ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠮᠠᠨᠵᠤᠤᠷ ᠬᠤᠲᠠ᠂ ᠡᠷᠢᠶᠡᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠳᠤ᠄ | ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ | 2021 – 2025 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 – 2025 ᠣᠨ︶ | ﹀ ᠶᠢ ᠲᠤᠭᠤᠰᠢᠯᠠᠭᠤᠯᠤᠨ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ | ᠪᠠᠭᠲᠠᠭᠠᠮᠵᠢᠲᠠᠢ ᠪᠥᠭᠡᠳ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ | ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ | ᠦᠯᠦ ᠥᠭᠬᠦ ᠲᠣᠳᠣᠷᠬᠠᠢ ᠬᠠᠭᠤᠳᠠᠰᠤ ︵2024 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠥᠩᠭᠡᠨ ᠢᠶᠠᠷ | ᠰᠢᠢᠳᠬᠡᠬᠦ ᠪᠤᠶᠤ ᠬᠥᠩᠭᠡᠷᠡᠭᠦᠯᠬᠦ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠳᠣᠷᠬᠠᠢ ᠬᠠᠭᠤᠳᠠᠰᠤ ︵ | 2024 ᠣᠨ ᠤ ᠬᠡᠪᠯᠡᠯ︶ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ 2025 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠲᠣᠰ ᠲᠣᠳᠣᠷᠬᠠᠢ ᠬᠠᠭᠤᠳᠠᠰᠤ ᠠᠴᠠ ᠭᠠᠳᠠᠨᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠦᠯᠦ | ᠥᠭᠬᠦ ᠪᠤᠶᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠥᠩᠭᠡᠨ ᠢᠶᠠᠷ ᠪᠤᠶᠤ ᠬᠥᠩᠭᠡᠷᠡᠭᠦᠯᠬᠦ ᠪᠠᠶᠢᠳᠠᠯ ᠳᠤ | ᠨᠡᠶᠢᠴᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠦᠯᠦ ᠥᠭᠬᠦ ᠪᠤᠶᠤ ᠵᠠᠰᠠᠭ ᠵᠠᠬᠢᠷᠭᠠᠨ ᠤ | ᠰᠢᠢᠳᠬᠡᠯ ᠢ ᠬᠥᠩᠭᠡᠨ ᠢᠶᠠᠷ ᠪᠤᠶᠤ ᠬᠥᠩᠭᠡᠷᠡᠭᠦᠯᠦᠨ ᠰᠢᠢᠳᠬᠡᠨ᠎ᠡ᠃ ᠡᠭᠦᠨ ᠠᠴᠠ ᠡᠮᠦᠨᠡᠬᠢ ᠪᠢᠴᠢᠭ ᠮᠠᠲ᠋ᠧᠷᠢᠶᠠᠯ ᠤᠨ | ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠦᠯᠦ ᠥᠭᠬᠦ ᠲᠣᠳᠣᠷᠬᠠᠢ | ᠬᠠᠭᠤᠳᠠᠰᠤ ︵2024 ᠣᠨ ᠤ ᠬᠡᠪᠯᠡᠯ︶ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠬᠦ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠲᠣᠳᠣᠷᠬᠠᠢ ᠬᠠᠭᠤᠳᠠᠰᠤ ︵2024 ᠣᠨ ᠤ ᠬᠡᠪᠯᠡᠯ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ | 2024 ᠣᠨ ᠤ 12 ᠰᠠᠷ᠎ᠠ ᠶᠢᠨ 11 ᠤ ᠡᠳᠦᠷ |