《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠰᠠᠨ ᠴᠢᠳᠠᠪᠤᠷᠢᠲᠠᠨ᠎ᠤ ᠱᠠᠩᠨᠠᠯ᠎ᠢ ᠰᠢᠯᠭ᠋ᠠᠷᠠᠭᠤᠯᠵᠤ ᠬᠥᠬᠢᠭᠦᠯᠦᠨ ᠰᠠᠢ᠌ᠰᠢᠶᠠᠬᠤ ᠬᠠᠮᠢᠶᠠᠷᠤᠯᠲᠠ ᠵᠢᠨ ᠠᠷᠭ᠎ᠠ》 ᠪᠣᠯᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠬᠥᠭᠵᠢᠯᠲᠡ ᠵᠢᠨ ᠲᠤᠰᠬᠠᠢ ᠪᠡᠯᠡ ᠮᠥᠩᠭᠥ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ 4 ᠰᠠᠷ᠎ᠠ ᠵᠢᠨ 8᠎ᠤ ᠡᠳᠦᠷ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠪᠢ ᠲᠣᠣ ᠪᠦᠯᠬᠦᠮ ᠳᠠᠭ᠋ᠠᠭᠤᠯᠤᠨ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠳᠤ ᠬᠦᠷᠴᠦ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠭᠦᠳᠡᠨ᠎ᠳᠤᠨᠢ ᠬᠦᠷᠴᠦ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠰᠠᠨᠠᠯ᠎ᠢ ᠬᠤᠷᠢᠶᠠᠪᠠ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠳᠡᠳ᠋ ᠵᠠᠬᠢᠷᠤᠯ ᠵᠧᠦ ᠵᠢᠶᠠᠨ ᠲᠣᠣ ᠶᠠᠷᠢᠯᠴᠠᠬᠤ ᠬᠤᠷᠠᠯ᠎ᠳᠤ ᠣᠷᠣᠯᠴᠠᠪᠠ᠃
ᠲᠣᠰ ᠤᠳᠠᠭ᠋ᠠᠨ᠎ᠤ ᠶᠠᠷᠢᠯᠴᠠᠬᠤ ᠬᠤᠷᠠᠯ ᠳᠡᠭᠡᠷ᠎ᠡ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠨᠢᠭᠡᠴᠢ ᠵᠢᠨ 16 ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠺᠠᠳ᠋ᠷ᠎ᠢ ᠤᠷᠢᠵᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃
ᠶᠠᠷᠢᠯᠴᠠᠬᠤ ᠬᠤᠷᠠᠯ᠎ᠤᠨ ᠬᠤᠭᠤᠴᠠᠭ᠋ᠠᠨ᠎ᠳᠤ᠂ ᠡᠯ᠎ᠡ ᠲᠤᠰᠬᠠᠢ ᠮᠡᠷᠭᠡᠵᠢᠯᠲᠡᠨ ᠵᠠᠰᠠᠪᠤᠷᠢ ᠣᠷᠣᠭᠤᠯᠵᠤ ᠪᠠᠢ᠌ᠭ᠎ᠠ ᠬᠣᠶᠠᠷ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠰᠤᠳᠤᠯᠤᠨ ᠤᠩᠰᠢᠵᠤ᠂ ᠠᠵᠢᠯ᠎ᠤᠨ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠵᠤ᠂ ᠪᠢᠴᠢᠭ ᠮᠠᠲ᠋ᠧᠷᠢᠶᠠᠯ᠎ᠤᠨ ᠬᠦᠷᠢᠶ᠎ᠡ ᠬᠡᠪᠴᠢᠶ᠎ᠡ᠂ ᠲᠡᠰ ᠳᠠᠷᠠᠭ᠋ᠠᠯᠠᠯ᠂ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ᠎ᠳᠤ ᠴᠢᠨᠠᠷ ᠰᠠᠢ᠌ᠲᠠᠢ ᠰᠠᠨᠠᠯ ᠰᠠᠨᠠᠭᠤᠯᠭ᠎ᠠ ᠳᠤᠷᠠᠳᠴᠠᠢ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠷᠢᠭᠤ ᠲᠤᠰᠬᠠᠭᠰᠠᠨ ᠰᠠᠨᠠᠯ᠎ᠢ ᠦᠨᠳᠦᠰᠦᠯᠡᠨ ᠬᠣᠶᠠᠷ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠠᠵᠢᠯ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠴᠢᠳᠠᠪᠤᠷᠢᠲᠠᠨ᠎ᠤ ᠬᠥᠭᠵᠢᠯᠲᠡ᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠬᠤ ᠡᠷᠴᠢᠮ᠎ᠢ ᠴᠢᠩᠭ᠋ᠠᠷᠠᠭᠤᠯᠤᠨ᠎ᠠ᠃