ᠨᠢᠭᠡ᠂ ᠲᠣᠭᠲᠠᠭᠠᠭᠰᠠᠨ ᠠᠬᠤᠢ ᠪᠠᠶᠢᠳᠠᠯ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ | ᠣᠨ ᠤ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ︾ ᠱᠠᠭᠠᠷᠳᠠᠯᠭ᠎ᠠ ᠶᠢ ᠳᠤᠷᠠᠳᠤᠨ | ᠭᠠᠷᠭᠠᠵᠠᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠣᠯᠭᠠᠵᠤ᠂ | ︽ᠤᠯᠠᠨ ᠳᠡᠰ ᠳᠠᠪᠬᠤᠷᠭ᠎ᠠ ᠤᠯᠠᠨ ᠲᠤᠯᠭᠠᠭᠤᠷᠢᠲᠤ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ︽ᠠᠵᠤ ᠠᠬᠤᠶᠢᠯᠠᠯ ᠤᠨ ᠣᠨ ᠤ ᠮᠥᠩᠭᠦ ᠶᠢ | ᠲᠦᠷᠭᠡᠳᠬᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ︾ ᠢ ᠲᠣᠭᠲᠠᠭᠠᠵᠤ᠂ ᠮᠠᠨ ᠤ ᠣᠷᠣᠨ ᠤ ᠠᠵᠤ | ᠠᠬᠤᠶᠢᠯᠠᠯ ᠤᠨ ᠣᠨ ᠤ ᠮᠥᠩᠭᠦ ᠶᠢ ᠲᠦᠷᠭᠡᠳᠬᠡᠨ ᠬᠥᠭᠵᠢᠭᠦᠯᠬᠦ ᠶᠢ ᠲᠦᠯᠬᠢᠨ ᠠᠬᠢᠭᠤᠯᠪᠠ᠃ | ᠬᠤᠶᠠᠷ᠂ ᠭᠤᠣᠯ ᠠᠭᠤᠯᠭ᠎ᠠ | ︽ᠵᠢᠯᠤᠭᠤᠳᠬᠤ ᠰᠠᠨᠠᠯ︾ ᠳᠤ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠤᠨ ᠬᠠᠮᠤᠷᠬᠤ | ᠬᠡᠪᠴᠢᠶ᠎ᠡ ᠶᠢ ᠥᠷᠭᠡᠳᠬᠡᠬᠦ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠣᠨ ᠤ ᠮᠥᠩᠭᠦ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ 3 | ᠬᠡᠰᠡᠭ᠂ 8 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃ | ᠨᠢᠭᠡᠳᠦᠭᠡᠷ ᠬᠡᠰᠡᠭ ᠲᠤ ᠨᠠᠶᠢᠳᠠ 5 ᠵᠦᠢᠯ ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠣᠨ ᠤ | ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠨᠢᠭᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠬᠦ ᠠᠵᠢᠯᠲᠠᠨ ᠢ ᠬᠠᠮᠤᠷᠤᠭᠰᠠᠨ ᠠᠵᠤ | ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠣᠨ ᠤ ᠮᠥᠩᠭᠦ ᠶᠢ ᠠᠶᠠᠨᠳᠠᠭᠠᠨ ᠣᠷᠣᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠶᠠᠷ ᠲᠤ | ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠶᠢᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠶᠢ | ᠲᠦᠯᠬᠢᠨ ᠠᠬᠢᠭᠤᠯᠵᠤ᠂ ᠨᠥᠬᠦᠴᠡᠯ ᠳᠤ ᠨᠡᠶᠢᠴᠡᠬᠦ ᠨᠢᠭᠡᠴᠢ ᠶᠢᠨ ᠤᠷᠢᠳᠠᠪᠠᠷ ᠨᠢᠭᠡ ᠪᠦᠯᠦᠭ ᠬᠥᠮᠥᠰ ᠲᠤ ᠠᠵᠤ | ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠭᠤᠷᠪᠠ ᠳᠤ ᠡᠯ᠎ᠡ ᠲᠥᠷᠥᠯ ᠤᠨ | ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠠᠵᠤ ᠠᠬᠤᠶᠢᠯᠠᠯ ᠤᠨ ᠣᠨ ᠤ ᠮᠥᠩᠭᠦ | ᠪᠠᠶᠢᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠨ ᠠᠵᠤ ᠠᠬᠤᠶᠢᠯᠠᠯ ᠤᠨ ᠣᠨ ᠤ | ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠳᠥᠷᠪᠡ ᠳᠤ ᠴᠢᠳᠠᠪᠤᠷᠢᠲᠠᠨ ᠤ ᠣᠨ ᠤ ᠮᠥᠩᠭᠦ ᠶᠢ ᠪᠠᠶᠢᠭᠤᠯᠵᠤ᠂ | ᠪᠥᠬᠦ ᠠᠵᠢᠯᠲᠠᠨ ᠪᠤᠶᠤ ᠣᠯᠠᠩᠬᠢ ᠬᠥᠮᠥᠰ ᠲᠤ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠬᠤ ᠨᠥᠬᠦᠴᠡᠯ ᠢ | ᠲᠦᠷ ᠪᠦᠷᠢᠯᠳᠦᠭᠦᠯᠦᠭᠡᠳᠦᠢ ᠬᠥᠮᠥᠨ ᠬᠡᠷᠡᠭᠯᠡᠬᠦ ᠨᠢᠭᠡᠴᠢ ᠳᠤ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠳᠤ | ᠴᠢᠳᠠᠪᠤᠷᠢᠲᠠᠨ ᠤ ᠣᠨ ᠤ ᠮᠥᠩᠭᠦ ᠶᠢ ᠪᠠᠶᠢᠭᠤᠯᠵᠤ ᠪᠣᠯᠣᠨ᠎ᠠ᠃ ᠲᠠᠪᠤ ᠳᠤ᠂ ᠮᠠᠨ ᠤ ᠣᠷᠣᠨ ᠤ ᠣᠨ ᠤ ᠮᠥᠩᠭᠦ ᠶᠢ | ᠰᠢᠨ᠎ᠡ ᠪᠠᠷ ᠪᠠᠶᠢᠭᠤᠯᠤᠭᠰᠠᠨ ᠨᠢᠭᠡᠴᠢ ᠶᠢᠨ ᠥᠩᠭᠡᠷᠡᠭᠰᠡᠨ ᠵᠢᠯ ᠤᠨ ᠠᠵᠤ ᠠᠬᠤᠶᠢᠯᠠᠯ ᠤᠨ ᠣᠨ ᠤ ᠮᠥᠩᠭᠦ ᠶᠢ ᠨᠢ | ᠨᠥᠬᠦᠨ ᠲᠡᠮᠳᠡᠭᠯᠡᠬᠦ ᠶᠢ ᠵᠥᠪᠰᠢᠶᠡᠷᠡᠨ᠎ᠡ᠃ | ᠬᠤᠶᠠᠳᠤᠭᠠᠷ ᠬᠡᠰᠡᠭ ᠲᠤ ᠨᠠᠶᠢᠳᠠ 2 ᠵᠦᠢᠯ ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠣᠨ ᠤ | ᠮᠥᠩᠭᠦ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠨᠢᠭᠡ ᠳᠤ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠰᠥᠯ ᠤᠨ ᠳᠠᠩᠰᠠᠯᠠᠭᠤᠯᠬᠤ ᠮᠠᠲ᠋ᠧᠷᠢᠶᠠᠯ ᠢ ᠴᠣᠮᠬᠠᠳᠬᠠᠵᠤ | ᠂ ᠠᠵᠤ ᠠᠬᠤᠶᠢᠯᠠᠯ ᠤᠨ ᠣᠨ ᠤ ᠮᠥᠩᠭᠦ ᠶᠢᠨ ᠲᠥᠬᠦᠮ ᠳᠠᠩᠰᠠᠯᠠᠭᠤᠯᠬᠤ ᠲᠥᠰᠥᠯ ᠢ ᠬᠡᠷᠡᠭᠵᠢᠭᠦᠯᠦᠨ᠂ ᠬᠠᠮᠢᠶ᠎ᠠ | ᠪᠦᠬᠦᠢ ᠮᠠᠲ᠋ᠧᠷᠢᠶᠠᠯ ᠳᠤ ᠳᠠᠩᠰᠠᠯᠠᠭᠤᠯᠬᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠣᠯᠣᠨ᠎ᠠ᠃ ᠬᠤᠶᠠᠷ ᠲᠤ | ᠠᠵᠤ ᠠᠬᠤᠶᠢᠯᠠᠯ ᠤᠨ ᠣᠨ ᠤ ᠮᠥᠩᠭᠦ ᠶᠢᠨ ᠲᠣᠭᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠠᠵᠤ | ᠠᠬᠤᠶᠢᠯᠠᠯ ᠤᠨ ᠣᠨ ᠤ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠲᠤᠭ᠎ᠠ ᠪᠠᠷᠢᠮᠲᠠ ᠶᠢᠨ ᠬᠥᠮᠥᠷᠭᠡ ᠶᠢ | ᠪᠠᠶᠢᠭᠤᠯᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠦᠷᠢᠮ ᠤᠨ | ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ | ᠭᠤᠷᠪᠠᠳᠤᠭᠠᠷ ᠬᠡᠰᠡᠭ ᠲᠤ ᠨᠠᠶᠢᠳᠠ 1 ᠵᠦᠢᠯ ᠤᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ | ᠣᠨ ᠤ ᠮᠥᠩᠭᠦ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ | ᠠᠷᠭ᠎ᠠ ᠵᠠᠮ᠂ ᠤᠯᠠᠨ ᠬᠡᠯᠪᠡᠷᠢ ᠪᠠᠷ ᠤᠬᠠᠭᠤᠯᠭ᠎ᠠ ᠶᠢ ᠥᠷᠨᠢᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠭᠠᠷᠭᠠᠪᠠ᠃ | ᠲᠥᠷᠥ ᠶᠢᠨ ᠪᠣᠳᠣᠯᠭ᠎ᠠ ᠶᠢᠨ ᠤᠭ ᠵᠣᠬᠢᠶᠠᠯ ᠢ ᠠᠳᠡ ᠲᠣᠪᠴᠢᠳᠠᠵᠤ ᠦᠵᠡᠵᠦ ᠪᠣᠯᠣᠨ᠎ᠠ | ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠄ ᠠᠵᠤ ᠠᠬᠤᠶᠢᠯᠠᠯ ᠤᠨ ᠣᠨ ᠤ ᠮᠥᠩᠭᠦ ᠶᠢ ᠲᠦᠷᠭᠡᠳᠬᠡᠨ | ᠬᠥᠭᠵᠢᠭᠦᠯᠬᠦ ᠲᠤᠬᠠᠢ ᠵᠢᠯᠤᠭᠤᠳᠬᠤ ᠰᠠᠨᠠᠯ | | |