ᠠᠵᠤ ᠠᠬᠤᠶᠢᠯᠠᠯ ᠤᠨ ᠣᠨ ᠤ ᠮᠥᠩᠭᠦ ᠶᠢ ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2024/12/10
ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠡᠯ᠎ᠡ ᠠᠶᠢᠮᠠᠭ ᠬᠤᠲᠠ ᠶᠢᠨ ᠭᠠᠶᠢᠯᠢ ᠶᠢᠨ ᠲᠣᠪᠴᠢᠶ᠎ᠠ︔ ᠮᠠᠨᠵᠤᠤᠷ ᠬᠤᠲᠠ᠂ ᠡᠷᠢᠶᠡᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠠᠨᠵᠤᠤᠷ ᠬᠤᠲᠠ᠂ ᠡᠷᠢᠶᠡᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ᠄      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠣᠯᠭᠠᠵᠤ᠂ ᠤᠯᠠᠨ ᠲᠠᠰ ᠳᠠᠪᠬᠤᠷᠭ᠎ᠠ᠂ ᠤᠯᠠᠨ ᠲᠤᠯᠭᠠᠭᠤᠷᠢᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ︽ᠤᠯᠠᠨ ᠲᠠᠰ ᠳᠠᠪᠬᠤᠷᠭ᠎ᠠ ᠤᠯᠠᠨ ᠲᠤᠯᠭᠠᠭᠤᠷᠢᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠢ ᠦᠨᠳᠦᠰᠦᠯᠡᠨ᠂ ᠡᠳᠦᠭᠡ ᠠᠵᠤ ᠠᠬᠤᠶᠢᠯᠠᠯ ᠤᠨ ᠣᠨ ᠤ ᠮᠥᠩᠭᠦ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠳᠣᠣᠷᠠᠬᠢ ᠮᠡᠲᠦ ᠵᠢᠯᠤᠭᠤᠳᠬᠤ ᠰᠠᠨᠠᠯ ᠢ ᠳᠤᠷᠠᠳᠪᠠ᠄      ᠨᠢᠭᠡ᠂ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ      ︵ᠨᠢᠭᠡ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠥᠬᠦ ᠠᠵᠢᠯᠲᠠᠨ ᠢ ᠬᠠᠮᠤᠷᠤᠭᠰᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠨ ᠤ ᠮᠥᠩᠭᠦ ᠶᠢ ᠠᠶᠠᠨᠳᠠᠭᠠᠨ ᠣᠷᠣᠭᠤᠯᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠬᠤᠪᠢ ᠡᠵᠡᠮᠳᠡᠬᠦ ᠠᠵᠤ ᠠᠬᠤᠶᠢᠯᠠᠯ ᠤᠳ ᠵᠠᠷᠴᠢᠮ ᠳᠡᠭᠡᠷ᠎ᠡ ᠪᠠᠨ ᠴᠥᠮ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠨᠢ ᠬᠡᠷᠪᠡ ᠡᠵᠡᠩᠨᠡᠯᠲᠡ ᠶᠢᠨ ᠠᠯᠳᠠᠭᠳᠠᠯ ᠭᠠᠷᠬᠤ᠂ ᠲᠠᠬᠢᠨ ᠵᠣᠬᠢᠶᠠᠨ ᠪᠠᠶᠢᠭᠤᠯᠵᠤ ᠨᠡᠶᠢᠯᠡᠭᠦᠯᠦᠨ ᠬᠤᠳᠠᠯᠳᠤᠨ ᠠᠪᠬᠤ ᠵᠡᠷᠭᠡ ᠲᠤᠰ ᠬᠤᠭᠤᠴᠠᠭᠠᠨ ᠳᠤ ᠦᠷᠭᠦᠯᠵᠢᠯᠡᠨ ᠰᠦᠢᠳᠬᠡᠯ ᠲᠤᠰᠢᠶᠠᠵᠤ ᠳᠡᠶᠢᠯᠬᠦ ᠦᠭᠡᠢ ᠪᠠᠶᠢᠳᠠᠯ ᠳᠤ ᠲᠤᠯᠭᠠᠷᠠᠪᠠᠯ᠂ ᠠᠵᠢᠯᠲᠠᠨ ᠠᠵᠢᠯᠴᠢᠨ ᠤ ᠲᠠᠯ᠎ᠠ ᠯᠤᠭ᠎ᠠ ᠵᠥᠪᠳᠡᠯᠴᠡᠭᠡᠳ ᠰᠦᠢᠳᠬᠡᠯ ᠲᠤᠰᠢᠶᠠᠬᠤ ᠪᠠᠨ ᠵᠣᠭᠰᠣᠭᠠᠵᠤ ᠪᠣᠯᠣᠨ᠎ᠠ᠃ ᠦᠷᠭᠦᠯᠵᠢᠯᠡᠨ ᠰᠦᠢᠳᠬᠡᠯ ᠲᠤᠰᠢᠶᠠᠵᠤ ᠳᠡᠶᠢᠯᠬᠦ ᠦᠭᠡᠢ ᠪᠠᠶᠢᠳᠠᠯ ᠠᠷᠢᠯᠤᠭᠰᠠᠨ ᠤ ᠳᠠᠷᠠᠭ᠎ᠠ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠰᠦᠢᠳᠬᠡᠯ ᠲᠤᠰᠢᠶᠠᠬᠤ ᠪᠠᠨ ᠰᠡᠷᠭᠦᠭᠡᠬᠦ ᠶᠢᠨ ᠬᠠᠮᠲᠤ ᠲᠣᠰ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠰᠦᠢᠳᠬᠡᠯ ᠲᠤᠰᠢᠶᠠᠬᠤ ᠶᠢ ᠳᠣᠷᠭᠤᠨ ᠵᠣᠭᠰᠤᠭᠠᠬᠤ ᠦᠶ᠎ᠡ ᠶᠢᠨ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠶᠣᠰᠣᠭᠠᠷ ᠨᠥᠬᠦᠨ ᠲᠤᠰᠢᠶᠠᠵᠤ ᠪᠣᠯᠣᠨ᠎ᠠ᠂ ᠨᠥᠬᠦᠨ ᠲᠤᠰᠢᠶᠠᠬᠤ ᠵᠢᠯ ᠬᠤᠭᠤᠴᠠᠭ᠎ᠠ ᠪᠠ ᠵᠣᠭᠤᠰ ᠤᠨ ᠲᠤᠭ᠎ᠠ ᠶᠢ ᠰᠦᠢᠳᠬᠡᠯ ᠲᠤᠰᠢᠶᠠᠬᠤ ᠶᠢ ᠪᠣᠳᠠᠲᠠᠢ ᠳᠣᠷᠭᠤᠨ ᠵᠣᠭᠰᠣᠭᠠᠭᠰᠠᠨ ᠵᠢᠯ ᠬᠤᠭᠤᠴᠠᠭ᠎ᠠ ᠪᠠ ᠵᠣᠭᠤᠰ ᠤᠨ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠡᠵᠡᠩᠨᠡᠯᠲᠡ ᠶᠢᠨ ᠪᠠᠶᠢᠳᠠᠯ ᠮᠠᠭᠤ ᠠᠴᠠ ᠪᠣᠯᠵᠤ ᠲᠦᠷ ᠴᠠᠭ ᠨᠥᠬᠦᠴᠡᠯ ᠦᠭᠡᠢ ᠪᠠᠷ ᠪᠠᠶᠢᠭᠤᠯᠤᠭᠰᠠᠨ ᠪᠠᠶᠢᠪᠠᠯ᠂ ᠣᠷᠣᠯᠴᠠᠬᠤ ᠲᠥᠯᠥᠪᠯᠡᠭᠡ ᠲᠣᠭᠲᠠᠭᠠᠵᠤ᠂ ᠡᠵᠡᠩᠨᠡᠯᠲᠡ ᠶᠢᠨ ᠨᠥᠬᠦᠴᠡᠯ ᠰᠠᠶᠢᠵᠢᠷᠠᠭᠰᠠᠨ ᠤ ᠳᠠᠷᠠᠭ᠎ᠠ ᠴᠠᠭ ᠲᠤᠬᠠᠢ ᠳᠤᠨᠢ ᠪᠠᠶᠢᠭᠤᠯᠬᠤ ᠬᠡᠷᠡᠭᠲᠡᠶ᠃      ︵ᠬᠤᠶᠠᠷ︶ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠶᠢᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠤᠪᠢ ᠶᠢᠨ ᠡᠵᠡᠩᠨᠡᠯᠲᠡ ᠶᠢᠨ ᠨᠢᠭᠡᠴᠢ᠂ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠂ ᠠᠵᠢᠯᠴᠢᠨ ᠬᠥᠯᠥᠰᠦᠯᠡᠵᠦ ᠪᠠᠶᠢᠭ᠎ᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯᠴᠢᠨ ᠳᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠬᠦ ᠶᠢ ᠲᠦᠯᠬᠢᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠬᠡᠷᠡᠭᠯᠡᠬᠦ ᠨᠢᠭᠡᠴᠢ ᠶᠢᠨ ᠰᠢᠯᠢᠳᠡᠭ ᠠᠵᠢᠯᠲᠠᠨ ᠠᠵᠢᠯᠴᠢᠨ᠂ ᠠᠬᠠᠮᠠᠳ ᠠᠵᠢᠯᠲᠠᠨ ᠠᠵᠢᠯᠴᠢᠨ ᠳᠤ ᠤᠷᠢᠳ ᠢᠶᠠᠷ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠬᠦ ᠶᠢ ᠵᠥᠪᠰᠢᠶᠡᠷᠡᠨ᠎ᠡ᠃      ︵ᠭᠤᠷᠪᠠ︶ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠶᠢ ᠠᠬᠢᠭᠤᠯᠤᠨ᠎ᠠ᠃ ᠦᠢᠯᠡᠰ ᠪᠣᠰᠬᠠᠬᠤ ᠬᠦᠷᠢᠶᠡᠯᠡᠩ᠂ ᠨᠡᠪᠴᠢᠭᠦᠯᠬᠦ ᠬᠦᠷᠢᠶᠡᠯᠡᠩ᠂ ᠨᠡᠭᠡᠭᠡᠯᠲᠡ ᠶᠢᠨ ᠲᠣᠭᠤᠷᠢᠭ ᠵᠡᠷᠭᠡ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠬᠠᠶᠢᠯᠠᠭᠰᠠᠨ ᠠᠵᠢᠯ ᠢᠶᠠᠷ ᠵᠢᠯᠤᠭᠤᠳᠬᠤ᠂ ᠲᠥᠪᠯᠡᠷᠡᠭᠦᠯᠦᠨ ᠲᠠᠨᠢᠯᠴᠠᠭᠤᠯᠬᠤ᠂ ᠡᠷᠦᠬᠡ ᠳᠤ ᠬᠦᠷᠴᠦ ᠤᠬᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠦᠷᠦᠭᠦᠯᠡᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠳᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠪᠣᠯᠣᠨ᠎ᠠ᠃ ᠨᠥᠬᠦᠴᠡᠯ ᠲᠠᠢ ᠬᠦᠷᠢᠶᠡᠯᠡᠩ ᠲᠣᠭᠤᠷᠢᠭ ᠨᠢ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠬᠤ ᠶᠢ ᠰᠦᠪᠡᠭᠴᠢᠯᠡᠵᠦ᠂ ᠬᠠᠮᠲᠤᠪᠠᠷ ᠵᠥᠪᠳᠡᠯᠴᠡᠬᠦ᠂ ᠪᠡᠶ᠎ᠡ ᠪᠠᠨ ᠳᠠᠭᠠᠭᠠᠵᠤ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠪᠠ ᠠᠵᠢᠯᠲᠠᠨ ᠠᠵᠢᠯᠴᠢᠨ ᠢ ᠬᠠᠮᠤᠷᠤᠭᠰᠠᠨ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠵᠤ ᠪᠣᠯᠣᠨ᠎ᠠ᠃ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠭᠰᠠᠨ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠳᠤ᠂ ᠪᠣᠳᠠᠲᠠᠢ ᠪᠠᠷ ᠪᠦᠯᠦᠭᠯᠡᠯ ᠺᠣᠮᠫᠠᠨᠢ ᠶᠢᠨ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠠᠵᠤ ᠠᠬᠤᠶᠢᠯᠠᠯ ᠠᠴᠠ ᠣᠷᠣᠯᠴᠠᠬᠤ ᠡᠰᠡᠬᠦ ᠪᠠᠨ ᠡᠵᠡᠨ ᠮᠡᠳᠡᠵᠦ ᠰᠣᠩᠭᠤᠵᠤ ᠪᠣᠯᠣᠨ᠎ᠠ᠃      ︵ᠳᠥᠷᠪᠡ︶ ᠴᠢᠳᠠᠪᠤᠷᠢᠲᠠᠨ ᠤ ᠣᠨ ᠤ ᠮᠥᠩᠭᠦ ᠶᠢᠨ ᠳᠦᠷᠢᠮ ᠢ ᠪᠠᠶᠢᠭᠤᠯᠤᠨ᠎ᠠ᠃ ᠪᠥᠬᠦ ᠠᠵᠢᠯᠲᠠᠨ ᠪᠤᠶᠤ ᠣᠯᠠᠩᠬᠢ ᠬᠥᠮᠥᠰ ᠲᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠨᠥᠬᠦᠴᠡᠯ ᠢ ᠲᠦᠷ ᠪᠦᠷᠢᠯᠳᠦᠭᠦᠯᠦᠭᠡᠳᠦᠢ ᠬᠥᠮᠥᠨ ᠬᠡᠷᠡᠭᠯᠡᠬᠦ ᠨᠢᠭᠡᠴᠢ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠣᠨ ᠤ ᠮᠥᠩᠭᠦ ᠶᠢᠨ ᠲᠤᠷᠰᠢᠨ ᠬᠡᠷᠡᠭᠵᠢᠭᠦᠯᠬᠦ ᠠᠷᠭ᠎ᠠ︾ ︵ᠳᠠᠭᠠᠯᠳᠤᠭᠤᠯᠤᠯ 1︶ ᠶᠢ ᠦᠨᠳᠦᠰᠦᠯᠡᠨ᠂ ᠨᠢᠭᠡᠴᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠴᠢᠳᠠᠪᠤᠷᠢᠲᠠᠨ ᠳᠤ ᠤᠷᠢᠳ ᠢᠶᠠᠷ ᠴᠢᠳᠠᠪᠤᠷᠢᠲᠠᠨ ᠤ ᠣᠨ ᠤ ᠮᠥᠩᠭᠦ ᠪᠠᠶᠢᠭᠤᠯᠵᠤ ᠪᠣᠯᠣᠨ᠎ᠠ᠃      ︵ᠲᠠᠪᠤ︶ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠤᠨ ᠵᠣᠯᠭᠠᠭᠤᠯᠤᠯᠲᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠣᠨ ᠤ ᠮᠥᠩᠭᠦ ᠶᠢᠨ ᠬᠥᠮᠥᠨ ᠬᠡᠷᠡᠭᠯᠡᠬᠦ ᠨᠢᠭᠡᠴᠢ ᠨᠢ ᠠᠵᠢᠯᠲᠠᠨ ᠠᠵᠢᠯᠴᠢᠨ ᠳᠤ ᠡᠮᠦᠨᠡᠬᠢ ᠵᠢᠯ ᠤᠨ ᠠᠵᠤ ᠠᠬᠤᠶᠢᠯᠠᠯ ᠤᠨ ᠣᠨ ᠤ ᠮᠥᠩᠭᠦ ᠶᠢ ᠨᠥᠬᠦᠨ ᠪᠠᠶᠢᠭᠤᠯᠬᠤ ᠳᠤ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠬᠠᠷᠢᠭᠤᠴᠠᠨ ᠳᠠᠩᠰᠠᠯᠠᠭᠤᠯᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠥᠬᠦᠨ ᠪᠠᠶᠢᠭᠤᠯᠤᠭᠰᠠᠨ ᠠᠵᠤ ᠠᠬᠤᠶᠢᠯᠠᠯ ᠤᠨ ᠣᠨ ᠤ ᠮᠥᠩᠭᠦ ᠶᠢᠨ ᠪᠠᠶᠢᠳᠠᠯ ᠢᠶᠠᠨ ᠮᠡᠳᠡᠭᠦᠯᠵᠦ ᠲᠣᠳᠣᠷᠬᠠᠶᠢᠯᠠᠬᠤ ᠶᠢᠨ ᠬᠠᠮᠲᠤ ᠵᠥᠪᠰᠢᠶᠡᠷᠡᠯ ᠣᠯᠣᠭᠰᠠᠨ ᠤ ᠳᠠᠷᠠᠭ᠎ᠠ ᠨᠥᠬᠦᠨ ᠪᠠᠶᠢᠭᠤᠯᠬᠤ ᠬᠡᠷᠡᠭᠲᠡᠶ᠂ ᠨᠥᠬᠦᠨ ᠪᠠᠶᠢᠭᠤᠯᠬᠤ ᠶᠢᠨ ᠡᠬᠢᠯᠡᠬᠦ ᠴᠠᠭ ᠨᠢ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠪᠠᠶᠢᠭᠤᠯᠬᠤ ᠴᠠᠭ ᠠᠴᠠ ᠡᠷᠲᠡ ᠪᠠᠶᠢᠵᠤ ᠪᠣᠯᠬᠤ ᠦᠭᠡᠢ᠃      ᠬᠤᠶᠠᠷ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ︵ᠨᠢᠭᠡ︶ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠤᠨ ᠳᠠᠩᠰᠠᠯᠠᠭᠤᠯᠬᠤ ᠮᠠᠲ᠋ᠧᠷᠢᠶᠠᠯ ᠢ ᠴᠣᠮᠬᠠᠳᠬᠠᠨ᠎ᠠ᠃ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠣᠨ ᠤ ᠮᠥᠩᠭᠦ ᠶᠢᠨ ᠠᠷᠠᠳᠴᠢᠯᠠᠯ ᠤᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠪᠠᠶᠢᠭᠤᠯᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠪᠠ ᠮᠡᠳᠡᠭᠦᠯᠦᠨ ᠬᠦᠷᠭᠡᠬᠦ ᠮᠠᠲ᠋ᠧᠷᠢᠶᠠᠯ ᠢ ︽ᠠᠵᠤ ᠠᠬᠤᠶᠢᠯᠠᠯ ᠤᠨ ᠣᠨ ᠤ ᠮᠥᠩᠭᠦ ᠶᠢᠨ ᠠᠷᠭ᠎ᠠ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 36 ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ᠰᠠᠨᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠬᠠᠭᠠᠭᠰᠠᠨ ﹇2014﹈ 60 ᠳ᠋ᠤᠭᠠᠷ ᠲᠣᠭᠠᠲᠤ︶ ᠳᠤ ᠲᠣᠭᠲᠠᠭᠠᠭᠰᠠᠨ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠬᠤ ᠳᠤ ᠬᠡᠷᠡᠭᠰᠡᠬᠦ ᠦᠨᠳᠦᠰᠦᠨ ᠮᠠᠲ᠋ᠧᠷᠢᠶᠠᠯ ᠤᠨ ᠱᠠᠭᠠᠷᠳᠠᠯᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠡᠭᠦᠨ ᠠᠴᠠ ᠭᠠᠳᠠᠨ᠎ᠠ ᠬᠡᠷᠡᠭᠰᠡᠬᠦ ᠪᠤᠰᠤᠳ ᠮᠠᠲ᠋ᠧᠷᠢᠶᠠᠯ ᠵᠢᠴᠢ ᠭᠡᠷᠡᠴᠢ ᠪᠠᠷᠢᠮᠲᠠ ᠶᠢ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠣᠳᠠᠲᠠᠢ ᠪᠠᠶᠢᠳᠠᠯ ᠢᠶᠠᠨ ᠦᠨᠳᠦᠰᠦᠯᠡᠨ ᠳᠠᠩᠰᠠᠯᠠᠭᠤᠯᠬᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠪᠡᠶ᠎ᠡ ᠪᠠᠨ ᠳᠠᠭᠠᠭᠠᠨ ᠲᠣᠭᠲᠠᠭᠠᠵᠤ ᠪᠣᠯᠣᠨ᠎ᠠ᠃ ᠲᠥᠪᠯᠡᠷᠡᠭᠦᠯᠦᠨ ᠲᠥᠯᠥᠪᠯᠡᠬᠦ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠬᠤ ᠠᠵᠢᠯ ᠤᠨ ᠳᠤᠮᠳᠠ᠂ ᠲᠥᠬᠦᠮ ᠵᠢᠷᠤᠮ ᠤᠨ ᠥᠯᠢᠭᠡᠷ ᠳᠡᠪᠲᠡᠷ ︵ᠳᠠᠭᠠᠯᠳᠤᠭᠤᠯᠤᠯ 2︶ ᠢ ᠶᠡᠬᠡᠪᠡᠷ ᠬᠡᠷᠡᠭᠵᠢᠭᠦᠯᠵᠦ᠂ ᠲᠣᠰ ᠥᠯᠢᠭᠡᠷ ᠳᠡᠪᠲᠡᠷ ᠢᠶᠠᠷ ᠮᠡᠳᠡᠭᠦᠯᠦᠭᠰᠡᠨ ᠪᠠᠶᠢᠪᠠᠯ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠴᠠᠭ ᠬᠢᠵᠠᠭᠠᠷᠯᠠᠨ ᠭᠦᠢᠴᠡᠳᠬᠡᠨ᠎ᠡ᠃ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠭᠤᠯᠬᠤ ᠦᠶ᠎ᠡ ᠳᠤ ᠂ ᠳᠠᠩᠰᠠᠯᠠᠭᠤᠯᠤᠭᠰᠠᠨ ᠨᠢᠭᠡᠴᠢ ᠠᠴᠠ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ᠬᠠᠩᠭᠠᠬᠤ ᠶᠢ ᠳᠠᠬᠢᠵᠤ ᠱᠠᠭᠠᠷᠳᠠᠬᠤ ᠦᠭᠡᠢ᠂ ᠳᠠᠩᠰᠠᠯᠠᠭᠤᠯᠤᠭᠰᠠᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠠᠷᠠᠭᠠᠯᠵᠠᠭᠰᠠᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠳᠣᠲᠣᠭᠠᠳᠤ ᠶᠢᠨ ᠬᠠᠮᠵᠢᠯᠴᠠᠨ ᠬᠢᠨᠠᠨ ᠪᠠᠶᠢᠴᠠᠭᠠᠬᠤ ᠵᠠᠬᠢᠳᠠᠯ ︵ᠳᠠᠭᠠᠯᠳᠤᠭᠤᠯᠤᠯ 3︶ ᠢ ᠶᠠᠪᠤᠭᠤᠯᠵᠤ ᠪᠠᠶᠢᠴᠠᠭᠠᠨ ᠯᠠᠪᠯᠠᠬᠤ ᠳᠤ᠂ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠬᠠᠮᠵᠢᠯᠴᠠᠨ ᠪᠠᠶᠢᠴᠠᠭᠠᠬᠤ ᠵᠠᠬᠢᠳᠠᠯ ᠢ ᠣᠯᠣᠭᠰᠠᠨ 2 ᠠᠵᠢᠯᠯᠠᠬᠤ ᠡᠳᠦᠷ ᠤᠨ ᠳᠣᠲᠣᠷ᠎ᠠ ᠬᠠᠷᠢᠭᠤ ᠵᠠᠬᠢᠳᠠᠯ ᠥᠭᠬᠦ ᠶᠢᠨ ᠬᠠᠮᠲᠤ ᠳᠠᠩᠰᠠᠯᠠᠭᠤᠯᠤᠭᠰᠠᠨ ᠨᠢᠭᠡᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ︵ᠳᠠᠭᠠᠯᠳᠤᠭᠤᠯᠤᠯ 4︶ ᠶᠢ ᠬᠠᠩᠭᠠᠬᠤ ᠬᠡᠷᠡᠭᠲᠡᠶ       ︵ᠬᠤᠶᠠᠷ︶ ᠠᠵᠤ ᠠᠬᠤᠶᠢᠯᠠᠯ ᠤᠨ ᠣᠨ ᠤ ᠮᠥᠩᠭᠦ ᠶᠢᠨ ᠲᠣᠭᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠨ ᠠᠵᠤ ᠠᠬᠤᠶᠢᠯᠠᠯ ᠤᠨ ᠣᠨ ᠤ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠮᠡᠳᠡᠭᠡ ᠵᠠᠩᠭᠢ ᠶᠢ ᠢᠯᠭᠤᠮ ᠨᠡᠪᠲᠡᠷᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠣᠨ ᠤ ᠮᠥᠩᠭᠦ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠨᠢᠭᠡᠨᠲᠡ ᠣᠷᠣᠯᠴᠠᠭᠰᠠᠨ ᠠᠵᠤ ᠠᠬᠤᠶᠢᠯᠠᠯ ᠤᠨ ᠣᠨ ᠤ ᠮᠥᠩᠭᠦ ᠶᠢᠨ ᠨᠢᠭᠡᠴᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠪᠦᠬᠦ ᠣᠷᠣᠨ ᠤ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ ᠴᠠᠭ ᠲᠤᠬᠠᠢ ᠳᠤᠨᠢ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠢᠭᠡᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠲᠠᠢ ᠬᠠᠷᠭᠤᠭᠤᠯᠬᠤ ᠶᠢᠨ ᠬᠠᠮᠲᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠤᠭᠠᠳᠤᠢ ᠨᠢᠭᠡᠴᠢ ᠶᠢᠨ ᠨᠡᠷᠡᠰ ᠤᠨ ᠳᠡᠪᠲᠡᠷ ᠢ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠠᠵᠤ ᠠᠬᠤᠶᠢᠯᠠᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠬᠠᠤᠯᠢ ᠶᠢᠨ ᠡᠷᠬᠡᠲᠡᠨ ᠤ ᠨᠠᠶᠢᠳᠠᠯᠭ᠎ᠠ ᠬᠦᠯᠢᠶᠡᠭᠰᠡᠨ ᠪᠠᠶᠢᠭᠤᠯᠤᠮᠵᠢ ᠪᠠ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠭᠡᠨ ᠥᠭᠴᠦ᠂ ᠠᠵᠤ ᠠᠬᠤᠶᠢᠯᠠᠯ ᠤᠨ ᠣᠨ ᠤ ᠮᠥᠩᠭᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠲᠤᠯᠭᠠᠭᠤᠷᠢᠯᠠᠯ ᠬᠠᠩᠭᠠᠨ᠎ᠠ᠃      ᠭᠤᠷᠪᠠ᠂ ᠠᠵᠤ ᠠᠬᠤᠶᠢᠯᠠᠯ ᠤᠨ ᠣᠨ ᠤ ᠮᠥᠩᠭᠦ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ      ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠨ ᠤ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠵᠢᠷᠤᠭ᠂ ᠢᠯᠡ ᠨᠡᠶᠢᠲᠡᠯᠡᠬᠦ ᠫᠠᠶᠢᠰᠠ᠂ ᠤᠬᠠᠭᠤᠯᠭ᠎ᠠ ᠶᠢᠨ ᠪᠤᠯᠤᠩ᠂ ᠷᠠᠳᠢᠣ᠋ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ᠂ ᠸᠢᠴᠠᠲ ᠤᠨ ᠲᠠᠪᠴᠠᠩ ᠵᠡᠷᠭᠡ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠨᠠᠩ ᠤᠯᠠᠨ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠣᠨ ᠤ ᠮᠥᠩᠭᠦ ᠶᠢᠨ ᠲᠤᠬᠠᠢ ᠨᠠᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠭᠠᠬᠤ ᠬᠡᠷᠡᠭᠲᠡᠶ᠃ ᠬᠡᠪᠴᠢᠶ᠎ᠡ ᠪᠠᠷ ᠬᠠᠷᠢᠴᠠᠩᠭᠤᠢ ᠶᠡᠭᠡ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠶᠢᠨ ᠬᠠᠮᠲᠤ ᠨᠢᠭᠡ ᠶᠢ ᠨᠢᠭᠡ ᠳᠤ ᠬᠠᠷᠠᠭᠠᠯᠵᠠᠭᠤᠯᠤᠭᠰᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠭᠦᠢᠴᠡᠳ ᠣᠶᠢᠯᠠᠭᠠᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠨᠥᠬᠦᠴᠡᠯ ᠲᠠᠢ ᠪᠠᠶᠢᠳᠠᠯ ᠳᠣᠣᠷ᠎ᠠ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠬᠡᠷᠡᠭᠲᠡᠶ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠣᠨ ᠤ ᠮᠥᠩᠭᠦ ᠶᠢ ᠲᠠᠨᠢᠯᠴᠠᠭᠤᠯᠬᠤ ᠬᠤᠷᠠᠯ ᠢ ᠬᠤᠷᠠᠯᠳᠤᠭᠤᠯᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠢ ᠳᠠᠩᠰᠠᠯᠠᠬᠤ ᠴᠤᠪᠤᠷᠠᠯ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠨᠢᠭᠡᠨᠲᠡ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠤᠭᠰᠠᠨ ᠠᠵᠤ ᠠᠬᠤᠶᠢᠯᠠᠯ ᠢ ᠤᠷᠢᠵᠤ ᠲᠤᠷᠰᠢᠯᠭ᠎ᠠ ᠶᠢ  ᠨᠢ ᠲᠠᠨᠢᠯᠴᠠᠭᠤᠯᠤᠨ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃      ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠶᠢᠰᠢᠳᠠ ᠤᠯᠤᠰ ᠠᠴᠠ ᠰᠢᠨ᠎ᠡ ᠲᠣᠭᠲᠠᠭᠠᠯ ᠭᠠᠷᠭᠠᠪᠠᠯ ᠲᠡᠷᠡ ᠲᠣᠭᠲᠠᠭᠠᠯ ᠢ ᠵᠢᠷᠤᠮᠯᠠᠨ᠎ᠠ᠃      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠣᠨ ᠤ ᠮᠥᠩᠭᠦ ᠶᠢᠨ ᠲᠤᠷᠰᠢᠨ ᠬᠡᠷᠡᠭᠵᠢᠭᠦᠯᠬᠦ ᠠᠷᠭ᠎ᠠ      2. ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ︵ᠬᠡᠷᠡᠭᠵᠢᠭᠦᠯᠬᠦ ᠨᠠᠷᠢᠨ ᠳᠦᠷᠢᠮ︶ ᠤᠨ ᠲᠥᠬᠦᠮ ᠵᠢᠷᠤᠮ ᠤᠨ ᠥᠯᠢᠭᠡᠷ ᠳᠡᠪᠲᠡᠷ      3᠂ xx ᠨᠢᠭᠡᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠢ ᠬᠠᠮᠵᠢᠨ ᠬᠢᠨᠠᠨ ᠪᠠᠶᠢᠴᠠᠭᠠᠬᠤ ᠲᠤᠬᠠᠢ ᠵᠠᠬᠢᠳᠠᠯ      4. ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ︵ᠶᠠᠩᠵᠤ ᠬᠡᠯᠪᠡᠷᠢ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ      2024 ᠣᠨ ᠤ 11 ᠰᠠᠷ᠎ᠠ ᠶᠢᠨ 29 ᠤ ᠡᠳᠦᠷ
 
ᠢᠷᠡᠯᠲᠡ᠄ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ 
 
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号