ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ  -   ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠪᠢᠷ᠎ᠤᠨ ᠰᠢᠯᠭ᠋ᠠᠯᠲᠠ ᠵᠢᠨ ᠬᠠᠮᠲᠤᠷᠠᠭᠰᠠᠨ ᠰᠢᠯᠭ᠋ᠠᠯᠲᠠ ᠵᠢᠨ ᠠᠵᠢᠯ ᠤᠳᠠᠯ ᠦᠭᠡᠢ ᠡᠬᠢᠯᠡᠨ᠎ᠡ
ᠨᠡᠶ᠋ᠢᠲᠡᠯᠡᠭᠰᠡᠨ ᠴᠠᠭ᠄ 2025-02-06

      2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠪᠢᠷ᠎ᠤᠨ ᠰᠢᠯᠭ᠋ᠠᠯᠲᠠ ᠵᠢᠨ ᠬᠠᠮᠲᠤᠷᠠᠭᠰᠠᠨ ᠰᠢᠯᠭ᠋ᠠᠯᠲᠠ ᠵᠢᠨ ᠠᠵᠢᠯ ᠤᠳᠠᠯ ᠦᠭᠡᠢ ᠡᠬᠢᠯᠡᠬᠦ ᠭᠡᠵᠦ ᠪᠣᠢ᠃ ᠪᠢᠷ᠎ᠤᠨ ᠰᠢᠯᠭ᠋ᠠᠯᠲᠠ ᠵᠢᠨ ᠬᠠᠮᠲᠤᠷᠠᠭᠰᠠᠨ ᠰᠢᠯᠭ᠋ᠠᠯᠲᠠ ᠵᠢᠨ ᠠᠯᠪᠠᠨ ᠵᠠᠷ᠎ᠢ ᠵᠢᠱ᠌ᠢᠯᠲᠡ᠎ᠪᠠᠷ 9 ᠰᠠᠷ᠎ᠠ ᠵᠢᠨ 18᠎ᠤ ᠡᠳᠦᠷ᠎ᠤᠨ ᠣᠷᠴᠢᠮ ᠵᠶ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ (https://rst.nmg.gov.cn/)᠂ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶ᠎ᠡ (http://www.impta.com.cn/) ᠵᠡᠷᠭᠡ ᠲᠠᠪᠴᠠᠩ ᠵᠶ᠋ᠠᠷ ᠨᠡᠢ᠌ᠲᠡᠯᠡᠨ᠎ᠡ᠃ ᠨᠡᠷ᠎ᠡ ᠮᠡᠳᠡᠭᠦᠯᠬᠦ ᠠᠵᠢᠯ᠎ᠢ ᠬᠣᠶᠠᠷ ᠱᠠᠲᠤ ᠬᠤᠪᠢᠶᠠᠵᠤ᠂ ᠨᠢᠭᠡᠳᠦᠭᠡᠷ ᠱᠠᠲᠤᠨ᠎ᠳᠤ 《ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ》᠂ 《ᠦᠨᠳᠦᠰᠦᠨ ᠱᠠᠲᠤᠨ᠎ᠤ ᠲᠥᠷᠥᠯ ᠵᠦᠢ᠍ᠯ᠎ᠳᠤ ᠦᠢ᠍ᠯᠡᠴᠢᠯᠡᠬᠦ ᠠᠵᠢᠯᠲᠠᠨ》᠎ᠤ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ᠎ᠨᠢ 2024 ᠣᠨ᠎ᠤ 9 ᠰᠠᠷ᠎ᠠ ᠵᠢᠨ 20᠎ᠤ ᠡᠳᠦᠷ᠎ᠤᠨ 9᠄ 00᠎ᠠᠴᠠ 9 ᠰᠠᠷ᠎ᠠ ᠵᠢᠨ 22᠎ᠤᠨ ᠡᠳᠦᠷ᠎ᠤᠨ 17᠄ 00 ᠪᠣᠯᠣᠨ᠎ᠠ; ᠬᠣᠶᠠᠳᠤᠭ᠋ᠠᠷ ᠱᠠᠲᠤᠨ᠎ᠳᠤ ᠡᠩ᠎ᠤᠨ ᠠᠵᠢᠯ᠎ᠤᠨ ᠪᠠᠶ᠋ᠢᠷᠢ ᠵᠢᠴᠢ ᠪᠤᠰᠤᠳ ᠠᠵᠢᠯ᠎ᠤᠨ ᠪᠠᠶ᠋ᠢᠷᠢ᠎ᠳᠤ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ᠎ᠨᠢ 9 ᠰᠠᠷ᠎ᠠ ᠵᠢᠨ 25᠎ᠤ ᠡᠳᠦᠷ᠎ᠤᠨ 9᠄ 00᠎ᠠᠴᠠ 9 ᠰᠠᠷ᠎ᠠ ᠵᠢᠨ 27᠎ᠤ ᠡᠳᠦᠷ᠎ᠤᠨ 17᠄ 00 ᠪᠣᠯᠣᠨ᠎ᠠ᠃ ᠥᠷᠭᠡᠨ ᠤᠯᠠᠨ ᠰᠢᠯᠭ᠋ᠠᠭᠤᠯᠤᠭᠰᠠᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ᠂ ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶ᠎ᠡ᠎ᠠᠴᠠ ᠬᠠᠮᠢᠶ᠎ᠠ ᠪᠦᠬᠦᠢ ᠠᠭᠤᠯᠭ᠎ᠠ ᠵᠢ ᠯᠠᠪᠯᠠᠭ᠋ᠠᠷᠠᠢ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠳᠤ ᠭᠡᠭᠡᠨ ᠭᠣᠣᠯ ᠬᠣᠲᠠ ᠵᠢᠨ ᠠᠵᠢᠯ ᠦᠢ᠍ᠯᠡᠰ᠎ᠤᠨ ᠨᠢᠭᠡᠴᠢ ᠵᠢᠨ ᠤᠷᠠᠯᠢᠭ᠎ᠤᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠬᠣᠶᠠᠳᠠᠭᠢ ᠤᠳᠠᠭ᠎ᠠ ᠠᠵᠢᠯᠲᠠᠨ ᠡᠯᠰᠡᠨ᠎ᠡ  ᠵᠢᠱ᠌ᠢᠯᠲᠡ᠎ᠪᠠᠷ 12 ᠰᠠᠷ᠎ᠠ ᠵᠢᠨ 23᠎ᠤ ᠡᠳᠦᠷ᠎ᠠᠴᠠ ᠡᠬᠢᠯᠡᠨ ᠨᠡᠷ᠎ᠡ ᠮᠡᠳᠡᠭᠦᠯᠦᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 2024 ᠣᠨ᠎ᠤ ᠰᠤᠷᠭ᠋ᠠᠭᠤᠯᠢ ᠵᠢᠨ ᠬᠦᠷᠢᠶᠡᠨ᠎ᠳᠤ ᠤᠷᠢᠨ ᠬᠡᠷᠡᠭᠯᠡᠬᠦ᠎ᠪᠠᠷ ᠪᠠᠢ᠌ᠭ᠎ᠠ ᠬᠥᠮᠥᠰ᠎ᠢ ᠢᠯᠡ ᠨᠡᠢ᠌ᠲᠡᠯᠡᠬᠦ ᠲᠤᠬᠠᠢ ᠠᠯᠪᠠᠨᠨ ᠵᠠᠷᠯᠠᠯ
 
            