ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠬᠥᠬᠡᠬᠤᠲᠠ | ᠣᠷᠣᠨ ᠳᠤ ᠰᠠᠭᠤᠭ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ᠂ ᠳᠡᠭᠡᠳᠦ | ᠰᠤᠷᠭᠠᠭᠤᠯᠢ᠂ ᠡᠯ᠎ᠡ ᠲᠣᠮᠣ ᠠᠵᠤ ᠠᠬᠤᠶᠢᠯᠠᠯ ᠳᠤ᠄ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠤᠷ᠎ᠠ ᠴᠢᠳᠠᠪᠤᠷᠢ ᠶᠢᠨ ᠶᠡᠭᠡ | ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ | ᠬᠥᠮᠥᠨ ᠨᠡᠶᠢᠭᠡᠮ ᠲᠠᠷᠬᠠᠭᠠᠭᠰᠠᠨ ﹇2021﹈ 31 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠪᠥᠬᠦ ᠣᠷᠣᠨ ᠳᠤ 2025 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ︵ᠳᠣᠷᠣᠭᠰᠢ ︽ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾ | ᠭᠡᠵᠦ ᠲᠣᠪᠴᠢᠯᠠᠨ᠎ᠠ︶ ᠪᠠ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ︵ᠳᠣᠷᠣᠭᠰᠢ ︽ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ︾ ᠭᠡᠵᠦ ᠲᠣᠪᠴᠢᠯᠠᠨ᠎ᠠ︶ ᠢ ᠭᠤᠶᠤᠴᠢᠯᠠᠨ ᠮᠡᠳᠡᠭᠦᠯᠵᠦ ᠬᠢᠨᠠᠨ ᠰᠢᠯᠭᠠᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | | ᠨᠢᠭᠡ᠂ ᠲᠥᠷᠥᠯ ᠵᠦᠢᠯ ᠤᠨ ᠭᠦᠢᠴᠡᠳᠬᠡᠯ ᠲᠤᠭ᠎ᠠ | 2025 ᠣᠨ ᠤ ᠪᠥᠬᠦ ᠣᠷᠣᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠦᠢᠴᠡᠳᠬᠡᠯ | ᠲᠤᠭ᠎ᠠ ᠨᠢ 10 ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ 10 ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯᠯᠠᠬᠤ ᠲᠠᠰᠤᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠃ | ᠬᠤᠶᠠᠷ᠂ ᠮᠡᠳᠡᠭᠦᠯᠬᠦ ᠨᠥᠬᠦᠴᠡᠯ | ︵ᠨᠢᠭᠡ︶ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠪᠣᠯᠪᠠᠰᠤᠷᠠᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾ ᠪᠠ ︽ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ︾ ᠢᠶᠠᠷ ᠮᠡᠳᠡᠭᠦᠯᠬᠦ ᠨᠢᠭᠡᠴᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ | ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠠᠷᠭ᠎ᠠ | ︵2022 ︱ 2025 ᠣᠨ︶﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ | ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ | ᠠᠷᠭ᠎ᠠ ︵2022 ︱ 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠬᠥᠮᠥᠨ | ᠨᠡᠶᠢᠭᠡᠮ ᠠᠯᠪᠠᠨ ᠲᠠᠷᠬᠠᠭᠠᠭᠰᠠᠨ ﹇2022﹈ 49 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠤᠨ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠬᠤᠶᠠᠷ︶ ᠨᠢᠭᠡᠨᠲᠡ ᠤᠯᠤᠰ ᠤᠨ ᠲᠠᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠣᠭᠰᠠᠨ ᠮᠥᠷᠲᠡᠭᠡᠨ ᠮᠥᠨ ᠬᠦ | ᠪᠦᠲᠦᠭᠡᠨ ᠪᠠᠶᠢᠭᠤᠯᠬᠤ ᠬᠤᠭᠤᠴᠠᠭᠠᠨ ᠳᠤ ᠪᠠᠶᠢᠪᠠᠯ᠂ 2025 ᠣᠨ ᠤ ᠭᠤᠶᠤᠴᠢᠯᠠᠨ ᠮᠡᠳᠡᠭᠦᠯᠬᠦ ᠠᠵᠢᠯ ᠳᠤ | ᠣᠷᠣᠯᠴᠠᠬᠤ ᠦᠭᠡᠢ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯᠯᠠᠬᠤ ᠲᠠᠰᠤᠭ ᠲᠤ ᠭᠤᠶᠤᠴᠢᠯᠠᠨ | ᠮᠡᠳᠡᠭᠦᠯᠦᠭᠰᠡᠨ ᠳᠠᠭᠠᠭᠤᠯᠤᠨ ᠭᠦᠢᠴᠡᠳᠭᠡᠭᠴᠢ ᠨᠢ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠠᠵᠢᠯ ᠮᠡᠷᠭᠡᠵᠢᠯ ᠤᠨ | ᠬᠢᠷᠢ ᠬᠡᠮ ᠪᠤᠶᠤ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠪᠦᠷᠢᠯᠳᠦᠭᠦᠯᠦᠭᠰᠡᠨ ᠦᠭᠡᠢ ᠪᠣᠯᠪᠠᠴᠤ ᠣᠷᠣᠨ | ᠨᠤᠲᠤᠭ ᠤᠨ ᠣᠨᠴᠠᠯᠢᠭ ᠲᠠᠢ ᠤᠷ᠎ᠠ ᠮᠡᠷᠭᠡᠵᠢᠯ ᠤᠨ ᠠᠵᠢᠯ ︵ᠠᠵᠢᠯ ᠲᠥᠷᠥᠯ︶ ᠢ ᠡᠷᠭᠢᠯᠡᠵᠦ᠂ ᠣᠨᠴᠠ | ᠮᠡᠷᠭᠡᠵᠢᠯ ᠲᠠᠢ ᠪᠥᠭᠡᠳ ᠤᠯᠠᠮᠵᠢᠯᠠᠯᠲᠤ ᠤᠷᠠᠯᠠᠯ ᠢ ᠢᠳᠡᠪᠬᠢᠲᠡᠢ ᠪᠠᠷ ᠠᠭᠤᠳᠠᠯᠤᠨ ᠵᠠᠯᠭᠠᠮᠵᠢᠯᠠᠬᠤ ᠲᠠᠯ᠎ᠠ ᠪᠠᠷ | ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠲᠠᠨᠢᠯᠴᠠᠭᠤᠯᠤᠭᠰᠠᠨ ᠨᠢᠭᠡᠴᠢ ᠨᠢ ᠠᠵᠢᠯ ᠤᠨ ᠠᠮᠵᠢᠯᠲᠠ | ᠪᠦᠲᠦᠮᠵᠢ ᠶᠢᠨ ᠬᠤᠪᠢ ᠨᠡᠮᠡᠷᠢ ᠶᠢᠨ ᠲᠣᠳᠣᠷᠬᠠᠶᠢᠯᠠᠯᠲᠠ ᠬᠢᠬᠦ ᠬᠡᠷᠡᠭᠲᠡᠶ᠃ | ᠭᠤᠷᠪᠠ᠂ ᠲᠠᠨᠢᠯᠴᠠᠭᠤᠯᠬᠤ ᠣᠷᠣᠨ ᠲᠤᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠨᠢ ᠬᠤᠪᠢᠶᠠᠷᠢᠯᠠᠭᠰᠠᠨ ᠣᠷᠣᠨ ᠲᠤᠭ᠎ᠠ ᠶᠢᠨ ᠶᠣᠰᠣᠭᠠᠷ ᠪᠠᠲᠤᠯᠠᠨ ᠲᠠᠨᠢᠯᠴᠠᠭᠤᠯᠤᠨ᠎ᠠ ︵ | ᠲᠤᠬᠠᠢ ᠶᠢᠨ ᠭᠠᠵᠠᠷ ᠤᠨ ᠲᠥᠪ ᠤᠨ ᠰᠢᠭᠤᠳ ᠬᠠᠷᠢᠶ᠎ᠠ ᠨᠢᠭᠡᠴᠢ ᠪᠠ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠨᠢᠭᠡᠴᠢ ᠶᠢ ᠪᠠᠭᠲᠠᠭᠠᠨ᠎ᠠ᠂ ᠳᠠᠭᠠᠯᠳᠤᠭᠤᠯᠤᠯ 1 ᠶᠢ ᠦᠵᠡ︶᠃ | ︵ᠬᠤᠶᠠᠷ︶ ᠬᠥᠬᠡᠬᠤᠲᠠ ᠣᠷᠣᠨ ᠳᠤ ᠰᠠᠭᠤᠭ᠎ᠠ ᠲᠥᠪ᠂ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠳᠡᠭᠡᠳᠦ ᠰᠤᠷᠭᠠᠭᠤᠯᠢ᠂ ᠲᠣᠮᠣ ᠠᠵᠤ ᠠᠬᠤᠶᠢᠯᠠᠯ ᠤᠳ ᠲᠣᠰ ᠰᠠᠯᠠᠭ᠎ᠠ ᠮᠥᠴᠢᠷ ᠤᠨ ᠢᠶᠠᠨ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠢᠭᠤᠳ ᠬᠠᠷᠢᠶ᠎ᠠ ᠨᠢᠭᠡᠴᠢ ᠶᠢᠨ ᠳᠣᠲᠣᠷ᠎ᠠ ᠠᠴᠠ 2 | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ 2 ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯᠯᠠᠬᠤ ᠲᠠᠰᠤᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠠᠨᠢᠯᠴᠠᠭᠤᠯᠵᠤ ᠪᠣᠯᠣᠨ᠎ᠠ᠃ | ︵ᠭᠤᠷᠪᠠ︶ ᠪᠠᠲᠤᠯᠠᠨ ᠲᠠᠨᠢᠯᠴᠠᠭᠤᠯᠬᠤ ᠣᠷᠣᠨ ᠲᠤᠭ᠎ᠠ ᠠᠴᠠ ᠳᠠᠪᠠᠭᠰᠠᠨ ᠪᠦᠬᠦᠨ ᠢ ᠴᠥᠮ ᠬᠢᠨᠠᠨ | ᠲᠣᠭᠲᠠᠭᠠᠬᠤ ᠦᠭᠡᠢ᠃ | ︵ᠳᠥᠷᠪᠡ︶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ ᠵᠢᠴᠢ ᠡᠯ᠎ᠡ | ᠠᠶᠢᠮᠠᠭ ᠬᠤᠲᠠ ᠶᠢᠨ ᠨᠢᠭᠡᠨᠲᠡ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠷᠭᠡᠵᠢᠯ | ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠭᠡᠷ ᠲᠤ᠂ ᠬᠡᠷᠪᠡ ᠮᠡᠷᠭᠡᠵᠢᠯ ᠴᠢᠳᠠᠪᠤᠷᠢ ᠶᠢᠨ ᠶᠡᠭᠡ ᠪᠠᠭᠰᠢ ᠠᠵᠢᠯ | ᠰᠢᠯᠵᠢᠬᠦ᠂ ᠠᠵᠢᠯ ᠠᠴᠠ ᠪᠠᠨ ᠠᠮᠠᠷᠠᠬᠤ ᠵᠡᠷᠭᠡ ᠰᠢᠯᠲᠠᠭᠠᠨ ᠠᠴᠠ ᠪᠣᠯᠵᠤ ᠠᠵᠢᠯᠯᠠᠬᠤ ᠲᠠᠰᠤᠭ ᠤᠨ ᠳᠠᠭᠠᠭᠤᠯᠤᠨ | ᠭᠦᠢᠴᠡᠳᠭᠡᠭᠴᠢ ᠪᠠᠨ ᠬᠤᠪᠢᠷᠠᠭᠤᠯᠬᠤ ᠴᠢᠬᠤᠯᠠᠲᠠᠢ ᠪᠠᠶᠢᠪᠠᠯ᠂ ᠠᠵᠢᠯᠯᠠᠬᠤ ᠲᠠᠰᠤᠭ ᠤᠨ ᠪᠠᠶᠢᠭ᠎ᠠ ᠨᠢᠭᠡᠴᠢ ᠠᠴᠠ | ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠪᠢᠷᠠᠭᠤᠯᠬᠤ ᠭᠤᠶᠤᠴᠢᠯᠠᠯᠲᠠ ᠬᠢᠵᠦ᠂ | ᠲᠠᠨᠢᠯᠴᠠᠭᠤᠯᠬᠤ ᠨᠢᠭᠡᠴᠢ ᠨᠢ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠨᠥᠬᠦᠴᠡᠯ ᠶᠣᠰᠣᠭᠠᠷ᠂ ᠠᠵᠢᠯᠯᠠᠬᠤ | ᠲᠠᠰᠤᠭ ᠤᠨ ᠳᠠᠭᠠᠭᠤᠯᠤᠨ ᠭᠦᠢᠴᠡᠳᠭᠡᠭᠴᠢ ᠶᠢ ᠳᠠᠬᠢᠨ ᠰᠢᠨ᠎ᠡ ᠪᠠᠷ ᠲᠣᠭᠲᠠᠭᠠᠬᠤ ᠶᠢᠨ ᠬᠠᠮᠲᠤ ᠬᠤᠪᠢᠷᠠᠭᠤᠯᠬᠤ | ᠪᠢᠴᠢᠭ ᠤᠨ ᠭᠤᠶᠤᠴᠢᠯᠠᠯ ᠳᠤᠷᠠᠳᠬᠤ ᠶᠢᠨ ᠬᠠᠮᠲᠤ᠂ ︽ᠭᠤᠶᠤᠴᠢᠯᠠᠨ ᠮᠡᠳᠡᠭᠦᠯᠬᠦ ᠠᠵᠢᠯ ᠤᠨ ᠲᠠᠰᠤᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠠᠲ᠋ᠧᠷᠢᠶᠠᠯ︾ ᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠳᠤ ᠬᠤᠪᠢᠷᠠᠭᠤᠯᠬᠤ ᠴᠢᠬᠤᠯᠠᠲᠠᠢ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ | ᠲᠠᠰᠤᠭ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ ᠠᠵᠢᠯᠯᠠᠬᠤ ᠲᠠᠰᠤᠭ ᠤᠨ | ᠳᠠᠭᠠᠭᠤᠯᠤᠨ ᠭᠦᠢᠴᠡᠳᠭᠡᠭᠴᠢ ᠶᠢ ᠬᠤᠪᠢᠷᠠᠭᠤᠯᠬᠤ ᠨᠢ ᠬᠤᠪᠢᠶᠠᠷᠢᠯᠠᠯᠲᠠ ᠶᠢᠨ ᠲᠠᠨᠢᠯᠴᠠᠭᠤᠯᠬᠤ ᠣᠷᠣᠨ ᠲᠤᠭ᠎ᠠ ᠶᠢ | ᠡᠵᠡᠯᠡᠬᠦ ᠦᠭᠡᠢ᠃ | ᠳᠥᠷᠪᠡ᠂ ᠲᠠᠨᠢᠯᠴᠠᠭᠤᠯᠬᠤ ᠲᠠᠰ ᠳᠠᠷᠠᠭᠠᠯᠠᠯ | ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠬᠡᠬᠤᠲᠠ ᠣᠷᠣᠨ ᠳᠤ ᠰᠠᠭᠤᠭ᠎ᠠ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ᠂ ᠳᠡᠭᠡᠳᠦ ᠰᠤᠷᠭᠠᠭᠤᠯᠢ᠂ ᠲᠣᠮᠣ ᠠᠵᠤ ᠠᠬᠤᠶᠢᠯᠠᠯ ᠤᠳ ᠨᠥᠬᠦᠴᠡᠯ ᠳᠤ | ᠨᠡᠶᠢᠴᠡᠬᠦ ᠨᠢᠭᠡᠴᠢ ᠶᠢ ᠬᠢᠨᠠᠮᠠᠭᠠᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠡᠷᠬᠡ ᠲᠡᠭᠰᠢ᠂ ᠲᠥᠪ | ᠭᠤᠣᠯᠴᠢ᠂ ᠢᠯᠡ ᠪᠠᠶᠢᠯᠭᠠᠬᠤ ᠵᠠᠷᠴᠢᠮ ᠪᠠ ᠪᠠᠲᠤᠯᠠᠨ ᠲᠠᠨᠢᠯᠴᠠᠭᠤᠯᠬᠤ ᠣᠷᠣᠨ ᠲᠤᠭ᠎ᠠ᠂ ᠭᠤᠶᠤᠴᠢᠯᠠᠨ ᠮᠡᠳᠡᠭᠦᠯᠬᠦ | ᠨᠢᠭᠡᠴᠢ ᠶᠢᠨ ᠨᠥᠬᠦᠴᠡᠯ ᠱᠠᠭᠠᠷᠳᠠᠯᠭ᠎ᠠ ᠶᠣᠰᠣᠭᠠᠷ᠂ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠰᠠᠬᠢᠵᠤ᠂ ᠲᠥᠷᠥᠯ | ᠵᠦᠢᠯ ᠤᠨ ᠵᠢᠱᠢᠭᠳᠡᠭᠴᠢ ᠨᠢᠭᠡᠴᠢ ᠶᠢ ᠬᠢᠨᠠᠨ ᠰᠢᠯᠭᠠᠷᠠᠭᠤᠯᠵᠤ ᠪᠠᠲᠤᠯᠠᠨ ᠲᠠᠨᠢᠯᠴᠠᠭᠤᠯᠵᠤ᠂ ᠢᠯᠡ ᠨᠡᠶᠢᠲᠡᠯᠡᠬᠦ ᠳᠤ | ᠣᠨᠳᠣᠣ ᠰᠠᠨᠠᠯ ᠦᠭᠡᠢ ᠪᠣᠯ 12 ᠰᠠᠷ᠎ᠠ ᠶᠢᠨ 25 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ | ᠲᠠᠪᠤ᠂ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ | ︵ᠨᠢᠭᠡ︶ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠮᠠᠲ᠋ᠧᠷᠢᠶᠠᠯ | 1. ᠲᠣᠰ ᠭᠠᠵᠠᠷ ᠣᠷᠣᠨ ︵ᠨᠢᠭᠡᠴᠢ︶ ᠤ ᠲᠠᠨᠢᠯᠴᠠᠭᠤᠯᠤᠭᠰᠠᠨ ᠮᠡᠳᠡᠭᠦᠯᠦᠯᠲᠡ᠂ ᠡᠭᠦᠨ ᠳᠤ ᠭᠤᠣᠯᠳᠠᠭᠤ᠄ | ᠬᠢᠨᠠᠨ ᠲᠣᠭᠲᠠᠭᠠᠬᠤ ᠲᠠᠰ ᠳᠠᠷᠠᠭᠠᠯᠠᠯ᠂ ᠬᠢᠨᠠᠨ ᠲᠣᠭᠲᠠᠭᠠᠬᠤ ᠠᠷᠭ᠎ᠠ᠂ ᠲᠤᠰᠬᠠᠢ ᠮᠡᠷᠭᠡᠵᠢᠯᠲᠡᠨ ᠤ ᠪᠦᠷᠢᠯᠳᠦᠬᠦᠨ ᠤ | ᠪᠠᠶᠢᠳᠠᠯ᠂ ᠢᠯᠡ ᠨᠡᠶᠢᠲᠡᠯᠡᠬᠦ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠤᠳᠤᠯᠤᠭᠰᠠᠨ ᠪᠠᠶᠢᠳᠠᠯ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠰᠠᠨᠠᠯ ᠵᠢᠴᠢ ᠭᠤᠶᠤᠴᠢᠯᠠᠨ ᠮᠡᠳᠡᠭᠦᠯᠬᠦ | ᠵᠦᠢᠯᠡᠰ ᠤᠨ ᠵᠢᠱᠢᠭᠳᠡᠭᠰᠡᠨ ᠨᠢᠭᠡᠴᠢ ᠶᠢᠨ ᠨᠡᠷᠡᠰ ︵ᠲᠠᠨᠢᠯᠴᠠᠭᠤᠯᠤᠭᠰᠠᠨ ᠲᠠᠰ ᠳᠠᠷᠠᠭᠠᠯᠠᠯ ᠢᠶᠠᠷ ᠵᠢᠭᠰᠠᠭᠠᠨ᠎ᠠ︶ | ᠪᠠᠭᠲᠠᠨ᠎ᠠ︔ | 2. ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠪᠢᠴᠢᠭ︾ ︵ᠳᠠᠭᠠᠯᠳᠤᠭᠤᠯᠤᠯ 2︶︔ | 3. ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠡᠷᠡᠭᠵᠢᠭᠦᠯᠬᠦ ᠲᠥᠰᠥᠯ︾ ︵ᠳᠠᠭᠠᠯᠳᠤᠭᠤᠯᠤᠯ 3︶︔ | 4. ︽××× ︵ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠨᠢᠭᠡᠴᠢ ᠶᠢᠨ ᠨᠡᠷᠡᠶᠢᠳᠦᠯ︶ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾︔ | 5. ︽××× ︵ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠨᠢᠭᠡᠴᠢ ᠶᠢᠨ ᠨᠡᠷᠡᠶᠢᠳᠦᠯ︶ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢ ᠬᠡᠷᠡᠭᠵᠢᠭᠦᠯᠬᠦ | ᠨᠠᠷᠢᠨ ᠳᠦᠷᠢᠮ︾︔ | 6. 2022 ︱ 2024 ᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ | ᠥᠷᠨᠢᠭᠦᠯᠦᠭᠰᠡᠨ ᠪᠠᠶᠢᠳᠠᠯ ︵ᠬᠠᠷᠢᠶ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ᠂ ᠲᠠᠮᠠᠭ᠎ᠠ ᠳᠠᠷᠤᠭᠤᠯᠬᠤ ᠴᠢᠬᠤᠯᠠᠲᠠᠢ︶︔ | 7. ᠭᠡᠷᠡᠴᠢ ᠮᠠᠲ᠋ᠧᠷᠢᠶᠠᠯ ︵ᠭᠠᠷᠴᠠᠭ ᠪᠠ ᠨᠢᠭᠤᠷ ᠤᠨ ᠨᠣᠮᠧᠷ ᠢ ᠲᠣᠳᠣᠷᠬᠠᠶᠢᠯᠠᠨ᠎ᠠ︶᠃ | ︵ᠬᠤᠶᠠᠷ︶ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠮᠠᠲ᠋ᠧᠷᠢᠶᠠᠯ | 1. ᠲᠣᠰ ᠭᠠᠵᠠᠷ ᠣᠷᠣᠨ ︵ᠨᠢᠭᠡᠴᠢ︶ ᠤ ᠲᠠᠨᠢᠯᠴᠠᠭᠤᠯᠤᠭᠰᠠᠨ ᠮᠡᠳᠡᠭᠦᠯᠦᠯᠲᠡ᠂ ᠡᠭᠦᠨ ᠳᠤ ᠭᠤᠣᠯᠳᠠᠭᠤ᠄ | ᠬᠢᠨᠠᠨ ᠲᠣᠭᠲᠠᠭᠠᠬᠤ ᠲᠠᠰ ᠳᠠᠷᠠᠭᠠᠯᠠᠯ᠂ ᠬᠢᠨᠠᠨ ᠲᠣᠭᠲᠠᠭᠠᠬᠤ ᠠᠷᠭ᠎ᠠ᠂ ᠲᠤᠰᠬᠠᠢ ᠮᠡᠷᠭᠡᠵᠢᠯᠲᠡᠨ ᠤ ᠪᠦᠷᠢᠯᠳᠦᠬᠦᠨ ᠤ | ᠪᠠᠶᠢᠳᠠᠯ᠂ ᠢᠯᠡ ᠨᠡᠶᠢᠲᠡᠯᠡᠬᠦ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠤᠳᠤᠯᠤᠭᠰᠠᠨ ᠪᠠᠶᠢᠳᠠᠯ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠰᠠᠨᠠᠯ ᠵᠢᠴᠢ ᠭᠤᠶᠤᠴᠢᠯᠠᠨ ᠮᠡᠳᠡᠭᠦᠯᠬᠦ | ᠵᠦᠢᠯᠡᠰ ᠤᠨ ᠵᠢᠱᠢᠭᠳᠡᠭᠰᠡᠨ ᠨᠢᠭᠡᠴᠢ ᠶᠢᠨ ᠨᠡᠷᠡᠰ ︵ᠲᠠᠨᠢᠯᠴᠠᠭᠤᠯᠤᠭᠰᠠᠨ ᠲᠠᠰ ᠳᠠᠷᠠᠭᠠᠯᠠᠯ ᠢᠶᠠᠷ ᠵᠢᠭᠰᠠᠭᠠᠨ᠎ᠠ︶ | ᠪᠠᠭᠲᠠᠨ᠎ᠠ︔ | 2. ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ | ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 4︶︔ | 3. ︽2025 ᠣᠨ ᠤ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠦᠯᠦᠯᠲᠡ︾᠂ ᠡᠭᠦᠨ ᠳᠤ ᠭᠤᠣᠯᠳᠠᠭᠤ᠄ | ᠭᠤᠶᠤᠴᠢᠯᠠᠨ ᠮᠡᠳᠡᠭᠦᠯᠬᠦ ᠠᠵᠢᠯ ᠤᠨ ᠲᠠᠰᠤᠭ ᠤᠨ ᠠᠵᠢᠯ ᠮᠡᠷᠭᠡᠵᠢᠯ ︵ᠠᠵᠢᠯ ᠤᠨ ᠲᠥᠷᠥᠯ︶᠂ ᠠᠵᠢᠯᠯᠠᠬᠤ | ᠲᠠᠰᠤᠭ ᠢ ᠪᠠᠶᠢᠭᠤᠯᠬᠤ ᠶᠢᠨ ᠴᠢᠬᠤᠯᠠ ᠴᠢᠨᠠᠷ ᠪᠠ ᠣᠲᠣ ᠶᠢᠨ ᠳᠠᠪᠠᠭᠤᠯᠢᠭ᠂ ᠮᠡᠷᠭᠡᠵᠢᠯ ᠴᠢᠳᠠᠪᠤᠷᠢ ᠶᠢᠨ ᠶᠡᠭᠡ | ᠮᠠᠰᠲ᠋ᠧᠷ ᠤᠨ ᠲᠣᠪᠴᠢ ᠲᠠᠨᠢᠯᠴᠠᠭᠤᠯᠭ᠎ᠠ᠂ ᠠᠵᠢᠯᠯᠠᠬᠤ ᠲᠠᠰᠤᠭ ᠤᠨ ᠲᠥᠯᠥᠪᠯᠡᠭᠰᠡᠨ ᠬᠠᠷᠠᠯᠲᠠ ᠵᠡᠷᠭᠡ ᠪᠠᠭᠲᠠᠨ᠎ᠠ︔ | 4. ︽ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠲᠦᠰᠢᠭᠯᠡᠭᠰᠡᠨ ᠠᠵᠤ | ᠠᠬᠤᠶᠢᠯᠠᠯ ᠪᠤᠶᠤ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠪᠠᠶᠢᠳᠠᠯ ᠤᠨ | ᠲᠣᠳᠣᠷᠬᠠᠶᠢᠯᠠᠯᠲᠠ︾᠂ ᠡᠭᠦᠨ ᠳᠤ᠄ ᠲᠣᠰ ᠨᠢᠭᠡᠴᠢ ᠶᠢᠨ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠪᠠᠶᠢᠳᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ | ᠵᠠᠷᠤᠳᠠᠯ ᠢ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠬᠦ᠂ ᠰᠣᠯᠢᠯᠴᠠᠬᠤ ᠵᠡᠷᠭᠡ ᠲᠠᠯ᠎ᠠ ᠳᠤ ᠬᠡᠷᠡᠭᠯᠡᠭᠰᠡᠨ | ᠭᠡᠷᠡᠴᠢᠯᠡᠬᠦ ᠮᠠᠲ᠋ᠧᠷᠢᠶᠠᠯ᠂ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠲᠤ ᠬᠠᠩᠭᠠᠵᠤ | ᠳᠡᠶᠢᠯᠬᠦ ᠪᠡᠯᠡ ᠮᠥᠩᠭᠦ ᠶᠢᠨ ᠳᠡᠮᠵᠢᠯᠭᠡ ᠵᠢᠴᠢ ᠲᠠᠯᠠᠪᠤᠷ ᠭᠠᠵᠠᠷ᠂ ᠲᠥᠬᠦᠭᠡᠷᠦᠮᠵᠢ ᠵᠡᠷᠭᠡ ᠠᠵᠢᠯ ᠤᠨ ᠨᠥᠬᠦᠴᠡᠯ ᠤᠨ | ᠪᠠᠶᠢᠳᠠᠯ ᠤᠨ ᠭᠡᠷᠡᠴᠢᠯᠡᠯ ᠵᠡᠷᠭᠡ ᠶᠢ ᠪᠠᠭᠲᠠᠭᠠᠨ᠎ᠠ︔ | 5. ᠭᠡᠷᠡᠴᠢᠯᠡᠬᠦ ᠮᠠᠲ᠋ᠧᠷᠢᠶᠠᠯ ︵ᠭᠠᠷᠴᠠᠭ ᠪᠠ ᠨᠢᠭᠤᠷ ᠤᠨ ᠨᠣᠮᠧᠷ ᠢ ᠲᠣᠳᠣᠷᠬᠠᠶᠢᠯᠠᠨ᠎ᠠ︶᠂ ᠡᠭᠦᠨ ᠳᠤ | ᠳᠠᠭᠠᠭᠤᠯᠤᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ᠂ ᠱᠠᠩᠨᠠᠯ ᠣᠯᠣᠭᠰᠠᠨ ᠦᠨᠡᠮᠯᠡᠯ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠡᠷᠭᠡ ᠶᠢᠨ ᠪᠠᠭᠤᠯᠭᠠᠪᠤᠷᠢ ᠶᠢ ᠪᠠᠭᠲᠠᠭᠠᠵᠤ᠂ ᠳᠠᠭᠠᠭᠤᠯᠤᠨ | ᠭᠦᠢᠴᠡᠳᠭᠡᠭᠴᠢ ᠶᠢᠨ ᠠᠵᠢᠯ ᠮᠡᠷᠭᠡᠵᠢᠯ ᠤᠨ ᠬᠢᠷᠢ ᠬᠡᠮ ︵ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ︶ | ᠤᠨ ᠬᠠᠮᠢᠶ᠎ᠠ ᠪᠦᠬᠦᠢ ᠦᠨᠡᠮᠯᠡᠯ ᠳᠤ ︽ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠠᠵᠢᠯ ᠤᠨ ᠰᠦᠯᠵᠢᠶ᠎ᠡ︾ ᠠᠴᠠ | ᠪᠠᠭᠤᠯᠭᠠᠭᠰᠠᠨ ᠡᠰᠬᠡᠯᠲᠡ ᠵᠢᠷᠤᠭ ᠢ ᠳᠠᠭᠠᠯᠳᠤᠭᠤᠯᠬᠤ ᠬᠡᠷᠡᠭᠲᠡᠶ᠃ | ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠲᠣᠭᠲᠠᠭᠠᠬᠤ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠲᠤᠰᠬᠠᠢ ᠮᠡᠷᠭᠡᠵᠢᠯᠲᠡᠨ ᠰᠣᠩᠭᠤᠨ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠱᠢᠭᠳᠡᠭᠴᠢ | ᠨᠢᠭᠡᠴᠢ ᠶᠢᠨ ᠮᠠᠲ᠋ᠧᠷᠢᠶᠠᠯ ᠢ ᠳᠠᠬᠢᠨ ᠬᠢᠨᠠᠵᠤ᠂ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠨᠢᠭᠡᠴᠢ ᠶᠢ ᠲᠣᠭᠲᠠᠭᠠᠵᠤ᠂ ᠨᠡᠶᠢᠭᠡᠮ ᠨᠠᠶᠢᠳᠠ ᠳᠤ ᠢᠯᠡ ᠨᠡᠶᠢᠲᠡᠯᠡᠬᠦ ᠪᠠᠷ ᠳᠡᠮᠵᠢᠨ ᠣᠨᠳᠣᠣ ᠰᠠᠨᠠᠯ | ᠦᠭᠡᠢ ᠪᠣᠯᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ 2025 ᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠡᠯᠡ ᠮᠥᠩᠭᠦ ᠶᠢ ᠪᠠᠭᠤᠯᠭᠠᠨ᠎ᠠ᠃ | ᠲᠤᠯᠤᠭ᠎ᠠ᠂ ᠪᠤᠰᠤᠳ ᠵᠦᠢᠯ | ︵ᠨᠢᠭᠡ︶ ᠡᠯ᠎ᠡ ᠠᠶᠢᠮᠠᠭ ᠬᠤᠲᠠ᠂ ᠡᠯ᠎ᠡ ᠨᠢᠭᠡᠴᠢ ᠨᠦᠭᠦᠳ ᠭᠤᠶᠤᠴᠢᠯᠠᠨ ᠮᠡᠳᠡᠭᠦᠯᠬᠦ ᠨᠢᠭᠡᠴᠢ ᠶᠢ | ᠲᠠᠨᠢᠯᠴᠠᠭᠤᠯᠬᠤ ᠳᠠᠭᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ᠂ ᠣᠷᠣᠨ ᠪᠦᠰᠡ ᠶᠢᠨ | ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠡᠷᠢᠭᠦᠨ ᠤ | ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠵᠢᠴᠢ | ᠨᠠᠶᠢᠳᠠᠨ ᠬᠥᠮᠥᠵᠢᠭᠦᠯᠬᠦ᠂ ᠰᠤᠪᠢᠯᠠᠬᠤ᠂ ᠡᠷᠡᠭᠦᠯ ᠮᠠᠨᠳᠤ ᠠᠰᠠᠷᠠᠨ ᠲᠡᠵᠢᠭᠡᠬᠦ᠂ ᠭᠡᠷ ᠤᠨ ᠶᠠᠪᠤᠳᠠᠯ ᠵᠡᠷᠭᠡ ᠠᠷᠠᠳ ᠤᠨ | ᠠᠮᠢᠳᠤᠷᠠᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠰᠠᠭᠤᠷᠢᠨ ᠭᠠᠵᠠᠷ ᠪᠠ ᠮᠡᠷᠭᠡᠵᠢᠯ ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ | ᠪᠠᠶᠢᠭᠤᠯᠬᠤ ᠶᠢ ᠤᠷᠢᠳᠠᠪᠠᠷ ᠳᠡᠮᠵᠢᠬᠦ ᠬᠡᠷᠡᠭᠲᠡᠶ᠃ | ︵ᠬᠤᠶᠠᠷ︶ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠡᠷᠡᠭᠵᠢᠭᠦᠯᠬᠦ ᠲᠥᠰᠥᠯ ᠳᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ | ᠬᠠᠷᠠᠯᠲᠠ᠂ ᠱᠠᠲᠤ ᠬᠤᠪᠢᠶᠠᠭᠰᠠᠨ ᠬᠠᠷᠠᠯᠲᠠ ᠵᠢᠴᠢ ᠠᠵᠢᠯ ᠤᠨ ᠡᠭᠦᠷᠭᠡ ᠵᠡᠷᠭᠡ ᠶᠢ ᠲᠣᠳᠣᠷᠬᠠᠶᠢᠯᠠᠵᠤ᠂ ᠲᠥᠷᠥᠯ | ᠵᠦᠢᠯ ᠤᠨ ᠬᠠᠷᠠᠯᠲᠠ ᠶᠢ ᠬᠡᠮᠵᠢᠶᠡᠵᠢᠭᠦᠯᠵᠦ ᠪᠣᠯᠬᠤ᠂ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ ᠪᠣᠯᠬᠤ᠂ | ᠲᠥᠷᠥᠯ ᠵᠦᠢᠯ ᠤᠨ ᠠᠭᠤᠯᠭ᠎ᠠ ᠶᠢ ᠪᠡᠶᠡᠯᠡᠭᠦᠯᠵᠦ ᠪᠣᠯᠬᠤ᠂ ᠲᠥᠷᠥᠯ ᠵᠦᠢᠯ ᠤᠨ ᠵᠠᠷᠤᠳᠠᠯ ᠢ ᠬᠡᠷᠡᠭᠵᠢᠭᠦᠯᠵᠦ ᠪᠣᠯᠬᠤ᠂ | ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠬᠤ ᠶᠢ ᠪᠡᠶᠡᠯᠡᠭᠦᠯᠬᠦ ᠶᠢᠨ ᠬᠠᠮᠲᠤ | ᠲᠣᠣᠷ ᠰᠦᠯᠵᠢᠶ᠎ᠡ ᠪᠠᠷ ᠬᠠᠷᠢᠭᠤ ᠮᠠᠷᠭᠤᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠤᠳᠠᠯ ᠬᠠᠭᠤᠷᠮᠠᠭ ᠢᠶᠠᠷ ᠵᠣᠬᠢᠶᠠᠭᠰᠠᠨ ᠪᠤᠶᠤ | ᠦᠨᠡᠨ ᠪᠣᠳᠠᠲᠠᠢ ᠪᠤᠰᠤ ᠪᠠᠶᠢᠳᠠᠯ ᠲᠠᠢ ᠪᠠᠶᠢᠪᠠᠯ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠢᠨᠠᠨ ᠲᠣᠭᠲᠠᠭᠠᠬᠤ | ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ 3 ᠵᠢᠯ ᠤᠨ ᠳᠣᠲᠣᠷ᠎ᠠ ᠪᠣᠯᠪᠠᠰᠤᠷᠠᠯ ᠤᠨ ᠰᠠᠭᠤᠷᠢᠨ ᠭᠠᠵᠠᠷ ᠪᠣᠯᠣᠨ | ᠮᠡᠷᠭᠡᠵᠢᠯ ᠤᠨ ᠴᠢᠳᠠᠪᠤᠷᠢ ᠶᠢᠨ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠮᠡᠳᠡᠭᠦᠯᠵᠦ ᠪᠣᠯᠬᠤ ᠦᠭᠡᠢ᠂ ᠨᠢᠭᠡᠨᠲᠡ ᠰᠠᠯᠭᠠᠨ ᠥᠭᠭᠦᠭᠰᠡᠨ ᠲᠤᠰᠠᠯᠠᠮᠵᠢ ᠶᠢᠨ ᠪᠡᠯᠡ ᠮᠥᠩᠭᠦ ᠶᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠭᠡᠭᠦᠯᠦᠨ ᠠᠪᠤᠨ᠎ᠠ᠃ | ︵ᠳᠥᠷᠪᠡ︶ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯᠡᠰ ᠨᠢ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠠᠷᠭ᠎ᠠ ︵2022 ︱ 2025 ᠣᠨ︶﹀ ᠪᠠ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠶᠡᠭᠡ ᠮᠠᠰᠲ᠋ᠧᠷ ᠤᠨ ᠠᠵᠢᠯᠯᠠᠬᠤ | ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠬᠦ ᠠᠷᠭ᠎ᠠ ︵2022 ︱ 2025 | ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ | ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2022﹈ 49 ᠳ᠋ᠦ᠋ᠭᠡᠷ ᠲᠣᠭᠠᠲᠤ︶ ᠳᠤ | ᠲᠣᠭᠲᠠᠭᠠᠭᠰᠠᠨ ᠲᠥᠷᠥᠯ ᠵᠦᠢᠯ ᠤᠨ ᠵᠠᠷᠤᠳᠠᠯ ᠤᠨ ᠬᠡᠷᠡᠭᠯᠡᠬᠦ ᠬᠡᠪᠴᠢᠶ᠎ᠡ ᠶᠢᠨ ᠱᠠᠭᠠᠷᠳᠠᠯᠭ᠎ᠠ ᠶᠣᠰᠣᠭᠠᠷ᠂ ᠲᠥᠷᠥᠯ | ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ | ᠬᠡᠷᠡᠭᠯᠡᠬᠦ᠂ ᠲᠤᠰᠠᠭᠠᠷ ᠲᠠᠩᠰᠠ ᠪᠠᠶᠢᠭᠤᠯᠬᠤ ᠶᠢ ᠬᠡᠷᠡᠭᠵᠢᠭᠦᠯᠵᠦ᠂ ᠪᠡᠯᠡ ᠮᠥᠩᠭᠦ ᠶᠢᠨ ᠠᠮᠤᠷ ᠲᠦᠪᠰᠢᠨ ᠪᠠ ᠦᠷ᠎ᠡ | ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ | ︵ᠲᠠᠪᠤ︶ ᠡᠯ᠎ᠡ ᠲᠠᠨᠢᠯᠴᠠᠭᠤᠯᠬᠤ ᠨᠢᠭᠡᠴᠢ ᠨᠢ ᠲᠤᠰᠬᠠᠢ ᠬᠥᠮᠥᠨ ᠵᠢᠭᠠᠨ ᠲᠣᠭᠲᠠᠭᠠᠵᠤ ᠲᠣᠰ ᠭᠠᠵᠠᠷ | ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠡᠮᠬᠢᠯᠡᠬᠦ ᠶᠢ | ᠬᠠᠷᠢᠭᠤᠴᠠᠭᠤᠯᠬᠤ ᠶᠢᠨ ᠬᠠᠮᠲᠤ ᠭᠤᠶᠤᠴᠢᠯᠠᠨ ᠮᠡᠳᠡᠭᠦᠯᠦᠭᠰᠡᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ ︵ | ᠳᠠᠭᠠᠯᠳᠤᠭᠤᠯᠤᠯ 5᠂ ᠳᠠᠭᠠᠯᠳᠤᠭᠤᠯᠤᠯ 6︶ ᠶᠢ ᠲᠠᠭᠯᠠᠵᠤ᠂ ᠱᠠᠭᠠᠷᠳᠠᠯᠭ᠎ᠠ ᠶᠣᠰᠣᠭᠠᠷ ᠨᠢᠭᠡᠳᠦᠯᠲᠡᠢ ᠭᠤᠶᠤᠴᠢᠯᠠᠨ | ᠮᠡᠳᠡᠭᠦᠯᠦᠨ ᠬᠦᠷᠭᠡᠬᠦ ᠬᠡᠷᠡᠭᠲᠡᠶ᠂ ᠴᠠᠭᠠᠰᠤᠨ ᠮᠠᠲ᠋ᠧᠷᠢᠶᠠᠯ ︵ᠲᠣᠰ ᠪᠦᠷᠢ ᠨᠢᠭᠡ ᠬᠡᠯᠪᠡᠷᠢ ᠶᠢᠨ ᠳᠥᠷᠪᠡᠨ ᠬᠤᠪᠢ︶ ᠢ | ᠰᠢᠤᠳᠠᠨ ᠤ ᠲᠤᠰᠬᠠᠢ ᠳᠠᠮᠵᠢᠭᠤᠯᠭ᠎ᠠ ᠶᠢᠨ EMS ᠢᠶᠠᠷ ᠢᠯᠡᠭᠡᠵᠦ᠂ ᠡᠯᠧᠺᠲᠷᠣᠨ ᠡᠬᠡ ᠪᠢᠴᠢᠭ ᠢ | nmgrstzjc@163.com ᠢᠮᠧᠯ ᠳᠤ ᠶᠠᠪᠤᠭᠤᠯᠤᠭᠠᠷᠠᠢ᠃ ᠡᠯ᠎ᠡ ᠲᠠᠨᠢᠯᠴᠠᠭᠤᠯᠬᠤ ᠨᠢᠭᠡᠴᠢ ᠨᠦᠭᠦᠳ | ᠬᠠᠷᠢᠯᠴᠠᠬᠤ ᠬᠥᠮᠥᠨ ᠤ ᠨᠡᠷᠡᠰ ᠪᠣᠯᠣᠨ ᠬᠠᠷᠢᠯᠴᠠᠬᠤ ᠤᠲᠠᠰᠤ ᠪᠠᠨ 11 ᠰᠠᠷ᠎ᠠ ᠶᠢᠨ 30 ᠤ ᠡᠳᠦᠷ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠭᠠᠵᠠᠷ ᠲᠤ ᠮᠡᠳᠡᠭᠦᠯᠬᠦ ᠬᠡᠷᠡᠭᠲᠡᠢ᠃ | ︵ᠵᠢᠷᠭᠤᠭ᠎ᠠ︶ ᠲᠣᠰ ᠮᠡᠳᠡᠭᠳᠡᠯ ᠤᠨ ᠳᠠᠭᠠᠯᠳᠤᠭᠤᠯᠤᠯ ᠢ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵https: | //rst.nmg.gov.cn︶ ᠠᠴᠠ ᠪᠠᠭᠤᠯᠭᠠᠨ ᠠᠪᠤᠭᠠᠷᠠᠢ᠃ | ︵ᠲᠤᠯᠤᠭ᠎ᠠ︶ ᠬᠠᠷᠢᠯᠴᠠᠬᠤ ᠬᠥᠮᠥᠨ ᠵᠢᠴᠢ ᠬᠠᠷᠢᠯᠴᠠᠬᠤ ᠤᠲᠠᠰᠤ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠬᠠᠷᠢᠯᠴᠠᠬᠤ ᠬᠥᠮᠥᠨ᠄ ᠭᠥᠸᠧ ᠬᠤᠢ ᠵᠢᠤᠸᠠᠨ | ᠤᠲᠠᠰᠤ᠄ ︵0471︶ 6945102 | ᠢᠮᠧᠯ᠄ nmgrstzjc@163.com | ᠰᠢᠤᠳᠠᠨ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 6 ᠳ᠋ᠤᠭᠠᠷ | ᠠᠰᠠᠷ ᠤᠨ 316 ᠳ᠋ᠤᠭᠠᠷ ᠥᠷᠥᠭᠡ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ ᠭᠠᠵᠠᠷ | ᠬᠠᠷᠢᠯᠴᠠᠬᠤ ᠬᠥᠮᠥᠨ᠄ ᠷᠧᠨ ᠰᠢᠤᠸᠠᠢ ᠵᠦ | ᠤᠲᠠᠰᠤ᠄ ︵0471︶ 4192214 | ᠳᠠᠭᠠᠯᠳᠤᠭᠤᠯᠤᠯ᠄ 1. ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ | 2. 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠪᠢᠴᠢᠭ | 3. 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠡᠷᠡᠭᠵᠢᠭᠦᠯᠬᠦ ᠲᠥᠰᠥᠯ | 4. 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ | ᠴᠢᠳᠠᠪᠤᠷᠢ ᠶᠢᠨ ᠶᠡᠭᠡ ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠬᠦᠰᠦᠨᠦᠭᠲᠦ | 5. 2025 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ | ᠮᠡᠳᠡᠭᠦᠯᠦᠭᠰᠡᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ | 6. 2025 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠴᠢᠳᠠᠪᠤᠷᠢ ᠶᠢᠨ ᠶᠡᠭᠡ | ᠮᠠᠰᠲ᠋ᠧᠷ ᠤᠨ ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ | ᠮᠡᠳᠡᠭᠦᠯᠦᠭᠰᠡᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ | 2024 ᠣᠨ ᠤ 11 ᠰᠠᠷ᠎ᠠ ᠶᠢᠨ 7 ᠤ ᠡᠳᠦᠷ | | |