠠ᠃ ᠡᠭᠦᠨ᠎ᠠᠴᠠ ᠰᠡᠭᠦᠯᠡᠷ ᠪᠠᠰᠠ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠯᠠᠨ ᠵᠦᠢ᠍ᠯ᠎ᠤᠨ ᠠᠵᠢᠯ᠎ᠤᠨ ᠲᠣᠭᠲᠠᠴᠠ ᠵᠢ ᠪᠦᠷᠢᠯᠳᠦᠭᠦᠯᠪᠡ᠃ ᠵᠢᠱ᠌ᠢᠶᠡᠯᠡᠪᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠨᠢ ᠬᠣᠯᠪᠣᠭᠳᠠᠯ ᠪᠦᠬᠦᠢ ᠨᠢᠭᠡᠴᠢ᠎ᠲᠠᠢ ᠬᠠᠮᠲᠤᠷᠠᠨ 《ᠪᠢ 12333᠎ᠲᠠᠢ ᠬᠠᠮᠲᠤ》 ᠭᠡᠬᠦ ᠡᠬᠡ ᠪᠢᠴᠢᠭ ᠡᠯᠰᠡᠬᠦ ᠠᠵᠢᠯᠯᠠᠭ᠎ᠠ ᠵᠢ ᠥᠷᠨᠢᠭᠦᠯᠵᠦ᠂ 《ᠠᠵᠢᠯ᠎ᠤᠨ ᠲᠣᠪᠴᠢ ᠮᠡᠳᠡᠭᠡ》 ᠵᠢ ᠨᠠᠢ᠌ᠷᠠᠭᠤᠯᠤᠨ ᠲᠠᠷᠬᠠᠭ᠋ᠠᠵᠤ ᠠᠵᠢᠯ ᠲᠥᠷᠥᠯ᠎ᠤᠨ ᠳᠣᠲᠣᠭ᠋ᠠᠳᠤ ᠵᠢᠨ ᠨᠡᠪᠲᠡᠷᠡᠯᠴᠡᠭᠡ ᠰᠣᠯᠢᠯᠴᠠᠭ᠎ᠠ ᠵᠢ ᠴᠢᠩᠭ᠋ᠠᠳᠬᠠᠵᠤ᠂ 《ᠪᠥᠬᠥ ᠤᠯᠤᠰ᠎ᠤᠨ 12333 ᠬᠠᠯᠠᠮᠰᠢᠯ ᠤᠲᠠᠰᠤ ᠵᠢᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠰᠠᠭᠤᠷᠢᠨ》᠎ᠢ ᠰᠣᠩᠭᠣᠨ ᠲᠣᠭᠲᠠᠭ᠋ᠠᠵᠤ ᠰᠢᠯᠢᠳᠡᠭ ᠨᠡᠢ᠌ᠲᠡᠯᠢᠭ ᠵᠢᠱ᠌ᠢᠶ᠎ᠡ ᠵᠢᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠪᠡ᠃
      ᠲᠥᠷᠥ ᠵᠢᠨ ᠪᠣᠳᠣᠯᠭ᠎ᠠ ᠵᠢ ᠨᠡᠩ ᠰᠠᠶ᠋ᠢᠳᠤᠷ ᠤᠬᠠᠭᠤᠯᠵᠤ᠂ ᠠᠷᠠᠳ᠎ᠤᠨ ᠰᠠᠨᠠᠭ᠎ᠠ ᠵᠢ ᠰᠣᠨᠣᠰᠬᠤ ᠵᠢᠨ ᠲᠥᠯᠥᠭᠡ᠂ 2012 ᠣᠨ᠎ᠳᠤ ᠵᠢᠯ ᠪᠦᠷᠢ ᠵᠢᠨ 3 ᠰᠠᠷ᠎ᠠ ᠵᠢᠨ 30᠎ᠤ ᠡᠳᠦᠷ᠎ᠢ 《12333 ᠪᠦᠬᠦ ᠤᠯᠤᠰ᠎ᠤᠨ ᠨᠢᠭᠡᠳᠦᠯᠲᠡᠢ ᠠᠰᠠᠭᠤᠨ ᠯᠠᠪᠯᠠᠬᠤ ᠡᠳᠦᠷ》 ᠵᠶ᠋ᠡᠷ ᠲᠣᠭᠲᠠᠭ᠋ᠠᠵᠠᠢ᠃ ᠤᠯᠤᠰ ᠳᠠᠶᠠᠭ᠋ᠠᠷ ᠵᠶ᠋ᠠᠨ ᠨᠢᠭᠡᠳᠦᠯᠲᠡᠢ ᠬᠥᠳᠡᠯᠦᠯᠴᠡᠵᠦ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢ᠌ᠷᠡᠨ᠂ ᠤᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢ ᠨᠢᠭᠤᠷᠳᠠᠨ ᠤᠬᠠᠭᠤᠯᠵᠤ᠂ ᠮᠠᠳᠠᠭ᠎ᠲᠠᠢ ᠠᠰᠠᠭᠤᠳᠠᠯ᠎ᠢ᠎ᠨᠢ ᠲᠠᠢ᠌ᠯᠪᠤᠷᠢᠯᠠᠨ ᠲᠥᠭᠡᠷᠢᠭᠳᠡᠯ᠎ᠢ᠎ᠨᠢ ᠳᠡᠢ᠌ᠯᠵᠦ᠂ ᠰᠠᠨᠠᠯ᠎ᠢ᠎ᠨᠢ ᠰᠣᠨᠣᠰᠪᠠ᠃
      《ᠡᠨᠡ ᠵᠢᠯ 10 ᠳ᠋ᠤᠭ᠋ᠠᠷ ᠬᠤᠭᠤᠴᠠᠭ᠋ᠠᠨ᠎ᠤ 〈12333 ᠬᠠᠯᠠᠮᠰᠢᠯ ᠤᠲᠠᠰᠤ ᠵᠢᠨ ᠪᠦᠬᠦ ᠤᠯᠤᠰ᠎ᠤᠨ ᠨᠢᠭᠡᠳᠦᠯᠲᠡᠢ ᠠᠰᠠᠭᠤᠨ ᠯᠠᠪᠯᠠᠬᠤ ᠡᠳᠦᠷ〉᠎ᠤᠨ ᠠᠵᠢᠯᠯᠠᠭ᠎ᠠ ᠵᠢ ᠥᠷᠨᠢᠭᠦᠯᠪᠡ᠂ 〈ᠬᠥᠮᠥᠨ ᠪᠦᠬᠦᠨ ᠤᠷᠤᠯᠴᠠᠬᠤ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ〉᠎ᠪᠠᠷ ᠭᠣᠣᠯ ᠰᠡᠳᠦᠪ ᠪᠣᠯᠭ᠋ᠠᠪᠠ》᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠠᠭᠠᠨ᠂ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠵᠢ ᠴᠢᠨᠠᠷ ᠰᠠᠢ᠌ᠲᠠᠢ ᠠᠬᠢᠭᠤᠯᠬᠤ ᠪᠣᠯ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢᠨ ᠳᠣᠲᠣᠭ᠋ᠠᠳᠤ ᠱᠠᠭ᠋ᠠᠷᠳᠠᠯᠭ᠎ᠠ ᠪᠣᠯᠣᠨ᠎ᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 12333 ᠬᠠᠯᠠᠮᠰᠢᠯ ᠤᠲᠠᠰᠤ ᠪᠠ ᠪᠤᠰᠤᠳ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠠᠷᠭ᠎ᠠ ᠵᠠᠮ᠎ᠢ ᠭᠦᠢ᠍ᠴᠡᠳ ᠠᠰᠢᠭᠯᠠᠨ᠂ ᠳᠥᠭᠥᠮ ᠣᠢ᠌ᠯᠠᠭ᠋ᠠᠮᠵᠢᠲᠠᠢ ᠬᠡᠯᠪᠡᠷᠢ᠎ᠪᠠᠷ ᠤᠯᠠᠨ ᠲᠦᠮᠡᠨ᠎ᠳᠤ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠵᠤ ᠥᠭᠭᠦᠨ᠂ ᠳᠠᠭ᠋ᠠᠳᠬᠠᠯ᠎ᠳᠤ ᠣᠷᠣᠯᠴᠠᠬᠤ ᠶᠠᠪᠤᠴᠠ ᠵᠢ ᠲᠣᠳᠣᠷᠬᠠᠢ᠌ᠯᠠᠵᠤ ᠥᠭᠭᠦᠨ᠂ ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠣᠯᠭᠣᠮᠵᠢ ᠵᠢ ᠪᠤᠳᠤᠵᠤ ᠥᠭᠴᠦ᠂ 《ᠳᠠᠭ᠋ᠠᠳᠬᠠᠯ᠎ᠳᠤ ᠣᠷᠣᠯᠴᠠᠬᠤ᠎ᠠᠴᠠ ᠭᠣᠭᠣᠵᠢᠭᠳᠠᠭᠰᠠᠨ》 《ᠳᠠᠭ᠋ᠠᠳᠬᠠᠯ᠎ᠠᠴᠠ ᠰᠠᠯᠤᠭᠰᠠᠨ》 《ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠤᠭᠰᠠᠨ》 ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠳᠠᠭ᠋ᠠᠳᠬᠠᠯ᠎ᠳᠤ ᠣᠷᠣᠯᠴᠠᠬᠤ ᠶᠣᠰᠣᠲᠠᠢ ᠪᠠᠶ᠋ᠢᠲᠠᠯ᠎ᠠ ᠳᠠᠭ᠋ᠠᠳᠬᠠᠯ᠎ᠳᠤ ᠤᠷᠤᠯᠴᠠᠬᠰᠠᠨ ᠦᠭᠡᠢ ᠬᠥᠮᠥᠰ᠎ᠢ ᠳᠠᠭ᠋ᠠᠳᠬᠠᠯ᠎ᠳᠤ ᠣᠷᠣᠯᠴᠠᠬᠤ ᠵᠢ ᠪᠦᠷᠬᠦᠭᠦᠯᠬᠦ ᠬᠡᠪᠴᠢᠶᠡᠨ᠎ᠳᠤ ᠭᠦᠢ᠍ᠴᠡᠳ ᠣᠷᠣᠭᠤᠯᠵᠤ᠂ ᠨᠢᠭᠡᠨᠲᠡ ᠳᠠᠭ᠋ᠠᠳᠬᠠᠯ᠎ᠳᠤ ᠤᠷᠤᠯᠴᠠᠬᠰᠠᠨ ᠬᠣᠲᠠ ᠬᠥᠳᠡᠭᠡ ᠵᠢᠨ ᠳᠠᠭ᠋ᠠᠳᠬᠠᠯ᠎ᠲᠤ ᠣᠷᠣᠯᠴᠠᠭᠰᠠᠨ ᠰᠠᠭᠤᠭ᠋ᠠᠯᠢ ᠠᠷᠠᠳ᠎ᠤᠨ ᠨᠠᠩ ᠥᠨᠳᠥᠷ ᠲᠠᠰ᠎ᠤᠨ ᠰᠦᠢ᠍ᠳᠬᠡᠯ ᠲᠤᠰᠢᠶᠠᠬᠤ ᠵᠢ ᠰᠣᠩᠭᠣᠬᠤ ᠵᠢ ᠠᠬᠢᠭᠤᠯᠵᠤ᠂ ᠨᠠᠩ ᠥᠨᠳᠥᠷ ᠬᠢᠷᠢ ᠲᠦᠪᠰᠢᠨ ᠪᠦᠬᠦᠢ ᠮᠥᠩᠭᠥ ᠣᠯᠭᠣᠮᠵᠢ ᠭᠥᠷᠳᠡᠬᠦ᠎ᠳᠤ ᠲᠥᠬᠥᠮ ᠦᠵᠡᠭᠦᠯᠵᠦ᠂ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠬᠦ ᠶᠣᠰᠣᠲᠠᠢ ᠪᠠᠶ᠋ᠢᠲᠠᠯ᠎ᠠ ᠰᠢᠯᠵᠢᠭᠦᠯᠦᠭᠰᠡᠨ ᠦᠭᠡᠢ ᠬᠥᠮᠥᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ᠎ᠪᠠᠨ ᠴᠠᠭ ᠲᠤᠬᠠᠢ᠎ᠳᠤᠨᠢ ᠰᠢᠯᠵᠢᠭᠦᠯᠦᠨ ᠦᠷᠭᠦᠯᠵᠢᠯᠡᠭᠦᠯᠬᠦ ᠵᠢ ᠠᠬᠢᠭᠤᠯᠵᠤ᠂ ᠡᠷᠬᠡ ᠠᠰᠢᠭ᠎ᠨᠢ ᠬᠣᠬᠢᠷᠠᠯ᠎ᠳᠤ ᠤᠴᠠᠷᠠᠬᠤ ᠦᠭᠡᠢ ᠪᠠᠶ᠋ᠢᠬᠤ ᠵᠢ ᠪᠠᠲᠤᠯᠠᠪᠠ᠃
      ᠪᠠᠷᠢᠮᠵᠢᠶᠠᠵᠢᠭᠤᠯᠤᠨ ᠬᠥᠲᠥᠯᠥᠨ ᠳᠠᠭ᠋ᠠᠭᠤᠯᠤᠭᠰᠠᠨ ᠰᠢᠨ᠎ᠡ ᠵᠢ ᠡᠭᠦᠳᠦᠭᠰᠡᠨ ᠲᠠᠪᠴᠠᠩ
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠎ᠠᠴᠠ ᠨᠠᠭ᠋ᠠᠰᠢ᠂ 12333 ᠬᠠᠯᠠᠮᠰᠢᠯ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ ᠲᠠᠰᠤᠷᠠᠯᠲᠠ ᠦᠭᠡᠢ ᠰᠢᠨ᠎ᠡ ᠵᠢ ᠡᠭᠦᠳᠦᠨ ᠬᠥᠭᠵᠢᠵᠦ᠂ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠵᠢᠨ ᠬᠡᠮᠵᠢᠶ᠎ᠡ ᠪᠠ ᠦᠢ᠍ᠯᠡᠴᠢᠯᠡᠭᠡᠨ᠎ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠤᠯᠠᠨ ᠲᠦᠮᠡᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠭᠦᠨᠵᠡᠭᠡᠢ ᠣᠢ᠌ᠯᠠᠭ᠋ᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠡᠳ᠋ᠯᠡᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ᠂ ᠨᠡᠢ᠌ᠭᠡᠮ᠎ᠤᠨ ᠪᠠᠶ᠋ᠢᠳᠠᠯ ᠠᠷᠠᠳ᠎ᠤᠨ ᠰᠠᠨᠠᠭ᠎ᠠ ᠵᠢ ᠣᠢ᠌ᠯᠠᠭ᠋ᠠᠬᠤ᠂ ᠨᠡᠢ᠌ᠭᠡᠮ᠎ᠤᠨ ᠵᠥᠷᠢᠴᠡᠯ᠎ᠢ ᠨᠠᠮᠳᠠᠭᠤᠯᠬᠤ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ᠎ᠢ ᠪᠠᠳᠠᠷᠠᠭᠤᠯᠪᠠ᠃
      2013 ᠣᠨ᠎ᠳᠤ᠂ ᠪᠦᠬᠦ ᠤᠯᠤᠰ᠎ᠤᠨ 12333 ᠬᠠᠯᠠᠮᠰᠢᠯ ᠤᠲᠠᠰᠤ ᠵᠢᠨ ᠨᠢᠭᠡᠳᠦᠯᠲᠡᠢ ᠲᠡᠮᠳᠡᠭ ᠢᠯᠡᠷᠬᠡᠢ᠌ᠯᠡᠯ᠎ᠢ ᠨᠡᠢ᠌ᠲᠡᠯᠡᠵᠦ᠂ ᠭᠠᠳᠠᠭᠰᠢ᠎ᠪᠠᠨ ᠦᠢ᠍ᠯᠡᠴᠢᠯᠡᠬᠦ ᠳᠦᠷᠢ ᠲᠥᠷᠬᠦ ᠵᠢ ᠨᠢᠭᠡᠳᠦᠯᠲᠡᠢ ᠪᠣᠯᠭ᠋ᠠᠵᠤ᠂ ᠠᠵᠢᠯ ᠳᠦᠷᠦᠯ᠎ᠤᠨ ᠣᠨᠴᠠᠯᠢᠭ᠎ᠢ ᠲᠤᠪᠤᠢ᠍ᠢ᠍ᠯᠭ᠋ᠠᠪᠠ᠃ ᠡᠭᠦᠨ᠎ᠤ ᠬᠠᠮᠲᠤ᠂ 12333 ᠬᠠᠯᠠᠮᠰᠢᠯ ᠤᠲᠠᠰᠤ ᠵᠢ ᠠᠩᠬ᠎ᠠ ᠤᠳᠠᠭ᠎ᠠ ᠲᠤᠰᠠᠭ᠋ᠠᠷ ᠲᠥᠷᠥᠯ ᠢᠯᠭ᠋ᠠᠯ ᠪᠣᠯᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ 《ᠴᠢᠨᠠᠷ ᠰᠠᠢ᠌ᠲᠠᠢ ᠦᠢ᠍ᠯᠡᠴᠢᠯᠡᠭᠡᠨ᠎ᠤ ᠴᠣᠩᠬᠣᠪᠴᠢ》 ᠵᠢ ᠰᠢᠯᠭ᠋ᠠᠷᠠᠭᠤᠯᠬᠤ ᠬᠡᠪᠴᠢᠶᠡᠨ᠎ᠳᠤ ᠣᠷᠣᠭᠤᠯᠪᠠ᠃ ᠲᠣᠰ ᠵᠢᠯ᠎ᠤᠨ ᠡᠴᠦᠰ᠎ᠲᠤ᠂ ᠲᠢᠶᠠᠨᠵᠢᠨ᠂ ᠾᠧᠪᠧᠢ᠂ ᠬᠢᠷᠢᠨ᠂ ᠶᠦᠨᠨᠠᠨ ᠵᠡᠷᠭᠡ 12333 ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ 10 ᠪᠠᠢ᠌ᠭᠤᠯᠤᠮᠵᠢ ᠬᠥᠬᠢᠭᠦᠯᠦᠭᠳᠡᠨ ᠰᠠᠢ᠌ᠰᠢᠶᠠᠭᠳᠠᠵᠤ᠂ 《ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠰᠢᠯᠢᠳᠡᠭ ᠦᠢ᠍ᠯᠡᠴᠢᠯᠡᠭᠡᠨ᠎ᠤ ᠴᠣᠩᠬᠣᠪᠴᠢ》᠎ᠪᠠᠷ ᠦᠨᠡᠯᠡᠭᠳᠡᠪᠡ᠃ ᠡᠨᠡ ᠨᠢᠭᠡ ᠵᠢᠯ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ 12333 ᠬᠠᠯᠠᠮᠰᠢᠯ ᠤᠲᠠᠰᠤ ᠵᠢ ᠮᠤᠵᠢ ᠵᠢᠨ ᠱᠠᠲᠤᠨ᠎ᠳᠤ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠪᠡ᠃
      ᠪᠥᠬᠥ ᠤᠯᠤᠰ᠎ᠤᠨ 12333 ᠬᠠᠯᠠᠮᠰᠢᠯ ᠤᠲᠠᠰᠤ ᠵᠢ ᠨᠢᠭᠡ ᠴᠣᠭᠴᠠᠵᠢᠭᠤᠯᠬᠤ ᠪᠦᠲᠦᠭᠡᠨ ᠪᠠᠢ᠌ᠭᠤᠯᠤᠯᠲᠠ ᠵᠢᠨ ᠲᠠᠰᠤᠷᠠᠯᠲᠠ ᠦᠭᠡᠢ ᠲᠡᠭᠦᠯᠳᠡᠷᠵᠢᠬᠦ ᠵᠢ ᠳᠠᠭ᠋ᠠᠯᠳᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠦᠢ᠍ᠯᠡᠴᠢᠯᠡᠭᠡᠨ᠎ᠤ ᠶᠠᠰᠤ ᠴᠢᠨᠠᠷ᠎ᠢ ᠣᠨᠢᠯᠠᠨ᠂ ᠪᠥᠬᠥ ᠤᠯᠤᠰ᠎ᠤᠨ 12333 ᠬᠠᠠᠮᠰᠢᠯ ᠤᠲᠠᠰᠤ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠡᠵᠡᠮᠳᠡᠬᠦ ᠠᠵᠢᠯ᠎ᠢ ᠥᠷᠨᠢᠭᠦᠯᠪᠡ᠃ 2015 ᠣᠨ᠎ᠤ 3 ᠰᠠᠷ᠎ᠠ᠎ᠳᠤ᠂ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠵᠢᠷᠤᠮᠵᠢᠯ》᠎ᠢ ᠳᠠᠷᠤᠮᠠᠯᠯᠠᠨ ᠲᠠᠷᠬᠠᠭ᠋ᠠᠵᠤ᠂ 《ᠦᠢ᠍ᠯᠡᠴᠢᠯᠡᠭᠡ》᠎ᠪᠠᠷ ᠭᠣᠣᠯ ᠰᠡᠳᠦᠪ ᠪᠣᠯᠭ᠋ᠠᠨ᠂ ᠪᠠᠢ᠌ᠭᠤᠯᠤᠮᠵᠢ᠂ ᠠᠵᠢᠯᠲᠠᠨ᠂ ᠦᠢ᠍ᠯᠡᠴᠢᠯᠡᠭᠡᠨ᠎ᠤ ᠠᠵᠢᠯᠯᠠᠭ᠎ᠠ᠂ ᠦᠢ᠍ᠯᠡᠴᠢᠯᠡᠭᠡᠨ᠎ᠳᠤ ᠬᠡᠷᠡᠭᠯᠡᠬᠦ ᠦᠭᠡ ᠬᠡᠯᠡ᠂ ᠠᠦ᠋ᠲ᠋ᠣ᠋ ᠦᠭᠡ ᠬᠡᠯᠡ᠂ ᠶᠠᠰᠤ ᠴᠢᠨᠠᠷ᠎ᠤᠨ ᠬᠢᠨᠠᠯᠲᠠ ᠵᠡᠷᠭᠡ ᠲᠠᠯ᠎ᠠ᠎ᠪᠠᠷ ᠵᠢᠷᠤᠮᠵᠢᠭᠤᠯᠬᠤ ᠱᠠᠭ᠋ᠠᠷᠳᠠᠯᠭ᠎ᠠ ᠵᠢ ᠳᠤᠷᠠᠳᠪᠠ᠃
      12333 ᠬᠠᠯᠠᠮᠰᠢᠯ ᠤᠲᠠᠰᠤ ᠵᠢᠨ 《ᠬᠠᠮᠢᠶᠠᠷᠤᠯᠲᠠ᠎ᠨᠢ ᠪᠠᠷᠢᠮᠵᠢᠶ᠎ᠠ᠎ᠲᠠᠢ᠂ ᠪᠥᠬᠥ ᠶᠠᠪᠤᠴᠠ᠎ᠳᠤ ᠬᠢᠨᠠᠯᠲᠠ᠎ᠲᠠᠢ᠂ ᠠᠵᠢᠯ᠎ᠳᠤ ᠦᠨᠡᠯᠡᠯᠲᠡ᠎ᠲᠠᠢ᠂ ᠬᠡᠷᠡᠭ᠎ᠤᠨ ᠳᠠᠷᠠᠭ᠎ᠠ ᠬᠢᠨᠠᠨ ᠰᠢᠯᠭ᠋ᠠᠬᠤ》 ᠦᠨᠳᠦᠰᠦᠨ ᠪᠠᠢ᠌ᠷᠢᠰᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃ ᠲᠣᠰ ᠵᠢᠯ᠎ᠤᠨ 4 ᠰᠠᠷ᠎ᠠ᠎ᠳᠤ᠂ ᠪᠥᠬᠥ ᠤᠯᠤᠰ᠎ᠤᠨ 12333 ᠬᠠᠯᠠᠮᠰᠢᠯ ᠤᠲᠠᠰᠤ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠡᠯᠰᠡᠬᠦ ᠠᠵᠢᠯᠯᠠᠭ᠎ᠠ ᠵᠢ ᠥᠷᠨᠢᠭᠦᠯᠵᠦ᠂ ᠪᠥᠬᠥ ᠤᠯᠤᠰ᠎ᠤᠨ 29 ᠮᠤᠵᠢ ᠣᠷᠣᠨ᠎ᠤ 122 ᠵᠢᠱ᠌ᠢᠶ᠎ᠡ᠎ᠨᠢ ᠰᠢᠯᠢᠳᠡᠭ ᠵᠢᠱ᠌ᠢᠶ᠎ᠡ ᠵᠢᠨ ᠡᠮᠬᠢᠳᠬᠡᠯ᠎ᠳᠤ ᠰᠣᠩᠭᠣᠭᠳᠠᠨ ᠣᠷᠣᠵᠤ᠂ ᠬᠡᠪ ᠳᠠᠭᠤᠷᠢᠶᠠᠯ ᠦᠵᠡᠭᠦᠯᠦᠨ᠂ ᠪᠥᠬᠥ ᠠᠵᠢᠯ ᠲᠥᠷᠥᠯ ᠵᠶ᠋ᠡᠷ ᠵᠶ᠋ᠡᠨ ᠰᠢᠯᠢᠳᠡᠭ ᠵᠶ᠋ᠡᠷ ᠪᠠᠷᠢᠮᠵᠢᠶ᠎ᠠ ᠪᠣᠯᠭ᠋ᠠᠨ᠂ ᠬᠠᠷᠢᠯᠴᠠᠨ ᠰᠤᠷᠤᠯᠴᠠᠬᠤ᠂ ᠰᠠᠢ᠌ᠵᠢᠷᠠᠭᠤᠯᠤᠨ ᠳᠡᠭᠡᠭᠰᠢᠯᠡᠭᠦᠯᠬᠦ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭ᠋ᠠᠪᠠ᠃ ᠡᠭᠦᠨ᠎ᠠᠴᠠ ᠭᠠᠳᠠᠨ᠎ᠠ᠂ ᠪᠥᠬᠥ ᠤᠯᠤᠰ᠎ᠤᠨ 12333 ᠬᠠᠯᠠᠮᠰᠢᠯ ᠤᠲᠠᠰᠤ ᠵᠢᠨ ᠲᠣᠭ᠎ᠠ ᠪᠠᠷᠢᠮᠲᠠ ᠵᠢ ᠵᠠᠳᠠᠯᠤᠨ ᠠᠰᠢᠭᠯᠠᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠬᠣᠷᠸ᠎ᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠦᠴᠦᠨ ᠨᠡᠮᠡᠷᠢᠯᠡᠪᠡ᠃
      ᠬᠡᠰᠡᠭ ᠭᠠᠵᠠᠷ ᠣᠷᠣᠨ᠎ᠤ ᠰᠠᠶ᠋ᠢᠨ ᠠᠷᠭ᠎ᠠ᠂ ᠰᠠᠶ᠋ᠢᠨ ᠲᠤᠷᠰᠢᠯᠭ᠎ᠠ ᠵᠢ ᠲᠡᠷᠡ ᠬᠡᠪ ᠵᠶ᠋ᠡᠷ᠎ᠨᠢ ᠳᠡᠯᠭᠡᠷᠡᠭᠦᠯᠬᠦ ᠵᠢᠨ ᠲᠥᠯᠥᠭᠡ᠂ 2016 ᠣᠨ᠎ᠤ 3 ᠰᠠᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ 《12333 ᠬᠠᠯᠠᠮᠰᠢᠯ ᠤᠲᠠᠰᠤ ᠵᠢᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠨᠢᠭᠡᠴᠢ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠤᠨ ᠬᠡᠪᠴᠢᠶᠡᠨ᠎ᠳᠤ 《12333 ᠬᠠᠯᠠᠮᠰᠢᠯ ᠤᠲᠠᠰᠤ ᠵᠢᠨ ᠵᠢᠱ᠌ᠢᠶ᠎ᠡ ᠦᠵᠡᠭᠦᠯᠬᠦ ᠨᠢᠭᠡᠴᠢ ᠵᠢᠨ ᠪᠦᠲᠦᠭᠡᠨ ᠪᠠᠢ᠌ᠭᠤᠯᠤᠯᠲᠠ》 ᠵᠢ ᠥᠷᠨᠢᠭᠦᠯᠵᠦ᠂ ᠨᠢᠭᠡ ᠪᠦᠯᠦᠭ ᠪᠠᠢ᠌ᠭᠤᠯᠤᠮᠵᠢ ᠪᠦᠷᠢᠨ᠂ ᠠᠵᠢᠯᠲᠠᠨ ᠪᠦᠷᠢᠨ᠂ ᠲᠠᠯᠠᠪᠤᠷ ᠭᠠᠵᠠᠷ ᠵᠦᠢ ᠵᠣᠬᠢᠰᠲᠠᠢ᠂ ᠠᠷᠭ᠎ᠠ ᠵᠠᠮ ᠤᠯᠠᠨ ᠶᠠᠩᠵᠤ ᠵᠢᠨ᠂ ᠳᠦᠷᠢᠮ ᠪᠦᠷᠢᠨ᠂ ᠦᠢ᠍ᠯᠡᠴᠢᠯᠡᠭᠡ ᠵᠢᠷᠤᠮᠵᠢᠭᠰᠠᠨ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠨᠢᠭᠡᠴᠢ ᠵᠢ ᠡᠭᠦᠳᠦᠨ ᠪᠠᠢ᠌ᠭᠤᠯᠵᠤ᠂ ᠴᠡᠭ ᠵᠶ᠋ᠡᠷ ᠨᠡᠢ᠌ᠳᠡᠮ᠎ᠢ ᠳᠠᠶ᠋ᠢᠴᠢᠯᠠᠨ 12333 ᠬᠠᠯᠠᠮᠰᠢᠯ ᠤᠲᠠᠰᠤ ᠵᠢᠨ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠪᠠ᠃ ᠡᠨᠡ ᠨᠢᠭᠡ ᠵᠢᠯ᠎ᠳᠤ᠂ 12333 ᠬᠠᠯᠠᠮᠰᠢᠯ ᠤᠲᠠᠰᠤ᠎ᠨᠢ ᠪᠦᠬᠦ ᠤᠯᠤᠰ᠎ᠲᠤ ᠲᠤᠰᠬᠠᠢ ᠣᠷᠣᠨ᠎ᠤ ᠲᠡᠰ᠎ᠤᠨ ᠬᠤᠳᠠ᠎ᠳᠤ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠭᠰᠡᠨ ᠵᠶ᠋ᠡᠷ ᠪᠠᠷᠠᠬᠤ ᠦᠭᠡᠢ᠂ ᠪᠦᠬᠦ ᠵᠢᠯ᠎ᠤᠨ ᠤᠲᠠᠰᠤ ᠢᠷᠡᠭᠦᠯᠦᠭᠰᠡᠨ ᠶᠡᠷᠦᠩᠬᠡᠢ ᠬᠡᠮᠵᠢᠶ᠎ᠡ ᠴᠦ᠍ 1 ᠳ᠋ᠦᠩᠰᠢᠭᠤᠷ ᠬᠥᠮᠥᠨ ᠤᠳᠠᠭ᠎ᠠ ᠵᠢ ᠳᠠᠪᠠᠭᠰᠠᠨ ᠪᠠᠢ᠌ᠨ᠎ᠠ᠃
      ᠡᠭᠦᠳᠦᠨ ᠪᠠᠢ᠌ᠭᠤᠯᠬᠤ ᠠᠵᠢᠯ᠎ᠢ ᠭᠦᠨᠵᠡᠭᠡᠢ ᠠᠬᠢᠭᠤᠯᠪᠠ᠃ 2017 ᠣᠨ᠎ᠳᠤ᠂ ᠪᠥᠬᠥ ᠤᠯᠤᠰ᠎ᠤᠨ 12333 ᠬᠠᠯᠠᠮᠰᠢᠯ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ 29 ᠪᠠᠢ᠌ᠭᠤᠯᠤᠮᠵᠢ ᠵᠢ ᠵᠢᠱ᠌ᠢᠶ᠎ᠡ ᠦᠵᠡᠭᠦᠯᠬᠦ ᠨᠢᠭᠡᠴᠢ᠎ᠪᠠᠷ ᠲᠣᠭᠲᠠᠭ᠋ᠠᠵᠤ᠂ 《12333 ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡ》᠎ᠨᠢ ᠴᠦ᠍ ᠤᠯᠤᠰ᠎ᠤᠨ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠤᠯᠠᠨ ᠨᠠᠢ᠌ᠳᠠ ᠵᠢᠨ ᠦᠨᠳᠦᠰᠦᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ ᠵᠢ ᠠᠬᠢᠭᠤᠯᠬᠤ ᠲᠥᠯᠦᠪᠵᠢᠭᠦᠯᠭᠡ᠎ᠳᠤ ᠣᠷᠣᠭᠰᠠᠨ ᠪᠠᠢ᠌ᠨ᠎ᠠ᠃ ᠦᠢ᠍ᠯᠡᠴᠢᠯᠡᠭᠡᠨ᠎ᠤ ᠠᠷᠭ᠎ᠠ ᠵᠠᠮ᠎ᠤᠨ ᠲᠠᠯ᠎ᠠ᠎ᠪᠠᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠰᠦᠯᠵᠢᠶ᠎ᠡ᠂ ᠰᠢᠯᠵᠢᠭᠡ ᠬᠡᠷᠡᠭᠯᠡᠭᠡᠨ (ᠠᠯᠠᠭ᠋ᠠᠨ ᠳᠡᠭᠡᠷᠡᠬᠢ 12333)᠂ ᠴᠠᠬᠢᠮ ᠮᠡᠳᠡᠭᠡ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠥᠷᠭᠡᠳᠬᠡᠵᠦ᠂ ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡ ᠵᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠰᠠᠶ᠋ᠢᠲᠤᠷ ᠬᠢᠪᠡ᠃
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ 《ᠶᠡᠷᠦᠩᠬᠡᠢ ᠦᠢ᠍ᠯᠡᠴᠢᠯᠡᠭᠴᠢ》
      ᠠᠷᠠᠳ᠎ᠤᠨ ᠠᠮᠢᠳᠤᠷᠠᠯ᠎ᠤᠨ ᠵᠢᠵᠢᠭ ᠰᠠᠵᠢᠭ ᠶᠠᠪᠤᠳᠠᠯ ᠨᠢᠭᠡᠪᠦᠷᠢ ᠵᠢ ᠬᠠᠯᠠᠮᠵᠢᠯᠠᠨ ᠠᠩᠬᠠᠷᠤᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠤᠬᠠᠢ᠌ᠯᠠᠭᠰᠠᠨ ᠠᠵᠢᠯ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂ 12333 ᠬᠠᠯᠠᠮᠰᠢᠯ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠨᠢ ᠠᠷᠠᠳ᠎ᠤᠨ ᠠᠮᠢᠳᠤᠷᠠᠯ᠎ᠤᠨ ᠬᠡᠷᠡᠭᠴᠡᠭᠡ᠂ ᠮᠡᠷᠭᠡᠵᠢᠯ᠎ᠤᠨ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ᠂ ᠪᠦᠬᠦ ᠲᠠᠯ᠎ᠠ᠎ᠪᠠᠷ ᠬᠥᠭᠵᠢᠬᠦ ᠰᠢᠨ᠎ᠡ ᠱᠠᠲᠤᠨ᠎ᠳᠤ ᠣᠷᠣᠭᠰᠠᠨ ᠪᠠᠢ᠌ᠨ᠎ᠠ᠃
      2018 ᠣᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ ᠪᠣᠯᠣᠨ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠬᠠᠮᠲᠤᠷᠠᠨ 《12333 ᠬᠠᠯᠠᠮᠰᠢᠯ ᠤᠲᠠᠰᠤ ᠵᠢᠨ ᠬᠥᠭᠵᠢᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ ᠵᠢᠨ ᠠᠷᠠᠳ᠎ᠲᠤ ᠳᠥᠭᠥᠮ ᠦᠵᠡᠭᠦᠯᠬᠦ ᠪᠣᠯᠭ᠋ᠠᠨ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ 12333 ᠬᠠᠯᠠᠮᠰᠢᠯ ᠤᠲᠠᠰᠤ ᠵᠢᠨ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠬᠤᠷᠠᠮᠠᠯ᠎ᠤᠨ ᠬᠡᠮᠵᠢᠶ᠎ᠡ᠎ᠪᠠᠷ ᠥᠨᠳᠥᠷ᠂ ᠠᠰᠠᠭᠤᠨ ᠯᠠᠪᠯᠠᠬᠤ ᠦᠢ᠍ᠯᠡᠴᠢᠯᠡᠭᠡᠨ᠎ᠤ ᠬᠡᠮᠵᠢᠶ᠎ᠡ᠎ᠪᠠᠷ ᠶᠡᠬᠡ ᠪᠠᠶ᠋ᠢᠬᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠬᠦ᠂ ᠲᠤᠰᠬᠠᠢ ᠮᠡᠷᠭᠡᠵᠢᠯ᠎ᠤᠨ ᠵᠢᠷᠤᠮᠵᠢᠭᠰᠠᠨ᠂ ᠥᠨᠳᠥᠷ ᠦᠷ᠎ᠡ ᠪᠦᠲᠦᠮᠵᠢᠲᠡᠢ ᠴᠢᠨᠠᠷ ᠰᠠᠢ᠌ᠲᠠᠢ ᠤᠲᠠᠰᠤ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠥᠬᠥ ᠬᠦᠴᠦᠨ ᠵᠶ᠋ᠡᠷ ᠵᠶ᠋ᠡᠨ ᠪᠠᠢ᠌ᠭᠤᠯᠵᠤ᠂ 12333 ᠬᠠᠯᠠᠮᠰᠢᠯ ᠤᠲᠠᠰᠤ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠶᠠᠮᠤᠨ᠎ᠤ ᠲᠠᠰ᠎ᠤᠨ 12333 ᠬᠠᠯᠠᠮᠰᠢᠯ ᠤᠲᠠᠰᠤ ᠵᠢᠨ ᠦᠢ᠍ᠯᠡᠴᠢᠯᠡᠭᠡ ᠨᠡᠪᠲᠡᠷᠡᠵᠦ᠂ ᠲᠥᠪ᠎ᠤᠨ ᠲᠥᠷᠥ ᠵᠢᠨ ᠪᠠᠢ᠌ᠭᠤᠯᠭ᠎ᠠ ᠪᠠ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠲᠤᠬᠠᠢ᠌ᠯᠠᠭᠰᠠᠨ ᠠᠵᠢᠯ᠎ᠤᠨ ᠠᠰᠠᠭᠤᠨ ᠯᠠᠪᠯᠠᠭ᠎ᠠ ᠵᠢᠴᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠲᠥᠷᠥᠯ᠎ᠤᠨ ᠰᠤᠷᠲᠠᠯ᠎ᠳᠤ ᠬᠢᠨᠠᠯᠲᠠ ᠲᠠᠯᠪᠢᠬᠤ ᠬᠣᠶᠠᠷ ᠵᠦᠢ᠍ᠯ᠎ᠤᠨ ᠠᠵᠢᠯ᠎ᠢ ᠡᠭᠦᠷᠭᠡᠯᠡᠪᠡ᠃ 2019 ᠣᠨ᠎ᠳᠤ᠂ ᠪᠥᠬᠥ ᠤᠯᠤᠰ᠎ᠤᠨ 12333 ᠬᠠᠯᠠᠮᠰᠢᠯ ᠤᠲᠠᠰᠤ ᠵᠢᠨ 14 ᠪᠠᠢ᠌ᠭᠤᠯᠤᠮᠵᠢ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ 2017 — 2019 ᠣᠨ᠎ᠤ ᠰᠢᠯᠢᠳᠡᠭ ᠦᠢ᠍ᠯᠡᠴᠢᠯᠡᠭᠡᠨ᠎ᠤ ᠴᠣᠩᠬᠣᠪᠴᠢ ᠨᠢᠭᠡᠴᠢ᠎ᠪᠠᠷ ᠰᠣᠩᠭᠣᠭᠳᠠᠵᠤ᠂ 《ᠠᠯᠠᠭ᠋ᠠᠨ ᠳᠡᠭᠡᠷᠡᠬᠢ 12333》 ᠰᠢᠯᠵᠢᠭᠡ ᠬᠡᠷᠡᠭᠯᠡᠭᠡᠨ᠎ᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠪᠠ᠃
      2020 ᠣᠨ᠎ᠤ ᠡᠬᠢᠨ᠎ᠳᠤ ᠭᠡᠨᠡᠳᠲᠡ ᠡᠭᠦᠰᠦᠭᠰᠡᠨ ᠬᠢᠵᠢᠭ᠎ᠤᠨ ᠪᠠᠶ᠋ᠢᠳᠠᠯ᠎ᠤᠨ ᠡᠮᠦᠨ᠎ᠡ᠂ 《12333 ᠬᠠᠯᠠᠮᠰᠢᠯ ᠤᠲᠠᠰᠤ ᠵᠢᠨ ᠦᠢ᠍ᠯᠡᠴᠢᠯᠡᠭᠡ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠪᠠ ᠠᠵᠢᠯ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠳᠤ ᠬᠦᠴᠦ ᠨᠡᠮᠡᠷᠢᠯᠡᠬᠦ ᠲᠤᠬᠠᠢ ᠮᠡᠳᠡᠭᠳᠡᠯ》 《12333 ᠵᠢᠨ ᠠᠯᠤᠰ ᠡᠵᠡᠮᠰᠢᠯ᠎ᠤᠨ ᠦᠢ᠍ᠯᠡᠴᠢᠯᠡᠭᠡᠨ᠎ᠤ ᠠᠵᠢᠯ᠎ᠢ ᠰᠦᠪᠡᠭᠴᠢᠯᠡᠨ ᠥᠷᠨᠢᠭᠦᠯᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠲᠡᠳᠡᠨ᠎ᠤ ᠠᠷᠠᠳ ᠤᠯᠠᠨ᠎ᠤ ᠠᠰᠠᠭᠤᠭᠰᠠᠨ ᠠᠰᠠᠭᠤᠯᠲᠠ᠎ᠳᠤ ᠬᠠᠷᠢᠭᠤᠯᠲᠠ ᠥᠭᠬᠦ ᠳᠤᠮᠳᠠ ᠤᠭ ᠰᠠᠨᠠᠭ᠎ᠠ᠎ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ 《ᠬᠦᠰᠡᠯ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠴᠤᠤᠷᠢᠶᠠᠲᠤᠨ ᠲᠠᠭ᠋ᠠᠬᠤ》 ᠤᠯᠤᠰ ᠲᠥᠷᠥ ᠵᠢᠨ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠪᠡ᠃
      ᠡᠯ᠎ᠡ ᠭᠠᠵᠠᠷ᠎ᠤᠨ 12333 ᠬᠠᠯᠠᠮᠰᠢᠯ ᠤᠲᠠᠰᠤ ᠵᠢᠨ ᠦᠢ᠍ᠯᠡᠴᠢᠯᠡᠭᠡ᠎ᠨᠢ ᠭᠡᠷ᠎ᠲᠡᠭᠡᠨ ᠰᠠᠭᠤᠵᠤ ᠠᠯᠤᠰ ᠵᠠᠢ᠎ᠠᠴᠠ ᠦᠢ᠍ᠯᠡᠴᠢᠯᠡᠬᠦ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ 300 ᠰᠢᠬᠠᠮ ᠮᠤᠵᠢ ᠬᠣᠲᠠ ᠵᠢᠨ ᠬᠥᠮᠥᠨ᠎ᠤ ᠬᠦᠴᠦᠨ᠎ᠤ ᠤᠲᠠᠰᠤ ᠵᠢᠨ ᠦᠢ᠍ᠯᠡᠴᠢᠯᠡᠭᠡ ᠲᠠᠰᠤᠯᠳᠠᠭᠰᠠᠨ ᠦᠭᠡᠢ᠂ 12333 ᠬᠠᠯᠠᠮᠰᠢᠯ ᠤᠲᠠᠰᠤ ᠵᠢᠨ 《ᠣᠨᠴᠠᠭ᠋ᠠᠢ ᠴᠠᠭ ᠦᠶ᠎ᠡ》 ᠵᠢᠨ 《ᠣᠨᠴᠠᠭ᠋ᠠᠢ ᠡᠭᠦᠷᠭᠡᠯᠡᠯ》᠎ᠢ ᠢᠯᠡᠷᠡᠭᠦᠯᠦᠭᠰᠡᠨ ᠪᠠᠢ᠌ᠨ᠎ᠠ᠃ ᠬᠢᠵᠢᠭ᠎ᠤᠨ ᠪᠠᠶ᠋ᠢᠳᠠᠯ ᠵᠶ᠋ᠠᠷ ᠬᠠᠮᠤᠭ᠎ᠤᠨ ᠬᠦᠨᠳᠦ ᠨᠣᠴᠢᠲᠠᠢ ᠬᠤᠪᠧᠢ ᠵᠢᠨ ᠦᠬᠠᠨ᠎ᠳᠤ᠂ 12333 ᠬᠠᠯᠠᠮᠰᠢᠯ ᠤᠲᠠᠰᠤ ᠵᠢᠨ ᠵᠥᠪᠯᠡᠯᠭᠡ ᠥᠭᠬᠦ ᠠᠵᠢᠯᠲᠠᠨ ᠳᠠᠪᠬᠤᠷ ᠳᠠᠪᠬᠤᠷ ᠬᠦᠴᠢᠷ ᠪᠡᠷᠬᠡᠰᠢᠶᠡᠯ᠎ᠢ ᠢᠯᠠᠨ ᠳᠠᠪᠠᠵᠤ ᠡᠭᠡᠯᠵᠢᠯᠡᠨ ᠠᠵᠢᠯ᠎ᠤᠨ ᠪᠠᠶ᠋ᠢᠷᠢ᠎ᠪᠠᠨ ᠰᠠᠬᠢᠵᠤ᠂ 《7 × 8 ᠴᠠᠭ》᠎ᠤᠨ ᠬᠥᠮᠥᠨ᠎ᠤ ᠬᠦᠴᠦᠨ᠎ᠤ ᠤᠲᠠᠰᠤ ᠵᠢᠨ ᠦᠢ᠍ᠯᠡᠴᠢᠯᠡᠭᠡ ᠵᠢ ᠲᠠᠰᠤᠯᠳᠠᠭᠤᠯᠤᠯ ᠦᠭᠡᠢ ᠪᠠᠷᠢᠮᠲᠠᠯᠠᠵᠤ᠂ 《ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ》᠎ᠪᠠᠷ ᠦᠨᠡᠯᠡᠭᠳᠡᠪᠡ᠃
      ᠬᠡᠷᠡᠭᠯᠡᠬᠦ ᠬᠡᠪᠴᠢᠶ᠎ᠡ ᠤᠯᠠᠮ᠎ᠠᠴᠠ ᠤᠯᠠᠮ ᠥᠷᠭᠡᠳᠴᠦ᠂ ᠬᠡᠷᠡᠭᠯᠡᠬᠦ ᠬᠥᠮᠥᠰ ᠤᠯᠠᠮ᠎ᠠᠴᠠ ᠤᠯᠠᠮ ᠣᠯᠠᠰᠢᠷᠠᠵᠤ᠂ ᠰᠢᠰᠲ᠋ᠧᠮ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠱᠠᠭ᠋ᠠᠷᠳᠠᠯᠭ᠎ᠠ ᠴᠤ᠌ ᠤᠯᠠᠮ᠎ᠠᠴᠠ ᠤᠯᠠᠮ ᠥᠨᠳᠥᠷ ᠪᠣᠯᠪᠠ᠃ 2020 ᠣᠨ᠎ᠳᠤ᠂ 《ᠬᠡᠰᠡᠭ ᠭᠠᠵᠠᠷ ᠣᠷᠣᠨ᠎ᠤ 12333 ᠬᠠᠯᠠᠮᠰᠢᠯ ᠤᠲᠠᠰᠤ ᠵᠢᠨ ᠦᠢ᠍ᠯᠡᠴᠢᠯᠡᠭᠡᠨ᠎ᠤ ᠬᠡᠯᠪᠡᠷᠢ ᠵᠢᠨ ᠰᠢᠨ᠎ᠡ ᠵᠢ ᠡᠭᠦᠳᠦᠭᠰᠡᠨ ᠲᠤᠷᠰᠢᠯᠭ᠎ᠠ ᠠᠷᠭ᠎ᠠ ᠬᠢᠳᠡᠯ᠎ᠢ ᠳᠡᠯᠭᠡᠷᠡᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠰᠢᠰᠲ᠋ᠧᠮ᠎ᠤᠨ ᠠᠵᠢᠯ᠎ᠢ ᠠᠬᠢᠭᠤᠯᠬᠤ ᠲᠠᠯ᠎ᠠ᠎ᠪᠠᠷ ᠰᠢᠨ᠎ᠡ ᠳᠡᠭᠲᠡᠷ᠎ᠲᠤ ᠭᠠᠷᠪᠠ᠃ ᠡᠭᠦᠨ᠎ᠤ ᠬᠠᠮᠲᠤ᠂ ᠶᠠᠮᠤᠨ᠎ᠤ ᠲᠠᠰ᠎ᠤᠨ 12333 ᠤᠲᠠᠰᠤ᠎ᠪᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠲᠥᠪ᠎ᠢ ᠪᠠᠢ᠌ᠭᠤᠯᠤᠭᠰᠠᠨ᠎ᠤ ᠳᠠᠷᠠᠭ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠪᠠᠰᠠ ᠪᠥᠬᠥ ᠤᠯᠤᠰ᠎ᠤᠨ 12333 ᠬᠠᠯᠠᠮᠰᠢᠯ ᠤᠲᠠᠰᠤ ᠵᠢᠨ ᠰᠦᠯᠵᠢᠶᠡᠵᠢᠭᠦᠯᠦᠭᠰᠡᠨ ᠶᠠᠮᠤᠨ᠎ᠤ ᠲᠠᠰ᠎ᠤᠨ ᠭᠣᠣᠯ ᠪᠣᠯᠬᠤ ᠵᠠᠩᠭᠢᠯᠠᠭ᠎ᠠ ᠵᠢᠨ ᠴᠡᠭ᠎ᠢ ᠪᠠᠢ᠌ᠭᠤᠯᠵᠤ᠂ ᠱᠠᠨᠳᠦ᠋ᠩ᠎ᠤᠨ 12333 ᠬᠠᠯᠠᠮᠰᠢᠯ ᠤᠲᠠᠰᠤ ᠵᠢ ᠡᠩ ᠲᠡᠷᠢᠭᠦᠨ᠎ᠳᠤ ᠵᠠᠯᠭ᠋ᠠᠵᠤ ᠣᠷᠣᠭᠤᠯᠤᠭᠰᠠᠨ ᠪᠠᠢ᠌ᠨ᠎ᠠ᠃ 2023 ᠣᠨ᠎ᠳᠤ᠂ 《12333 ᠬᠠᠯᠠᠮᠰᠢᠯ ᠤᠲᠠᠰᠤ ᠵᠢᠨ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠵᠢᠨ ᠢᠯᠡᠴᠢᠯᠡᠨ ᠮᠡᠳᠡᠭᠦᠯᠵᠦ ᠳᠠᠩᠰᠠᠯᠠᠭᠤᠯᠬᠤ ᠦᠢ᠍ᠯᠡᠴᠢᠯᠡᠭᠡ ᠵᠢ ᠴᠢᠨᠠᠭᠰᠢᠳᠠ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠤᠯᠠᠮ ᠨᠢᠭᠡ ᠠᠯᠬᠤᠮ ᠥᠷᠭᠡᠳᠬᠡᠨ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠪᠡ᠃
      ᠬᠥᠭᠵᠢᠯᠲᠡ ᠵᠢᠨ ᠲᠡᠦᠬᠡᠨ ᠶᠠᠪᠤᠴᠠ ᠵᠢ ᠡᠷᠭᠢᠴᠡᠭᠦᠯᠵᠦ ᠦᠵᠡᠪᠡᠯ᠂ 12333 ᠬᠠᠯᠠᠰᠮᠢᠯ ᠤᠲᠠᠰᠤ᠎ᠨᠢ ᠤᠲᠠᠰᠤ᠎ᠪᠠᠷ ᠦᠢ᠍ᠯᠡᠴᠢᠯᠡᠬᠦ ᠰᠠᠭᠤᠷᠢᠨ ᠳᠡᠭᠡᠷ᠎ᠡ᠂ ᠰᠦᠯᠵᠢᠶ᠎ᠡ᠂ ᠭᠠᠷ ᠤᠲᠠᠰᠤᠨ᠎ᠤ App᠂ ᠣᠶᠤᠨᠴᠢ ᠬᠡᠷᠡᠭᠯᠡᠭᠴᠢᠳ᠎ᠤᠨ ᠦᠢ᠍ᠯᠡᠴᠢᠯᠡᠭᠡ ᠵᠡᠷᠭᠡ ᠦᠢ᠍ᠯᠡᠴᠢᠯᠡᠭᠡᠨ᠎ᠤ ᠬᠡᠯᠪᠡᠷᠢ ᠵᠢ ᠪᠠᠶᠠᠯᠢᠭᠵᠢᠭᠤᠯᠵᠤ᠂ ᠦᠢ᠍ᠯᠡᠴᠢᠯᠡᠭᠡᠨ᠎ᠤ ᠴᠢᠳᠠᠪᠤᠷᠢ᠎ᠪᠠᠨ ᠢᠳᠡᠪᠬᠢᠲᠡᠢ᠎ᠪᠠᠷ ᠥᠷᠭᠡᠳᠬᠡᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠠᠯᠠᠭ᠋ᠠᠨ ᠳᠡᠭᠡᠷᠡᠬᠢ 12333 ᠰᠢᠯᠵᠢᠭᠡ ᠬᠡᠷᠡᠭᠯᠡᠭᠡᠨ᠂ ᠠᠦ᠋ᠲ᠋ᠣ᠋ ᠨᠢᠭᠡ ᠴᠣᠭᠴᠠᠲᠤ ᠮᠠᠰᠢᠨ᠂ 12333 ᠴᠠᠬᠢᠮ ᠮᠡᠳᠡᠭᠡᠨ᠎ᠤ ᠲᠠᠪᠴᠠᠩ ᠪᠠ 12333 ᠸᠢᠴᠠᠲ ᠦᠢ᠍ᠯᠡᠴᠢᠯᠡᠭᠡ ᠵᠡᠷᠭᠡ ᠠᠯᠢ ᠤᠯᠠᠨ ᠦᠢ᠍ᠯᠡᠴᠢᠯᠡᠭᠡᠨ᠎ᠤ ᠠᠷᠭ᠎ᠠ ᠵᠠᠮ᠎ᠢ ᠴᠢᠷᠮᠠᠢ᠌ᠨ ᠪᠠᠢ᠌ᠭᠤᠯᠵᠤ᠂ ᠤᠯᠠᠨ ᠡᠰᠢᠵᠢᠭᠰᠡᠨ᠂ ᠣᠶᠤᠨᠴᠢᠯᠠᠭᠰᠠᠨ᠂ ᠨᠢᠭᠡ ᠴᠣᠭᠴᠠᠵᠢᠭᠰᠠᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠥᠬᠥ ᠬᠦᠴᠦᠨ ᠵᠶ᠋ᠡᠷ ᠵᠶ᠋ᠡᠨ ᠪᠦᠷᠢᠯᠳᠦᠭᠦᠯᠵᠦ᠂ ᠨᠡᠢ᠌ᠭᠡᠮ ᠨᠠᠢ᠌ᠳᠠ᠎ᠳᠤ ᠥᠨᠳᠥᠷ ᠪᠦᠲᠦᠮᠵᠢᠲᠡᠢ᠂ ᠳᠥᠭᠥᠮ ᠲᠦᠷᠭᠡᠨ᠂ ᠴᠢᠨᠠᠷ ᠰᠠᠢ᠌ᠲᠠᠢ ᠤᠯᠠᠨ ᠨᠠᠢ᠌ᠳᠠ ᠵᠢᠨ ᠦᠢ᠍ᠯᠡᠴᠢᠯᠡᠭᠡ ᠬᠠᠩᠭ᠋ᠠᠵᠤ᠂ ᠠᠰᠠᠭᠤᠨ ᠯᠠᠪᠯᠠᠵᠤ ᠬᠡᠷᠡᠭ ᠶᠠᠪᠤᠳᠠᠯ ᠭᠦᠢ᠍ᠴᠡᠳᠬᠡᠬᠦ ᠵᠢᠨ 《ᠡᠴᠦᠰ᠎ᠤᠨ ᠨᠢᠭᠡ ᠺᠢᠯᠣᠮᠧᠲᠷ》᠎ᠢ ᠰᠠᠭ᠋ᠠᠳ ᠦᠭᠡᠢ ᠨᠡᠪᠲᠡᠷᠡᠭᠦᠯᠪᠡ᠃
      ᠣᠳᠣᠬᠠᠨ᠎ᠳᠤ᠂ 12333 ᠬᠠᠯᠠᠮᠰᠢᠯ ᠤᠲᠠᠰᠤ ᠤᠯᠠᠨ ᠲᠦᠮᠡᠨ᠎ᠤ ᠤᠯᠠᠨ ᠶᠠᠩᠵᠤ ᠵᠢᠨ᠂ ᠥᠪᠡᠷᠮᠢᠴᠡ ᠬᠡᠷᠡᠭᠴᠡᠭᠡ ᠵᠢ ᠬᠠᠩᠭ᠋ᠠᠬᠤ ᠵᠢ ᠨᠡᠩ ᠴᠢᠬᠤᠯᠠᠴᠢᠯᠠᠵᠤ᠂ ᠪᠦᠬᠦᠯᠢ ᠡᠳᠦᠷ᠎ᠤᠨ ᠣᠶᠤᠨᠴᠢ ᠬᠡᠷᠡᠭᠯᠡᠭᠴᠢᠳ᠎ᠤᠨ ᠦᠢ᠍ᠯᠡᠴᠢᠯᠡᠭᠡ ᠵᠢ ᠨᠠᠪᠲᠠᠷᠡᠭᠦᠯᠵᠦ᠂ ᠨᠠᠰᠤᠲᠠᠢ᠌ᠴᠤᠳ᠎ᠲᠤ ᠦᠢ᠍ᠯᠡᠴᠢᠯᠡᠬᠦ ᠲᠤᠰᠬᠠᠢ ᠰᠠᠭᠤᠳᠠᠯ ᠭᠠᠷᠭ᠋ᠠᠪᠠ; ᠲᠣᠮᠣ ᠳ᠋ᠠᠢ᠌ᠲ᠋ᠠ ᠵᠢᠨ ᠮᠡᠷᠭᠡᠵᠢᠯ᠎ᠢ ᠠᠰᠢᠭᠯᠠᠨ ᠣᠨᠴᠠ ᠲᠣᠭᠲᠠᠭᠰᠠᠨ ᠬᠥᠮᠥᠰ᠎ᠢ ᠰᠣᠩᠭᠣᠵᠤ᠂ ᠣᠶᠤᠨᠴᠢ ᠳᠠᠭᠤᠳᠠᠬᠤ᠂ ᠴᠠᠬᠢᠮ ᠮᠡᠳᠡᠭᠡ ᠶᠠᠪᠤᠭᠤᠯᠬᠤ ᠵᠡᠷᠭᠡ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠳᠡᠵᠦ᠂ ᠰᠢᠢ᠍ᠳᠪᠦᠷᠢᠯᠡᠬᠦ ᠵᠦᠢ᠍ᠯᠡᠰ᠎ᠢ ᠰᠠᠨᠠᠭᠤᠯᠤᠨ᠂ 《ᠠᠷᠠᠳ ᠤᠯᠠᠨ ᠬᠦᠰᠡᠯ ᠱᠠᠭ᠋ᠠᠷᠳᠠᠯᠭ᠎ᠠ᠎ᠲᠠᠢ ᠪᠣᠯ ᠪᠢᠳᠡ ᠬᠠᠷᠢᠭᠤ ᠥᠭᠬᠦ》 ᠵᠢ ᠦᠨᠡᠨ ᠬᠦ᠌ ᠪᠡᠶᠡᠯᠡᠭᠦᠯᠵᠦ᠂ 12333 ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠨᠠᠩ ᠨᠡᠷ᠎ᠡ ᠠᠯᠳᠠᠷᠰᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠶᠡᠷᠦᠩᠬᠡᠢ ᠦᠢ᠍ᠯᠡᠴᠢᠯᠡᠭᠴᠢ》 ᠪᠣᠯᠪᠠ᠃
      ᠰᠢᠨ᠎ᠡ ᠭᠠᠷᠤᠭ᠎ᠠ᠎ᠳᠤ ᠰᠠᠭᠤᠷᠢᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠪᠡ᠃ ᠳᠠᠷᠠᠭ᠋ᠠᠴᠢ ᠵᠢᠨ ᠠᠯᠬᠤᠮ᠎ᠳᠤ 12333 ᠬᠠᠯᠠᠮᠰᠢᠯ ᠤᠲᠠᠰᠤ᠎ᠨᠢ 《ᠠᠷᠠᠳ᠎ᠤᠨ ᠰᠠᠨᠠᠭ᠎ᠠ ᠵᠢ ᠰᠣᠨᠣᠰᠴᠤ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ》 ᠦᠢ᠍ᠯᠡᠴᠢᠯᠡᠭᠡᠨ᠎ᠤ ᠣᠢ᠌ᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠣᠶᠤᠨᠴᠢᠯᠠᠭᠰᠠᠨ᠂ ᠨᠠᠷᠢᠯᠢᠭ ᠣᠨᠣᠴᠠᠲᠠᠢ ᠦᠢ᠍ᠯᠡᠴᠢᠯᠡᠭᠡ ᠬᠠᠩᠭ᠋ᠠᠬᠤ ᠲᠠᠯ᠎ᠠ᠎ᠪᠠᠷ ᠬᠦᠴᠦᠯᠡᠨ ᠤᠷᠤᠭᠰᠢᠯᠠᠵᠤ᠂ ᠲᠣᠭ᠋ᠠᠴᠢᠯᠠᠭᠰᠠᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠪᠠ ᠲᠣᠮᠣ ᠳ᠋ᠠᠢ᠌ᠲ᠋ᠠ᠎ᠪᠠᠷ 12333 ᠬᠠᠯᠠᠮᠰᠢᠯ ᠤᠲᠠᠰᠤ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ᠂ ᠲᠤᠬᠠᠢ᠌ᠯᠠᠭᠰᠠᠨ ᠠᠵᠢᠯ᠎ᠤᠨ ᠰᠢᠨ᠎ᠡ ᠵᠢ ᠡᠭᠦᠳᠬᠦ ᠪᠠ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠵᠢ ᠠᠬᠢᠭᠤᠯᠵᠤ᠂ ᠦᠷᠭᠦᠯᠵᠢᠯᠡᠨ ᠠᠷᠠᠳ ᠲᠦᠮᠡᠨ᠎ᠤ 《ᠰᠡᠳᠬᠢᠯ᠎ᠢ ᠮᠡᠳᠡᠭᠴᠢ ᠬᠥᠮᠥᠨ》 ᠪᠣᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠪᠤᠷᠢᠯᠠᠭᠴᠢ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠤᠭᠴᠢ᠂ ᠤᠯᠠᠨ ᠲᠦᠮᠡᠨ᠎ᠤ ᠠᠵᠢᠯ ᠶᠠᠪᠤᠳᠠᠯ ᠰᠢᠢ᠍ᠳᠪᠦᠷᠢᠯᠡᠬᠦ ᠵᠢ ᠳᠠᠭ᠋ᠠᠭᠤᠯᠤᠭᠴᠢ ᠪᠣᠯᠬᠤ᠎ᠪᠠᠷ ᠴᠢᠷᠮᠠᠢ᠌ᠵᠤ᠂ ᠤᠯᠠᠨ ᠲᠦᠮᠡᠨ᠎ᠲᠠᠢ ᠬᠠᠷᠢᠯᠴᠠᠬᠤ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠯᠠᠨ ᠲᠦᠮᠡᠨ᠎ᠢ ᠭᠡᠷ᠎ᠠᠴᠠ᠎ᠪᠠᠨ ᠭᠠᠷᠬᠤ ᠦᠭᠡᠢ᠎ᠪᠠᠷ ᠲᠥᠷᠥ ᠵᠢᠨ ᠪᠣᠳᠣᠯᠭ᠎ᠠ ᠵᠢ ᠠᠰᠠᠭᠤᠨ ᠯᠠᠪᠯᠠᠵᠤ᠂ ᠲᠤᠬᠠᠢ᠌ᠯᠠᠭᠰᠠᠨ ᠠᠵᠢᠯ ᠭᠦᠢ᠍ᠴᠡᠳᠬᠡᠵᠦ ᠴᠢᠳᠠᠬᠤ ᠪᠣᠯᠭ᠋ᠠᠵᠤ᠂ ᠴᠢᠨᠠᠷ ᠰᠠᠢ᠌ᠲᠠᠢ᠂ ᠥᠨᠳᠥᠷ ᠪᠦᠲᠦᠮᠵᠢᠲᠡᠢ᠂ ᠳᠥᠭᠥᠮ ᠲᠦᠷᠭᠡᠨ ᠦᠢ᠍ᠯᠡᠴᠢᠯᠡᠭᠡ᠎ᠪᠠᠷ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ ᠪᠠ ᠵᠢᠷᠭ᠋ᠠᠯᠲᠤ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠨ᠎ᠡ᠃ (ᠶᠠᠩ ᠴᠢᠨ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠮᠤᠵᠢ ᠠᠯᠤᠰᠯᠠᠨ ᠠᠵᠢᠯᠲᠠᠨ ᠠᠵᠢᠯᠴᠢᠨ ᠡᠯᠰᠡᠬᠦ᠎ᠪᠠᠷ ᠳᠠᠬᠢᠨ ᠮᠣᠷᠳᠠᠨ ᠠᠵᠢᠯ᠎ᠤᠨ ᠪᠠᠶ᠋ᠢᠷᠢ ᠠᠵᠢᠯ ᠣᠯᠬᠤ ᠬᠣᠶᠠᠷ ᠲᠠᠯ᠎ᠠ᠎ᠪᠠᠷ ᠠᠰᠢᠭ ᠬᠦᠷᠲᠡᠨ᠎ᠡ — ᠣᠷᠳᠣᠰ ᠬᠣᠲᠠ ᠵᠢᠨ 《ᠳᠤᠯᠠᠭ᠋ᠠᠨ ᠬᠣᠲᠠ ᠵᠢᠨ ᠤᠷᠢᠯᠭ᠎ᠠ》 ᠵᠧᠩᠵᠧᠦ ᠥᠷᠲᠡᠭᠡ ᠵᠢᠨ ᠠᠵᠢᠯᠯᠠᠭ᠎ᠠ ᠲᠡᠭᠦᠰ ᠠᠮᠵᠢᠯᠲᠠ᠎ᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠬᠦᠷᠴᠦ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ᠎ᠤᠨ ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠤᠨ ᠲᠤᠬᠠᠢ ᠬᠠᠷᠢᠭᠤ ᠲᠤᠰᠬᠠᠬᠤ᠎ᠨᠢ
ᠶᠠᠨ ᠴᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ ᠵᠢᠴᠢ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠴᠠᠯᠢᠩ ᠥᠭᠬᠦ ᠵᠢ ᠪᠠᠲᠤᠯᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 ᠵᠢᠨ ᠨᠡᠢ᠌ᠭᠡᠮ ᠨᠠᠢ᠌ᠳᠠ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠭᠰᠠᠨ ᠦᠷ᠎ᠡ ᠳ᠋ᠦᠩ᠎ᠢ ᠬᠠᠷᠢᠭᠤ ᠲᠤᠰᠬᠠᠬᠤ ᠲᠤᠬᠠᠢ
 
            