ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ᠎ᠦᠨ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠦᠶ᠋ᠯᠡᠴᠢᠯᠡᠭᠡᠨ᠎ᠦ ᠬᠦᠷᠢᠶᠡᠨ᠎ᠳᠡᠬᠢ ᠬᠠᠥᠯᠢ ᠲᠣᠭᠲᠠᠭᠠᠯ᠎ᠠᠴᠠ ᠵᠥᠷᠢᠴᠡᠭᠰᠡᠨ ᠰᠡᠵᠢᠭᠯᠡᠯᠲᠡᠶ ᠦᠶ᠋ᠯᠡ ᠠᠵᠢᠯᠯᠠᠭ᠎ᠠ᠎ᠶᠢᠨ ᠰᠦᠪᠡᠭᠴᠢ᠎ᠶᠢ ᠪᠥᠬᠥ ᠨᠡᠢᠭᠡᠮ᠎ᠡᠴᠡ ᠢᠯᠡ᠎ᠪᠡᠷ ᠡᠯᠰᠡᠨ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-05

      ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠠᠵᠢᠯ ᠡᠷᠢᠭᠰᠡᠳ᠎ᠦᠨ ᠬᠠᠥᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ᠎ᠶᠢᠨ ᠲᠥᠯᠥᠭᠡ᠂ 2025 ᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠡᠮᠬᠢ ᠳᠢᠭᠯᠢᠮ᠎ᠢ ᠢᠯᠭᠠᠷᠠᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ᠎ᠶᠢ ᠥᠷᠨᠢᠭᠦᠯᠬᠦ᠎ᠲᠠᠢ ᠤᠶᠠᠯᠳᠤᠭᠤᠯᠤᠨ᠂ ᠣᠲᠣ᠌ ᠪᠥᠬᠥ ᠨᠡᠶ᠋ᠢᠭᠡᠮ᠎ᠡᠴᠡ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠦᠶ᠋ᠯᠡᠴᠢᠯᠡᠭᠡᠨ᠎ᠦ ᠬᠦᠷᠢᠶᠡᠨ᠎ᠳᠡᠬᠢ ᠬᠠᠥᠯᠢ ᠲᠣᠭᠲᠠᠭᠠᠯ᠎ᠠᠴᠠ ᠵᠥᠷᠢᠴᠡᠭᠰᠡᠨ ᠰᠡᠵᠢᠭᠯᠡᠯᠲᠡᠶ ᠦᠶ᠋ᠯᠡ ᠠᠵᠢᠯᠯᠠᠭ᠎ᠠ᠎ᠶᠢᠨ ᠰᠦᠪᠡᠭᠴᠢ᠎ᠶᠢ ᠢᠯᠡ᠎ᠪᠡᠷ ᠡᠯᠰᠡᠨ ᠴᠤᠭᠯᠠᠭᠤᠯᠤᠨ᠎ᠠ᠂ ᠬᠣᠯᠪᠣᠭᠳᠠᠯ ᠪᠥᠬᠥᠶ ᠵᠤᠢᠯᠡᠰ᠎ᠢ ᠲᠤᠤᠷᠠᠬᠢ ᠮᠡᠲᠦ ᠵᠠᠷᠯᠠᠨ ᠮᠡᠳᠡᠭᠳᠡᠶ᠎ᠡ ᠄
      ᠨᠢᠭᠡ᠂ ᠡᠯᠰᠡᠨ ᠴᠤᠭᠯᠠᠭᠤᠯᠬᠤ ᠴᠠᠭ
      2025 ᠣᠨ᠎ᠤ 7 ᠰᠠᠷ᠎ᠠ᠎ᠶᠢᠨ 2 ᠡᠴᠡ 31᠎ᠦ ᠡᠳᠦᠷ ᠪᠣᠯᠲᠠᠯ᠎ᠠ᠃
      ᠬᠣᠶᠠᠷ᠂ ᠡᠯᠰᠡᠨ ᠴᠤᠭᠯᠠᠭᠤᠯᠬᠤ ᠠᠭᠤᠯᠭ᠎ᠠ
      ( ᠨᠢᠭᠡ ) ᠵᠥᠪᠰᠢᠶᠡᠷᠡᠯ ᠣᠯᠤᠭᠰᠠᠨ ᠥᠬᠡᠶ᠎ᠪᠡᠷ ᠳᠤᠷ᠎ᠠ᠎ᠪᠠᠷ᠎ᠢᠶᠠᠨ ᠠᠵᠢᠯ ᠮᠡᠷᠭᠡᠵᠢᠯ᠎ᠦᠨ ᠵᠠᠭᠤᠴᠢᠯᠠᠬᠤ ᠠᠵᠢᠯᠯᠠᠭ᠎ᠠ ᠡᠷᠬᠢᠯᠡᠭᠰᠡᠨ᠂ ᠡᠭᠦᠨ᠎ᠳᠦ ᠰᠦᠯᠵᠢᠶᠡᠨ ᠭᠠᠳᠠᠨᠠᠬᠢ 《 ᠬᠠᠷ᠎ᠠ ᠵᠠᠭᠤᠴᠢ 》 ᠪᠠ ᠥᠪᠡᠷ᠎ᠢᠶᠡᠨ ᠰᠦᠯᠵᠢᠶᠡᠨ ᠥᠷᠲᠡᠭᠡ᠂ ᠵᠢᠵᠢᠭ ᠫᠷᠤᠭ᠌ᠷᠠᠮ᠂ ᠸᠢᠴᠠᠲ᠎ᠤᠨ ᠨᠡᠶ᠋ᠢᠲᠡ᠎ᠶᠢᠨ ᠳ᠋ᠤᠭᠠᠷ ᠪᠠᠶ᠋ᠢᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠬᠠᠥᠯᠢ ᠪᠤᠰᠤ᠎ᠪᠠᠷ ᠠᠵᠢᠯ ᠮᠡᠷᠭᠡᠵᠢᠯ᠎ᠦᠨ ᠵᠠᠭᠤᠴᠢᠯᠠᠬᠤ ᠠᠵᠢᠯᠯᠠᠭ᠎ᠠ ᠦᠷᠨᠢᠬᠦᠯᠦᠭᠰᠡᠨ ( ᠢᠨᠲ᠋ᠸᠷ ᠰᠦᠯᠵᠢᠶᠡᠨ᠎ᠦ ᠲᠠᠪᠴᠠᠩ ᠪᠠᠶ᠋ᠢᠭᠤᠯᠵᠤ ᠪᠤᠰᠤᠳ ᠨᠢᠭᠡᠴᠢ ᠪᠤᠶᠤ ᠬᠤᠪᠢ ᠬᠥᠮᠦᠨ᠎ᠦ ᠠᠵᠢᠯᠲᠠᠨ ᠡᠯᠰᠡᠬᠦ ᠮᠡᠳᠡᠭᠡ ᠵᠠᠩᠭᠢ ᠨᠡᠶ᠋ᠢᠲᠡᠯᠡᠬᠦ ᠪᠤᠶᠤ ᠠᠵᠢᠯ ᠮᠡᠷᠭᠡᠵᠢᠯ᠎ᠦᠨ ᠵᠠᠭᠤᠴᠢᠯᠠᠬᠤ ᠠᠵᠢᠯᠯᠠᠭ᠎ᠠ ᠥᠷᠨᠢᠭᠦᠯᠬᠦ᠎ᠳᠦ ᠨᠥᠬᠥᠴᠡᠯ ᠬᠠᠩᠭᠠᠭᠰᠠᠨ᠎ᠢ ᠪᠠᠭᠲᠠᠭᠠᠨ᠎ᠠ ) ; ᠬᠥᠮᠦᠨ᠎ᠦ ᠬᠦᠴᠦᠨ᠎ᠦ ᠡᠬᠢ ᠪᠠᠶᠠᠯᠢᠭ᠋᠎ᠢ ᠰᠢᠯᠭᠠᠨ ᠦᠨᠡᠯᠡᠬᠦ᠂ ᠠᠰᠠᠭᠤᠨ ᠯᠠᠪᠯᠠᠬᠤ ᠵᠡᠷᠭᠡ ᠳᠠᠩᠰᠠᠯᠠᠭᠤᠯᠬᠤ ᠲᠥᠷᠥᠯ᠎ᠦᠨ ᠦᠶ᠋ᠯᠡᠴᠢᠯᠡᠭᠡ᠎ᠶᠢᠨ ᠨᠡᠷ᠎ᠡ᠎ᠪᠡᠷ ᠬᠠᠥᠯᠢ ᠪᠤᠰᠤ᠎ᠪᠠᠷ ᠠᠵᠢᠯ ᠮᠡᠷᠭᠡᠵᠢᠯ᠎ᠦᠨ ᠵᠠᠭᠤᠴᠢᠯᠠᠬᠤ ᠠᠵᠢᠯᠯᠠᠭ᠎ᠠ ᠦᠷᠨᠢᠬᠦᠯᠦᠭᠰᠡᠨ ;
      ( ᠬᠣᠶᠠᠷ ) 《 ᠡᠯᠰᠡᠯᠳᠡ᠎ᠶᠢ ᠪᠣᠯᠪᠠᠰᠤᠷᠠᠯ ᠪᠣᠯᠭᠠᠨ ᠬᠤᠪᠢᠷᠠᠭᠤᠯᠬᠤ 》 《 ᠪᠣᠯᠪᠠᠰᠤᠷᠠᠯ᠎ᠤᠨ ᠵᠢᠭᠡᠯᠡᠯᠭᠡ 》᠂ ᠲᠤᠬᠠᠶ᠋ᠢᠯᠠᠪᠠᠯ ᠡᠯᠰᠡᠯᠳᠡ ᠪᠤᠶᠤ ᠠᠵᠢᠯ ᠮᠡᠷᠭᠡᠵᠢᠯ᠎ᠦᠨ ᠵᠠᠭᠤᠴᠢ᠂ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠪᠣᠯᠪᠠᠰᠤᠷᠠᠯ ᠵᠡᠷᠭᠡ ᠨᠡᠷ᠎ᠡ᠎ᠪᠡᠷ᠂ ᠠᠵᠢᠯ ᠡᠷᠢᠭᠰᠡᠳ᠎ᠢ ᠮᠡᠬᠡᠯᠡᠵᠦ᠂ ᠥᠳᠥᠭᠡᠵᠦ ᠪᠠᠶ᠋ᠢᠭᠠᠳ ᠠᠵᠢᠯ ᠮᠡᠷᠭᠡᠵᠢᠯ᠎ᠦᠨ ᠪᠣᠯᠪᠠᠰᠤᠷᠠᠯ᠎ᠳᠦ ᠣᠷᠣᠯᠴᠠᠭᠤᠯᠵᠤ᠂ ᠶᠡᠬᠡ ᠬᠡᠮᠵᠢᠶᠡᠨ᠎ᠤ ᠰᠦᠢᠳᠭᠡᠯ ᠲᠤᠰᠢᠶᠠᠯᠭᠠᠬᠤ ᠪᠤᠶᠤ ᠵᠢᠭᠡᠯᠡᠯᠭᠡ᠎ᠶᠢᠨ ᠬᠡᠯᠡᠯᠴᠡᠭᠡᠷ ᠲᠤᠭᠳᠠᠭᠠᠯᠭᠠᠭᠰᠠᠨ ;
      ( ᠭᠤᠷᠪᠠ ) ᠬᠤᠳᠠᠯ ᠬᠠᠭᠤᠷᠮᠠᠭ᠎ᠢᠶᠠᠷ ᠠᠵᠢᠯᠲᠠᠨ ᠡᠯᠰᠡᠬᠦ ᠮᠡᠳᠡᠭᠡ ᠵᠠᠩᠭᠢ ᠨᠡᠶ᠋ᠢᠲᠡᠯᠡᠬᠦ ᠪᠤᠶᠤ 《 ᠰᠢᠭᠤᠳ ᠡᠯᠰᠡᠬᠦ᠎ᠶᠢ ᠪᠠᠲᠤᠯᠠᠬᠤ 》᠂ ᠥᠨᠳᠥᠷ ᠴᠠᠯᠢᠩ᠎ᠲᠠᠢ ᠠᠵᠢᠯ᠎ᠤᠨ ᠪᠠᠶ᠋ᠢᠷᠢ᠎ᠶᠢ 《 ᠳᠣᠲᠣᠭᠠᠳᠤ᠎ᠳᠠᠭᠠᠨ ᠲᠠᠨᠢᠯᠴᠠᠭᠤᠯᠬᠤ 》 ᠵᠡᠷᠭᠡ ᠦᠭᠡ ᠶᠠᠷᠢᠶ᠎ᠠ᠎ᠪᠠᠷ ᠰᠤᠷᠲᠠᠯᠴᠢᠯᠠᠨ ᠤᠬᠠᠭᠤᠯᠬᠤ᠎ᠪᠡᠷ ᠲᠠᠮᠵᠢᠨ ᠠᠵᠢᠯ ᠡᠷᠢᠭᠰᠡᠳ᠎ᠦᠨ ᠡᠷᠬᠡ ᠠᠰᠢᠭ᠋᠎ᠢ ᠬᠣᠬᠢᠷᠠᠭᠤᠯᠤᠭᠰᠠᠨ;
      ( ᠲᠦᠷᠪᠡ ) ᠠᠵᠢᠯ ᠡᠷᠢᠭᠰᠡᠳ᠎ᠢ ᠬᠠᠭᠤᠷᠤᠨ ᠮᠡᠬᠡᠯᠡᠵᠦ᠂ ᠠᠶᠤᠯᠭᠠᠨ ᠰᠦᠷᠳᠡᠭᠦᠯᠵᠦ ᠪᠠᠶ᠋ᠢᠭᠠᠳ ᠴᠠᠬᠢᠯᠭᠠᠨ ᠬᠣᠯᠪᠣᠭ᠎ᠠ᠎ᠪᠠᠷ ᠮᠡᠬᠡᠯᠡᠬᠦ᠂ ᠰᠦᠯᠵᠢᠶ᠎ᠡ᠎ᠪᠡᠷ ᠵᠣᠭᠣᠰ ᠨᠠᠭᠠᠳᠬᠤ ᠵᠡᠷᠭᠡ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠭᠰᠡᠨ;
      ( ᠲᠠᠪᠤ ) ᠬᠤᠪᠴᠠᠰᠤ ᠬᠤᠨᠠᠷ᠎ᠤᠨ ᠵᠠᠷᠤᠳᠠᠯ᠂ ᠵᠢᠩᠬᠢᠨᠢᠴᠢᠯᠡᠬᠦ ᠵᠠᠷᠤᠳᠠᠯ᠂ ᠲᠦᠭᠰᠢᠭᠦᠷᠢ᠎ᠶᠢᠨ ᠪᠠᠲᠤᠯᠠᠭ᠎ᠠ᠎ᠶᠢᠨ ᠮᠥᠩᠭᠥ᠂ ᠬᠣᠷᠣᠭᠳᠠᠯ ᠮᠠᠲ᠋ᠧᠷᠢᠶᠠᠯ᠎ᠤᠨ ᠵᠠᠷᠤᠳᠠᠯ ᠵᠡᠷᠭᠡ ᠡᠯ᠎ᠡ ᠵᠦᠢᠯ᠎ᠤᠨ ᠨᠡᠷ᠎ᠡ᠎ᠪᠡᠷ ᠲᠣᠭᠲᠠᠭᠠᠯ᠎ᠠᠴᠠ ᠵᠥᠷᠢᠴᠡᠨ ᠵᠣᠭᠣᠰ ᠮᠥᠩᠭᠥ ᠡᠳ᠋ ᠪᠣᠳᠠᠰ ᠬᠤᠷᠢᠶᠠᠭᠰᠠᠨ ;
      ( ᠵᠢᠷᠭᠤᠭ᠎ᠠ ) ᠤᠷᠢᠵᠤ ᠬᠡᠷᠡᠭᠯᠡᠬᠦ ᠪᠠ ᠠᠵᠢᠯᠴᠢᠨ ᠬᠡᠷᠡᠭᠯᠡᠬᠦ ᠶᠠᠪᠤᠴᠠ᠎ᠳᠤ ᠠᠵᠢᠯ ᠡᠷᠢᠭᠴᠢ᠎ᠶᠢᠨ ᠪᠡᠶ᠎ᠡ᠎ᠶᠢᠨ ᠦᠨᠡᠮᠯᠡᠯ᠂ ᠰᠤᠷᠭᠠᠭᠤᠯᠢ ᠲᠡᠭᠦᠰᠦᠭᠰᠡᠨ ᠦᠨᠡᠮᠯᠡᠯ᠂ ᠡᠷᠳᠡᠮ᠎ᠦᠨ ᠴᠣᠯᠠ᠎ᠶᠢᠨ ᠦᠨᠡᠮᠯᠡᠯ ᠵᠡᠷᠭᠡ ᠬᠤᠪᠢ ᠬᠥᠮᠦᠨ᠎ᠦ ᠭᠡᠷᠡᠴᠢ ᠦᠨᠡᠮᠯᠡᠯ᠎ᠦᠨ ᠤᠭ ᠡᠬᠡ᠎ᠶᠢ ᠳᠠᠷᠤᠵᠤ ᠠᠪᠤᠭᠰᠠᠨ ;
      ( ᠳᠣᠯᠣᠭ᠎ᠠ ) ᠦᠨᠳᠦᠰᠦᠲᠡᠨ᠂ ᠬᠦᠶ᠋ᠰᠦ᠎ᠶᠢᠨ ᠢᠯᠭᠠᠯ᠂ ᠨᠠᠰᠤ ᠵᠢᠯ᠂ ᠭᠠᠵᠠᠷ ᠣᠷᠣᠨ ᠵᠡᠷᠭᠡ ᠭᠠᠳᠠᠭᠤᠷᠴᠢᠯᠠᠯ᠎ᠤᠨ ᠴᠢᠨᠠᠷᠲᠠᠶ ᠨᠥᠬᠥᠴᠡᠯ ᠵᠢᠴᠢ ᠪᠤᠰᠤᠳ ᠠᠵᠢᠯ᠎ᠤᠨ ᠪᠠᠶ᠋ᠢᠷᠢ᠎ᠶᠢᠨ ᠵᠣᠬᠢᠴᠠᠯ᠎ᠤᠨ ᠴᠢᠨᠠᠷ᠎ᠲᠠᠢ ᠬᠠᠮᠢᠶ᠎ᠠ ᠥᠬᠡᠶ ᠬᠢᠵᠠᠭᠠᠷᠯᠠᠬᠤ ᠴᠢᠨᠠᠷᠲᠠᠶ ᠨᠥᠬᠥᠴᠡᠯ ᠲᠠᠢ ᠤᠷᠢᠵᠤ ᠬᠡᠷᠡᠭᠯᠡᠬᠦ ᠮᠡᠳᠡᠭᠡ ᠵᠠᠩᠭᠢ ᠨᠡᠢᠳᠡᠯᠡᠭᠰᠡᠨ ;
      ( ᠨᠠᠢ᠍ᠮᠠ ) ᠠᠵᠢᠯ ᠡᠷᠢᠭᠴᠢ᠎ᠶᠢᠨ ᠬᠤᠪᠢ ᠬᠥᠮᠦᠨ᠎ᠦ ᠮᠡᠳᠡᠭᠡ ᠵᠠᠩᠭᠢ᠎ᠶᠢ ᠵᠠᠳᠠᠷᠠᠭᠤᠯᠬᠤ᠂ ᠫᠠᠨᠽᠠᠯᠠᠬᠤ ᠪᠤᠶᠤ ᠪᠤᠰᠤᠳ ᠠᠷᠭ᠎ᠠ ᠮᠠᠶᠢᠭ᠋᠎ᠢᠶᠠᠷ ᠬᠠᠥᠯᠢ᠎ᠶᠢ ᠵᠥᠷᠢᠴᠡᠨ ᠬᠡᠷᠡᠭᠯᠡᠭᠰᠡᠨ ;
      ( ᠶᠢᠰᠦ ) ᠠᠵᠢᠯ ᠡᠷᠢᠭᠰᠡᠳ᠎ᠦᠨ ᠡᠷᠬᠡ ᠠᠰᠢᠭ᠋᠎ᠲᠤ ᠬᠠᠯᠳᠠᠭᠰᠠᠨ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠦᠶ᠋ᠯᠡᠴᠢᠯᠡᠭᠡᠨ᠎ᠦ ᠬᠦᠷᠢᠶᠡᠨ᠎ᠳᠡᠬᠢ ᠬᠠᠥᠯᠢ ᠲᠣᠭᠲᠠᠭᠠᠯ᠎ᠠᠴᠠ ᠵᠥᠷᠢᠴᠡᠭᠰᠡᠨ ᠪᠤᠰᠤᠳ ᠦᠶ᠋ᠯᠡ ᠠᠵᠢᠯᠯᠠᠭ᠎ᠠ᠃
      ᠭᠤᠷᠪᠠ᠂ ᠡᠯᠰᠡᠨ ᠴᠤᠭᠯᠠᠭᠤᠯᠬᠤ ᠠᠷᠭ᠎ᠠ ᠮᠠᠶᠢᠭ᠋
      ᠬᠡᠷᠪᠡ ᠳᠡᠭᠡᠷ᠎ᠡ ᠳᠤᠷᠠᠳᠤᠭᠰᠠᠨ ᠬᠠᠮᠢᠶ᠎ᠠ ᠪᠦᠬᠦᠢ ᠦᠢᠯᠡ ᠠᠵᠢᠯᠯᠠᠭ᠎ᠠ᠎ᠶᠢᠨ ᠰᠦᠪᠡᠭᠴᠢ ᠪᠠᠶ᠋ᠢᠪᠠᠯ᠂ ᠡᠯᠰᠡᠨ ᠴᠤᠭᠯᠠᠭᠤᠯᠬᠤ ᠴᠠᠭ᠎ᠤᠨ ᠳᠣᠲᠣᠷ᠎ᠠ ᠬᠠᠮᠢᠶ᠎ᠠ ᠪᠦᠬᠦᠢ ᠪᠠᠶ᠋ᠢᠳᠠᠯ᠎ᠢ ᠰᠦᠪᠡᠭᠴᠢ ᠡᠯᠰᠡᠬᠦ ᠰᠢᠦᠳᠠᠨ ᠬᠠᠶ᠋ᠢᠷᠴᠠᠭ gfrlzysczx@mohrss.gov.cn ( ᠵᠥᠪᠬᠡᠨ ᠡᠯᠰᠡᠨ ᠴᠤᠭᠯᠠᠭᠤᠯᠬᠤ ᠴᠠᠭ᠎ᠤᠨ ᠳᠣᠲᠣᠷ᠎ᠠ ᠬᠡᠷᠡᠭᠯᠡᠨ᠎ᠡ)᠎ᠲᠤ ᠶᠠᠪᠤᠭᠤᠯᠤᠭᠠᠷᠠᠢ᠃ ᠲᠤᠰᠢᠶᠠᠬᠤ ᠰᠦᠪᠡᠭᠴᠢ᠎ᠳᠤ ᠬᠠᠤᠯᠢ ᠲᠣᠭᠲᠠᠭᠠᠯ᠎ᠠᠴᠠ ᠵᠥᠷᠢᠴᠡᠨ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠬᠠᠩᠭᠠᠭᠰᠠᠨ ᠰᠡᠵᠢᠭᠲᠡᠶ ᠨᠢᠭᠡᠴᠢ᠎ᠶᠢᠨ ᠨᠡᠷᠡᠶ᠋ᠢᠳᠦᠯ ( ᠪᠤᠶᠤ ᠬᠤᠪᠢ ᠬᠥᠮᠦᠨ᠎ᠦ ᠣᠪᠣᠭ ᠨᠡᠷ᠎ᠡ )᠂ ᠬᠠᠶᠢᠭ᠋᠂ ᠬᠠᠷᠢᠯᠴᠠᠬᠤ ᠠᠷᠭ᠎ᠠ ᠮᠠᠶᠢᠭ᠋᠂ ᠬᠠᠷᠢᠶ᠎ᠠ ᠮᠤᠵᠢ ᠵᠡᠷᠭᠡ ᠦᠨᠳᠦᠰᠦᠨ ᠮᠡᠳᠡᠭᠡ ᠵᠠᠩᠭᠢ᠎ᠶᠢ ᠪᠠᠭᠲᠠᠭᠠᠬᠤ ᠬᠡᠷᠡᠭᠲᠡᠶ ᠪᠣᠯᠪᠠᠴᠤ ᠡᠬᠦᠨ᠎ᠳᠦ ᠯᠡ ᠬᠢᠵᠠᠭᠠᠷᠯᠠᠭᠳᠠᠬᠤ ᠦᠭᠡᠶ᠂ ᠪᠠᠰᠠ ᠬᠣᠯᠪᠣᠭᠳᠠᠯ ᠪᠥᠬᠥᠶ ᠠᠵᠢᠯᠲᠠᠨ ᠡᠯᠰᠡᠬᠦ ᠪᠤᠶᠤ ᠠᠵᠢᠯᠴᠢᠨ ᠬᠡᠷᠡᠭᠯᠡᠬᠦ ᠮᠡᠳᠡᠭᠡ ᠵᠠᠩᠭᠢ᠎ᠶᠢ ᠨᠡᠢᠳᠡᠯᠡᠭᠰᠡᠨ ᠠᠷᠭ᠎ᠠ ᠵᠠᠮ᠂ ᠨᠡᠢᠳᠡᠯᠡᠭᠰᠡᠨ ᠴᠠᠭ᠂ ᠨᠡᠢᠳᠡᠯᠡᠭᠰᠡᠨ ᠠᠭᠤᠯᠭ᠎ᠠ᠂ ᠨᠡᠶ᠋ᠢᠲᠡᠯᠡᠭᠴᠢ᠂ ᠭᠠᠷ᠎ᠤᠨ ᠥᠰᠥᠭ ᠵᠢᠷᠤᠭᠰᠠᠨ ᠭᠡᠷ᠎ᠡ ᠪᠤᠶᠤ ᠬᠡᠯᠡᠯᠴᠡᠭᠡᠷ᠂ ᠲᠤᠰᠢᠶᠠᠭᠰᠠᠨ ᠰᠦᠢᠳᠭᠡᠯ᠎ᠤᠨ ᠭᠡᠷᠡᠴᠢ ᠪᠠᠷᠢᠮᠲᠠ ᠵᠡᠷᠭᠡ ᠬᠣᠯᠪᠣᠭᠳᠠᠯ ᠪᠥᠬᠥᠶ ᠭᠡᠷᠡᠴᠢ ᠪᠠᠷᠢᠮᠲᠠ᠎ᠶᠢᠨ ᠮᠠᠲ᠋ᠧᠷᠢᠶᠠᠯ᠎ᠢ ᠪᠠᠭᠳᠠᠭᠠᠬᠤ᠎ᠶᠢᠨ ᠬᠠᠮᠲᠤ ᠲᠤᠰᠬᠠᠭᠰᠠᠨ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠋᠎ᠢᠶᠠᠨ ᠲᠣᠳᠣᠷᠬᠠᠢᠯᠠᠬᠤ ᠬᠡᠷᠡᠭᠲᠡᠢ᠂ ᠪᠢᠳᠡ ᠲᠤᠰᠬᠠᠭᠰᠠᠨ ᠬᠥᠮᠦᠨ᠎ᠦ ᠬᠣᠯᠪᠣᠭᠳᠠᠯ ᠪᠥᠬᠥᠶ ᠮᠡᠳᠡᠭᠡ ᠵᠠᠩᠭᠢ᠎ᠶᠢᠨ ᠨᠢᠭᠤᠴᠠ᠎ᠶᠢ ᠬᠠᠮᠠᠭᠠᠯᠠᠨ᠎ᠠ᠃
ᠡᠭᠦᠨ᠎ᠦ ᠲᠤᠯᠠ ᠣᠨᠴᠠᠭᠠᠶ᠋ᠢᠯᠠᠨ ᠵᠠᠷᠯᠠᠪᠠ᠃
      ᠳᠠᠭᠠᠯᠳᠤᠭᠤᠯᠤᠯ ᠄ ᠬᠥᠮᠦᠨ᠎ᠦ ᠬᠦᠴᠦᠨ᠎ᠦ ᠡᠬᠢ ᠪᠠᠶᠠᠯᠢᠭ᠋᠎ᠤᠨ ᠦᠶ᠋ᠯᠡᠴᠢᠯᠡᠭᠡᠨ᠎ᠦ ᠬᠦᠷᠢᠶᠡᠨ᠎ᠳᠡᠬᠢ ᠬᠠᠥᠯᠢ ᠲᠣᠭᠲᠠᠭᠠᠯ᠎ᠠᠴᠠ ᠵᠥᠷᠢᠴᠡᠭᠰᠡᠨ ᠰᠡᠵᠢᠭᠯᠡᠯᠲᠡᠶ ᠦᠶ᠋ᠯᠡ ᠠᠵᠢᠯᠯᠠᠭ᠎ᠠ᠎ᠶᠢᠨ ᠰᠦᠪᠡᠭᠴᠢ᠎ᠶᠢᠨ ᠮᠡᠳᠡᠭᠡ ᠵᠠᠩᠬᠢ᠎ᠶᠢᠨ ᠬᠦᠰᠦᠨᠦᠭ
               ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ

               ᠪᠠᠳᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ
                      2025᠎ᠤᠨ 7 ᠰᠠᠷ᠎ᠠ᠎ᠶᠢᠨ 2᠎ᠤᠨ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            