《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢ᠌ᠲᠡᠯᠡᠬᠦ᠂ ᠵᠣᠬᠢᠶᠠᠨ ᠪᠠᠢ᠌ᠭᠤᠯᠤᠨ ᠨᠡᠷ᠎ᠡ ᠮᠡᠳᠡᠭᠦᠯᠵᠦ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠬᠢᠨᠠᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠢᠴᠢ ᠰᠤᠳᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠸᠠᠩ ᠶᠣᠣ ᠵᠡᠷᠭᠡ 2 ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠪᠠᠷ ᠪᠤᠢ᠂ ᠡᠳᠦᠭᠡ ᠳᠣᠣᠷᠠᠬᠢ ᠮᠡᠲᠦ ᠢᠯᠡ ᠨᠡᠢ᠌ᠲᠡᠯᠡᠶ᠎ᠡ᠃
ᠨᠢᠭᠡ᠂ ᠢᠯᠡ ᠨᠡᠢ᠌ᠲᠡᠯᠡᠬᠦ ᠡᠲᠡᠭᠡᠳ
ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠳᠠᠭ᠋ᠠᠯᠳᠤᠭᠤᠯᠤᠯ᠎ᠳᠤ ᠦᠵᠡᠭᠡᠷᠡᠢ᠃
ᠬᠣᠶᠠᠷ᠂ ᠢᠯᠡ ᠨᠡᠢ᠌ᠲᠡᠯᠡᠬᠦ ᠴᠠᠭ
2025 ᠣᠨ᠎ᠤ 1 ᠰᠠᠷ᠎ᠠ ᠵᠢᠨ 10 — 2025 ᠣᠨ᠎ᠤ 1 ᠰᠠᠷ᠎ᠠ ᠵᠢᠨ 16᠎ᠤ ᠡᠳᠦᠷ᠃
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠤᠶᠤ ᠬᠤᠪᠢ ᠬᠥᠮᠥᠨ ᠢᠯᠡ ᠨᠡᠢ᠌ᠲᠡᠯᠡᠭᠰᠡᠨ ᠪᠠᠶ᠋ᠢᠳᠠᠯ᠎ᠳᠤ ᠣᠨᠳᠣᠣ ᠰᠠᠨᠠᠯ᠎ᠲᠠᠢ ᠪᠠᠢ᠌ᠪᠠᠯ᠂ ᠢᠯᠡ ᠨᠡᠢ᠌ᠲᠡᠯᠡᠭᠰᠡᠨ ᠬᠤᠭᠤᠴᠠᠭ᠋ᠠᠨ᠎ᠳᠤ ᠤᠲᠠᠰᠤ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠢᠯᠡ ᠨᠡᠢ᠌ᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠂ ᠡᠭᠦᠨ᠎ᠤ ᠬᠠᠮᠲᠤ ᠲᠤᠰᠬᠠᠭᠰᠠᠨ ᠠᠰᠠᠭᠤᠳᠠᠯ᠎ᠳᠤ ᠪᠠᠢ᠌ᠴᠠᠭ᠋ᠠᠯᠲᠠ ᠬᠢᠵᠦ ᠬᠢᠨᠠᠨ ᠲᠣᠳᠣᠯᠠᠬᠤ᠎ᠳᠤ ᠲᠥᠬᠥᠮ ᠪᠠᠢ᠌ᠬᠤ ᠭᠡᠷᠡᠴᠢᠯᠡᠭᠴᠢ ᠵᠢᠴᠢ ᠪᠤᠰᠤᠳ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠬᠠᠩᠭ᠋ᠠᠭ᠋ᠠᠷᠠᠢ᠃
ᠬᠦᠯᠢᠶᠡᠨ ᠠᠪᠬᠤ ᠴᠠᠭ᠄ ᠠᠵᠢᠯ᠎ᠤᠨ ᠡᠳᠦᠷ 9᠄ 00 — 12᠄ 00᠂ 14᠄ 30 — 17᠄ 00
ᠬᠦᠯᠢᠶᠡᠨ ᠠᠪᠬᠤ ᠤᠲᠠᠰᠤ᠄ 0471-6946229
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠵᠢᠨ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠢᠯᠡ ᠨᠡᠢ᠌ᠲᠡᠯᠡᠬᠦ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2025 ᠣᠨ᠎ᠤ 1 ᠰᠠᠷ᠎ᠠ ᠵᠢᠨ 10᠎ᠤ ᠡᠳᠦᠷ